| | | ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠥᠨᠢᠷ | | | | | ᠬᠥᠲᠥᠯᠥᠭᠴᠢ᠄ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︖ ᠡᠨᠡ ᠪᠣᠯ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠪᠣᠯᠣᠨ᠎ᠠ᠃ ᠥᠨᠥᠳᠥᠷ ᠪᠢᠳᠡ ᠦᠦᠰᠢᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠥᠨᠢᠷ ᠢ ᠤᠷᠢᠭᠰᠠᠨ ᠪᠠᠶᠢᠨ᠎ᠠ᠂ ᠲᠠ ᠰᠠᠶᠢᠨ ᠤᠤ︖ | ᠥᠨᠢᠷ᠄ ᠬᠥᠲᠥᠯᠥᠭᠴᠢ ᠰᠠᠶᠢᠨ ᠤᠤ᠂ ᠥᠷᠭᠡᠨ ᠣᠯᠠᠨ ᠦᠵᠡᠭᠴᠢᠳ ᠰᠠᠶᠢᠨ ᠤᠤ᠂ ᠠᠳᠡ ᠣᠯᠠᠨ ᠲᠠᠢ ᠰᠠᠨᠠᠯ ᠢᠶᠠᠨ ᠰᠣᠯᠢᠯᠴᠠᠬᠤ ᠪᠤᠯᠤᠭᠰᠠᠨ ᠳᠠᠭᠠᠨ | ᠮᠠᠰᠢ ᠪᠠᠶᠠᠷᠲᠠᠢ ᠪᠠᠶᠢᠨ᠎ᠠ᠃ | ᠬᠥᠲᠥᠯᠥᠭᠴᠢ᠄ ᠲᠤᠤᠷ᠎ᠠ ᠦᠨᠢᠷ ᠲᠣᠪᠴᠢᠶᠠᠨ ᠳᠠᠷᠤᠭ᠎ᠠ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠬᠤᠰᠢᠭᠤᠨ ᠤ ᠣᠶ | ᠰᠢᠭᠤᠢ ᠶᠢ ᠡᠪᠳᠡᠵᠦ ᠠᠲᠠᠷ ᠬᠠᠭᠠᠯᠪᠤᠷᠢᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠬᠠᠢ ᠣᠪᠣᠷ ᠢᠶᠠᠨ ᠶᠠᠷᠢᠨ᠎ᠠ ᠤᠤ︖ | | ᠥᠨᠢᠷ᠄ ᠪᠣᠯᠣᠨ᠎ᠠ᠂ ᠬᠥᠲᠥᠯᠥᠭᠴᠢ ᠠ᠋᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠶᠢᠨ ᠲᠦᠯᠦᠬᠡ ᠦᠦᠰᠢᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠣᠶᠢᠲᠤ ᠭᠠᠵᠠᠷ᠂ ᠲᠠᠯ᠎ᠠ ᠨᠤᠲᠤᠭ ᠤᠨ ᠠᠮᠢ ᠠᠬᠤᠢ ᠶᠢᠨ | ᠠᠮᠤᠷ ᠲᠦᠪᠰᠢᠨ ᠢ ᠪᠠᠲᠤᠯᠠᠨ ᠠᠵᠤ ᠠᠬᠤᠢ ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠡᠢ᠃ | ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠤᠯᠢ ᠲᠣᠭᠲᠠᠭᠠᠯ ᠠᠴᠠ ᠵᠥᠷᠢᠴᠡᠨ ᠤᠶᠢᠲᠤ ᠭᠠᠵᠠᠷ᠂ ᠨᠤᠲᠤᠭ | ᠪᠡᠯᠴᠢᠭᠡᠷ ᠢ ᠡᠪᠳᠡᠭᠰᠡᠨ ᠨᠡᠶᠢᠲᠡᠯᠢᠭ ᠬᠡᠷᠡᠭ ᠢ ᠪᠦᠯᠦᠭ ᠤᠳᠠᠭ᠎ᠠ ᠬᠤᠪᠢᠶᠠᠨ ᠨᠡᠶᠢᠭᠡᠮ ᠨᠡᠶᠢᠲᠡ ᠳᠤ ᠢᠯᠡ ᠪᠠᠷ ᠵᠠᠷᠯᠠᠨ ᠮᠡᠳᠡᠭᠳᠡᠬᠦ ᠪᠠᠷ ᠲᠣᠭᠲᠠᠪᠠ᠃ ᠬᠡᠷᠡᠭ ᠢᠶᠠᠷ | ᠰᠡᠷᠡᠮᠵᠢ ᠶᠢᠨ ᠳᠣᠬᠢᠶ᠎ᠠ ᠪᠤᠯᠭᠠᠵᠤ᠂ ᠬᠡᠷᠡᠭ ᠢᠶᠠᠷ ᠬᠠᠤᠯᠢ ᠶᠢ ᠶᠠᠷᠢᠵᠤ᠂ ᠨᠡᠶᠢᠲᠡᠯᠢᠭ ᠬᠡᠷᠡᠭ ᠢᠶᠠᠷ ᠯᠠᠪᠯᠠᠯᠲᠠ ᠪᠣᠯᠭᠠᠵᠤ᠂ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠵᠦ᠂ ︽ᠠᠮᠢ ᠠᠬᠤᠢ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠪᠠ ᠵᠠᠯᠬᠠᠭᠠᠨ ᠰᠢᠳᠬᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠦᠷ᠎ᠡ ᠤᠷᠰᠢᠭ ᠢ | ᠨᠢ ᠴᠢᠩᠭ᠎ᠠ ᠰᠢᠳᠬᠡᠬᠦ ᠰᠡᠳᠬᠢᠴᠡ ᠪᠠᠷ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠡᠯ᠎ᠡ ᠵᠦᠢᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ | ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠤᠢ ᠰᠢᠭᠤᠢ ᠨᠤᠲᠤᠭ | ᠪᠡᠯᠴᠢᠭᠡᠷ ᠢ ᠦᠨᠡᠨ ᠬᠦ ᠰᠠᠶᠢᠲᠤᠷ ᠬᠠᠮᠠᠭᠠᠯᠠᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠨ᠎ᠠ᠃ | ᠬᠥᠲᠥᠯᠥᠭᠴᠢ᠄ ᠲᠤᠤᠷ᠎ᠠ ᠡᠨᠡ ᠵᠢᠯ ᠠᠴᠠ ᠨᠠᠰᠢᠬᠢ ᠬᠠᠤᠯᠢ ᠪᠤᠰᠤ ᠪᠠᠷ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠪᠠᠶᠢᠳᠠᠯ ᠳᠤ | ᠵᠠᠳᠠᠯᠤᠯᠲᠠ ᠬᠢᠵᠦ ᠲᠠᠨᠢᠯᠴᠠᠭᠤᠯᠤᠨ᠎ᠠ ᠤᠤ︖ | ᠥᠨᠢᠷ᠄ ᠪᠣᠯᠣᠨ᠎ᠠ᠂ ᠬᠥᠲᠥᠯᠥᠭᠴᠢ ᠠ᠋᠃ ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤᠨ ᠤ ᠮᠠᠯᠴᠢᠨ | ᠲᠠᠷᠢᠶᠠᠴᠢᠳ ᠤᠨ ᠬᠠᠤᠯᠢ ᠪᠤᠰᠤ ᠪᠠᠷ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠠᠵᠢᠯᠯᠠᠭ᠎ᠠ ᠤᠯᠠᠮ ᠠᠴᠠ ᠤᠯᠠᠮ ᠬᠦᠨᠳᠦ ᠨᠣᠴᠢᠲᠠᠢ᠂ | ᠥᠷᠭᠡᠵᠢᠬᠦ ᠬᠠᠨᠳᠤᠰᠢ ᠲᠠᠢ ᠪᠣᠯᠵᠤ᠂ ᠮᠠᠨ ᠤ ᠬᠤᠰᠢᠭᠤ ᠠᠮᠢ ᠠᠬᠤᠢ ᠶᠢᠨ ᠬᠠᠮᠠᠭᠠᠯᠠᠯᠲᠠ ᠶᠢᠨ ᠯᠤᠲᠤ ᠶᠡᠭᠡ ᠳᠠᠷᠤᠯᠲᠠ ᠳᠤ ᠲᠤᠯᠭᠠᠷᠠᠵᠤ᠂ ᠡᠭᠦᠨ ᠠᠴᠠ | ᠪᠣᠯᠤᠭᠰᠠᠨ ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠴᠦ ᠮᠠᠰᠢ ᠲᠦᠷᠭᠡᠨ ᠢᠶᠠᠷ ᠬᠤᠷᠠᠮᠳᠤᠵᠤ ᠪᠠᠶᠢᠨ᠎ᠠ᠃ ᠢᠯᠠᠩᠭᠤᠶ᠎ᠠ 3 ᠳ᠋ᠤᠭᠠᠷ ᠰᠠᠷ᠎ᠠ ᠠᠴᠠ ᠨᠠᠰᠢ᠂ | ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠲᠤᠭ᠎ᠠ ᠬᠡᠮᠵᠢᠶ᠎ᠡ ᠦᠳᠲᠡᠷ ᠲᠦᠷᠭᠡᠨ ᠢᠶᠠᠷ ᠨᠡᠮᠡᠭᠳᠡᠵᠦ ᠪᠠᠷᠠᠭᠤᠨ ᠬᠡᠰᠡᠭ ᠠᠴᠠ ᠵᠡᠭᠦᠨ ᠬᠡᠰᠡᠭ | ᠬᠦᠷᠲᠡᠯ᠎ᠡ᠂ ᠲᠠᠷᠢᠶᠠᠯᠠᠬᠤ ᠣᠷᠣᠨ ᠠᠴᠠ ᠮᠠᠯᠵᠢᠬᠤ ᠣᠷᠣᠨ ᠬᠦᠷᠲᠡᠯ᠎ᠡ ᠴᠥᠮ ᠬᠠᠤᠯᠢ ᠶᠢ ᠵᠥᠷᠢᠴᠡᠨ ᠠᠲᠠᠷ ᠬᠠᠭᠠᠯᠪᠤᠷᠢᠯᠠᠬᠤ ᠠᠵᠢᠯᠯᠠᠭ᠎ᠠ ᠤᠷᠤᠰᠢᠵᠤ | ᠴᠠᠭᠠᠵᠠᠯᠠᠭᠰᠠᠨ ᠴᠤ ᠲᠤᠰᠠ ᠦᠬᠡᠢ ᠪᠠᠶᠢᠵᠤ᠂ ᠲᠠᠯᠠᠪᠠᠢ ᠨᠢ ᠬᠡᠳᠦᠨ ᠠᠷᠪᠠᠨ ᠮᠦ ᠠᠴᠠ ᠵᠠᠭᠤ ᠭᠠᠷᠤᠢ ᠮᠦ ᠪᠣᠯᠵᠤ᠂ ᠬᠡᠰᠡᠭ ᠭᠠᠵᠠᠷ ᠣᠷᠣᠨ ᠳᠤ | ᠵᠠᠯᠭᠠᠯᠳᠤᠭᠠᠪᠠᠷ ᠬᠠᠭᠠᠯᠪᠤᠷᠢᠯᠠᠵᠤ᠂ ᠤᠢ ᠰᠢᠭᠤᠢ ᠡᠪᠡᠰᠦ ᠪᠡᠯᠴᠢᠭᠡᠷ ᠢ ᠶᠡᠭᠡ ᠬᠡᠪᠴᠢᠶ᠎ᠡ ᠪᠠᠷ ᠰᠦᠢᠳᠬᠡᠨ᠂ ᠬᠠᠤᠯᠢ ᠶᠢ ᠵᠥᠷᠢᠴᠡᠭᠰᠡᠨ ᠪᠠᠶᠢᠳᠠᠯ ᠨᠢ ᠬᠥᠮᠥᠨ ᠢ | ᠰᠣᠴᠢᠭᠠᠮ᠎ᠠ ᠬᠡᠮᠵᠢᠶᠡᠨ ᠳᠤ ᠬᠦᠷᠴᠦ᠂ ᠴᠢᠨᠠᠭᠰᠢᠯᠠᠪᠠᠯ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠬᠡᠮᠵᠢᠶᠡᠨ ᠳᠤ ᠬᠦᠷᠴᠦ᠂ ᠺᠠᠳ᠋ᠷ ᠪᠠ ᠬᠠᠤᠯᠢ ᠬᠡᠷᠡᠭᠵᠢᠭᠦᠯᠬᠦ | ᠠᠵᠢᠯᠲᠠᠨ ᠤ ᠢᠳᠬᠠᠨ ᠬᠤᠷᠢᠭᠯᠠᠬᠤ ᠶᠢ ᠰᠣᠨᠣᠰᠬᠤ ᠦᠭᠡᠢ ᠪᠠᠶᠢᠨ᠎ᠠ︔ ᠪᠠᠰᠠ ᠨᠢᠭᠡ ᠪᠦᠯᠦᠭ ᠭᠠᠳᠠᠷ ᠮᠤᠵᠢ ᠳᠤ ᠨᠤᠲᠤᠭ ᠲᠠᠢ ᠬᠥᠮᠥᠰ ᠮᠠᠨ ᠤ | ᠬᠤᠰᠢᠭᠤᠨ ᠳᠤ ᠶᠡᠭᠡ ᠬᠡᠪᠴᠢᠶ᠎ᠡ ᠪᠠᠷ ᠬᠠᠤᠯᠢ ᠪᠤᠰᠤ ᠪᠠᠷ ᠭᠠᠵᠠᠷ ᠰᠢᠷᠣᠢ ᠬᠠᠭᠠᠯᠪᠤᠷᠢᠯᠠᠵᠤ ᠪᠠᠶᠢᠨ᠎ᠠ᠃ ᠡᠨᠡ ᠵᠢᠯ ᠠᠴᠠ ᠨᠠᠰᠢ᠂ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠤᠯᠢ ᠪᠤᠰᠤ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ 46 ᠬᠡᠷᠡᠭ ᠢ ᠳᠠᠩᠰᠠᠯᠠᠵᠤ | ᠬᠤᠯᠪᠤᠭᠳᠠᠭᠰᠠᠨ ᠲᠠᠯᠠᠪᠠᠢ ᠨᠢ ᠮᠢᠩᠭ᠎ᠠ ᠭᠠᠷᠤᠢ ᠮᠦ ᠪᠤᠯᠤᠭᠰᠠᠨ ᠪᠠᠶᠢᠨ᠎ᠠ᠃ ᠰᠢᠢᠳᠪᠦᠷᠢᠯᠡᠭᠰᠡᠨ ᠬᠡᠷᠡᠭ ᠤᠨ ᠪᠠᠶᠢᠳᠠᠯ ᠠᠴᠠ ᠦᠵᠡᠪᠡᠯ᠂ ᠶᠡᠭᠡ ᠬᠡᠪᠴᠢᠶ᠎ᠡ ᠪᠠᠷ | ᠬᠠᠤᠯᠢ ᠪᠤᠰᠤ ᠪᠠᠷ ᠭᠠᠵᠠᠷ ᠬᠠᠭᠠᠯᠪᠤᠷᠢᠯᠠᠬᠤ ᠭᠤᠣᠯ ᠰᠢᠯᠲᠠᠭᠠᠨ ᠨᠢ ᠳᠣᠣᠷᠠᠬᠢ ᠮᠡᠲᠦ᠄ ᠨᠢᠭᠡ ᠳᠤ᠂ ᠠᠵᠤ ᠠᠬᠤᠢ ᠶᠢᠨ ᠠᠰᠢᠭ ᠲᠤᠰᠠ ᠪᠠᠷ ᠬᠥᠳᠡᠯᠭᠡᠭᠦᠷ | ᠪᠤᠯᠭᠠᠵᠠᠢ᠂ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠳᠠᠭᠠᠭᠠᠴᠢᠯᠠᠭᠴᠢ ᠲᠥᠮᠥᠰᠥ᠂ ᠡᠷᠳᠡᠨᠢ ᠰᠢᠰᠢ ᠵᠡᠷᠭᠡ ᠠᠵᠤ ᠠᠬᠤᠢ ᠶᠢᠨ ᠲᠠᠷᠢᠮᠠᠯ ᠳᠠᠷᠢᠵᠤ᠂ | ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠦᠨ᠎ᠡ ᠶᠡᠭᠡ ᠪᠠᠷ ᠥᠰᠴᠦ ︵ᠮᠦ ᠪᠦᠷᠢ ᠨᠢ ᠵᠢᠯ ᠪᠦᠷᠢ 1000 ︱ 1800 ᠲᠥᠭᠦᠷᠢᠭ ᠬᠦᠷᠴᠦ ᠪᠤᠢ︶᠂ | ᠠᠲᠠᠷ ᠬᠠᠭᠠᠯᠪᠤᠷᠢᠯᠠᠬᠤ ᠳᠤ ᠮᠦ ᠪᠦᠷᠢ ᠶᠢᠨ ᠭᠠᠵᠠᠷ ᠰᠢᠷᠣᠢ ᠶᠢᠨ ᠥᠪᠡᠷ ᠤᠨ ᠥᠷᠲᠡᠭ ᠨᠢ ᠵᠥᠪᠬᠡᠨ 1000 ᠲᠥᠭᠦᠷᠢᠭ ᠬᠦᠷᠬᠦ ᠦᠭᠡᠢ ᠪᠣᠯᠪᠠᠴᠤ ᠨᠡᠭᠡᠭᠡᠨ | ᠠᠰᠢᠭᠯᠠᠵᠤ ᠭᠠᠷᠭᠠᠭᠰᠠᠨ ᠮᠦ ᠪᠦᠷᠢ ᠶᠢᠨ ᠤᠰᠤᠯᠠᠯᠲᠠ ᠶᠢᠨ ᠭᠠᠵᠠᠷ ᠤᠨ ᠵᠠᠬ᠎ᠠ ᠳᠡᠯᠭᠡᠭᠦᠷ ᠤᠨ ᠥᠷᠲᠡᠭ ᠨᠢ ᠬᠡᠳᠦᠨ ᠮᠢᠩᠭ᠎ᠠ ᠴᠢᠨᠠᠭᠰᠢᠯᠠᠪᠠᠯ ᠲᠦᠮᠡ ᠭᠠᠷᠤᠢ | ᠲᠥᠭᠦᠷᠢᠭ ᠲᠤ ᠬᠦᠷᠴᠦ᠂ ᠥᠷᠲᠡᠭ ᠨᠢ ᠬᠡᠳᠦᠨ ᠳᠠᠬᠢᠨ ᠴᠢᠨᠠᠭᠰᠢᠯᠠᠪᠠᠯ ᠠᠷᠪᠠᠨ ᠳᠠᠬᠢᠨ ᠢᠶᠠᠷ ᠨᠡᠮᠡᠭᠳᠡᠵᠦ᠂ ᠴᠥᠭᠡᠨ ᠪᠤᠰᠤ ᠮᠠᠯᠴᠢᠨ ᠲᠠᠷᠢᠶᠠᠴᠢᠨ | ᠡᠭᠦᠨ ᠠᠴᠠ ᠪᠣᠯᠵᠤ ᠠᠶᠤᠯ ᠲᠦᠭᠰᠢᠭᠦᠷᠢ ᠶᠢ ᠰᠥᠷᠴᠦ ᠬᠠᠤᠯᠢ ᠶᠢ ᠵᠥᠷᠢᠴᠡᠨ ᠠᠲᠠᠷ ᠬᠠᠭᠠᠯᠪᠤᠷᠢᠯᠠᠵᠤ ᠰᠢᠨ᠎ᠡ ᠪᠠᠷ ᠭᠠᠵᠠᠷ ᠨᠡᠮᠡᠵᠤ ᠪᠠᠶᠢᠨ᠎ᠠ᠃ ᠬᠤᠶᠠᠷ ᠲᠤ᠂ | ᠬᠡᠰᠡᠭ ᠬᠠᠮᠲᠤ ᠶᠢᠨ ᠴᠢᠨᠠᠷᠲᠠᠢ ᠠᠲᠠᠷ ᠬᠠᠭᠠᠯᠪᠤᠷᠢᠯᠠᠯᠲᠠ᠂ ᠶᠡᠭᠡ ᠬᠡᠪᠴᠢᠶ᠎ᠡ ᠪᠠᠷ ᠠᠲᠠᠷ ᠬᠠᠭᠠᠯᠪᠤᠷᠢᠯᠠᠯᠲᠠ ᠬᠢᠭᠰᠡᠨ ᠠᠵᠢᠯᠯᠠᠭ᠎ᠠ ᠨᠢ ᠡᠷᠬᠢᠨ ᠲᠣᠭᠤᠷᠢᠨ ᠤ | ᠮᠠᠯᠴᠢᠨ ᠲᠠᠷᠢᠶᠠᠴᠢᠨ ᠡᠷᠦᠬᠡ ᠳᠤ ᠮᠠᠭᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠤ᠂ ᠬᠠᠤᠯᠢ ᠴᠠᠭᠠᠵᠠ ᠶᠢ ᠰᠠᠬᠢᠵᠤ ᠪᠠᠶᠢᠭᠰᠠᠨ ᠴᠥᠭᠡᠨ ᠪᠤᠰᠤ ᠮᠠᠯᠴᠢᠨ | ᠲᠠᠷᠢᠶᠠᠴᠢᠨ ᠴᠤ ᠰᠠᠯᠬᠢᠨ ᠤ ᠠᠶ᠎ᠠ ᠪᠠᠷ ᠠᠲᠠᠷ ᠬᠠᠭᠠᠯᠪᠤᠷᠢᠯᠠᠯᠲᠠ ᠬᠢᠵᠦ᠂ ᠴᠢᠨᠠᠭᠰᠢᠯᠠᠪᠠᠯ ︽ᠬᠠᠤᠯᠢ ᠶᠢ ᠵᠥᠷᠢᠴᠡᠭᠰᠡᠨ ᠨᠢ ᠶᠣᠰᠣ ᠲᠠᠢ︾ ᠪᠣᠯᠤᠭᠰᠠᠨ ᠪᠠᠶᠢᠨ᠎ᠠ | ᠃ | ᠬᠥᠲᠥᠯᠥᠭᠴᠢ᠄ ᠲᠠ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ︵ᠬᠠᠭᠠᠯᠪᠤᠷᠢᠯᠠᠭᠰᠠᠨ︶ ᠬᠡᠷᠡᠭ ᠲᠤ ᠶᠠᠮᠠᠷ | ᠶᠠᠮᠠᠷ ᠬᠠᠤᠯᠢ ᠴᠠᠭᠠᠵᠠ ᠬᠠᠤᠯᠢ ᠲᠣᠭᠲᠠᠭᠠᠯ ᠪᠠᠶᠢᠳᠠᠭ ᠢ ᠲᠠᠨᠢᠯᠴᠠᠭᠤᠯᠵᠤ ᠦᠭᠬᠦᠨ᠎ᠡ ᠤᠤ︖ | ᠥᠨᠢᠷ᠄ ᠪᠣᠯᠣᠨ᠎ᠠ᠂ ᠬᠥᠲᠥᠯᠥᠭᠴᠢ ᠠ᠋᠃ ᠬᠡᠷᠡᠭᠯᠡᠵᠤ ᠳᠤᠬᠢᠷᠠᠬᠤ ᠬᠠᠤᠯᠢ ᠴᠠᠭᠠᠵᠠ ᠬᠠᠤᠯᠢ ᠲᠣᠭᠲᠠᠭᠠᠯ ᠳᠤ ᠳᠣᠣᠷᠠᠬᠢ ᠮᠡᠲᠦ ᠬᠡᠳᠦᠨ ᠵᠦᠢᠯ ᠪᠤᠢ᠄ | ︵ᠨᠢᠭᠡ︶ ᠬᠠᠤᠯᠢ ᠪᠤᠰᠤ ᠪᠠᠷ ᠤᠶᠢᠲᠤ ᠭᠠᠵᠠᠷ ᠢ ᠡᠵᠡᠯᠡᠨ ᠬᠡᠷᠡᠭᠯᠡᠬᠦ᠃ ᠡᠵᠡᠯᠡᠨ ᠬᠡᠷᠡᠭᠯᠡᠭᠰᠡᠨ ᠣᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ᠂ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠣᠶᠢᠲᠤ ᠭᠠᠵᠠᠷ ᠳᠡᠭᠡᠷ᠎ᠡ ᠵᠤᠭᠤᠷᠢ ᠮᠠᠯᠳᠠᠬᠤ᠂ ᠬᠡᠬᠦᠷ ᠤᠩᠭᠤᠨ ᠪᠤᠰᠬᠠᠬᠤ᠂ ᠭᠡᠷ ᠪᠠᠷᠢᠬᠤ᠂ ᠡᠯᠡᠰᠦ ᠮᠠᠯᠲᠠᠬᠤ᠂ | ᠴᠢᠯᠠᠭᠤ ᠮᠠᠯᠲᠠᠬᠤ᠂ ᠠᠭᠤᠷᠬᠠᠢ ᠮᠠᠯᠲᠠᠬᠤ᠂ ᠰᠢᠷᠣᠢ ᠠᠪᠬᠤ᠂ ᠲᠠᠷᠢᠮᠠᠯ ᠲᠠᠷᠢᠬᠤ᠂ ᠬᠠᠶᠠᠭᠳᠠᠮᠠᠯ ᠪᠣᠳᠠᠰ ᠢ ᠣᠪᠣᠭᠠᠯᠠᠨ ᠲᠠᠯᠪᠢᠬᠤ ᠪᠤᠶᠤ ᠢᠯᠭᠠᠨ ᠭᠠᠷᠭᠠᠬᠤ | ᠵᠡᠷᠭᠡ ᠦᠢᠯᠡ ᠠᠵᠢᠯᠯᠠᠭ᠎ᠠ ᠶᠢ ᠬᠢᠬᠦ ᠪᠤᠶᠤ ᠪᠤᠰᠤᠳ ᠤᠢ ᠰᠢᠭᠤᠢ ᠶᠢᠨ ᠪᠤᠰᠤ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ ᠬᠢᠵᠤ ᠣᠶᠢᠲᠤ ᠭᠠᠵᠠᠷ ᠤᠨ | ᠤᠤᠯ ᠤᠨ ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ ᠲᠠᠷᠢᠮᠠᠯ ᠤᠨ ᠨᠥᠬᠦᠴᠡᠯ ᠢ ᠬᠦᠨᠳᠦ ᠨᠣᠴᠢᠲᠠᠢ ᠡᠪᠳᠡᠭᠰᠡᠨ ᠪᠤᠶᠤ ᠬᠦᠨᠳᠦ ᠨᠣᠴᠢᠲᠠᠢ | ᠪᠣᠬᠢᠷᠲᠤᠭᠤᠯᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ | ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠤᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ | ᠲᠠᠪᠤᠨ ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | ᠰᠢᠳᠬᠡᠬᠦ ᠪᠤᠶᠤ ᠲᠠᠩ ᠢᠶᠠᠷ ᠰᠢᠳᠬᠡᠨ᠎ᠡ᠄ | ⒈ᠬᠠᠮᠠᠭᠠᠯᠠᠯᠲᠠ ᠶᠢᠨ ᠣᠶᠢᠲᠤ ᠭᠠᠵᠠᠷ᠂ ᠣᠨᠴᠠ ᠬᠡᠷᠡᠭᠴᠡᠭᠡᠨ ᠤ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ | ᠲᠤᠭ᠎ᠠ ᠬᠡᠮᠵᠢᠶ᠎ᠡ ᠨᠢ ᠲᠤᠰ ᠲᠤᠰ ᠪᠤᠶᠤ ᠨᠡᠶᠢᠯᠡᠭᠡᠳ ᠲᠠᠪᠤᠨ ᠮᠤ᠋ ᠠᠴᠠ ᠳᠡᠭᠡᠭᠰᠢ ᠪᠠᠶᠢᠬᠤ︔⒉ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ | ᠰᠦᠢᠳᠬᠡᠭᠰᠡᠨ ᠪᠤᠰᠤᠳ ᠤᠶᠢᠲᠤ ᠭᠠᠵᠠᠷ ᠤᠨ ᠲᠤᠭ᠎ᠠ ᠬᠡᠮᠵᠢᠶ᠎ᠡ ᠨᠢ ᠠᠷᠪᠠᠨ ᠮᠤ᠋ ᠠᠴᠠ ᠳᠡᠭᠡᠭᠰᠢ ᠪᠠᠶᠢᠬᠤ︔ ⒊ᠲᠤᠰ ᠵᠦᠢᠯ ᠤᠨ ᠨᠢᠭᠡᠳᠦᠭᠡᠷ ᠵᠤᠷᠪᠤᠰ᠂ | ᠬᠤᠶᠠᠳᠤᠭᠠᠷ ᠵᠤᠷᠪᠤᠰ ᠲᠤ ᠲᠣᠭᠲᠠᠭᠠᠭᠰᠠᠨ ᠤᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ ᠰᠦᠢᠳᠬᠡᠭᠰᠡᠨ ᠲᠤᠭ᠎ᠠ ᠬᠡᠮᠵᠢᠶ᠎ᠡ | ᠨᠢ ᠲᠤᠰ ᠲᠤᠰ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠶᠢᠨ ᠵᠠᠭᠤᠨ ᠤ ᠲᠠᠪᠢ ᠠᠴᠠ ᠳᠡᠭᠡᠭᠰᠢ ᠬᠦᠷᠬᠦ︔⒋ᠲᠤᠰ ᠵᠦᠢᠯ ᠤᠨ | ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠤᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠥᠭᠡᠳ ᠡᠪᠳᠡᠵᠦ | ᠰᠦᠢᠳᠬᠡᠭᠰᠡᠨ ᠪᠠᠶᠢᠪᠠᠯ᠂ ᠲᠡᠭᠦᠨ ᠤ ᠳᠣᠲᠣᠷᠠᠬᠢ ᠨᠢᠭᠡ ᠵᠦᠢᠯ ᠤᠨ ᠲᠤᠭ᠎ᠠ ᠬᠡᠮᠵᠢᠶ᠎ᠡ ᠨᠢ ᠵᠣᠬᠢᠴᠠᠩᠭᠤᠢ ᠲᠣᠭᠲᠠᠭᠠᠭᠰᠠᠨ ᠲᠤᠭ᠎ᠠ ᠬᠡᠮᠵᠢᠶᠡᠨ ᠤ | ᠪᠠᠷᠢᠮᠵᠢᠶ᠎ᠠ ᠶᠢᠨ ᠵᠠᠭᠤᠨ ᠤ ᠲᠠᠪᠢ ᠠᠴᠠ ᠳᠡᠭᠡᠭᠰᠢ ᠳᠤ ᠬᠦᠷᠦᠭᠰᠡᠨ ᠪᠥᠭᠡᠳ ᠬᠤᠶᠠᠷ ᠵᠦᠢᠯ ᠤᠨ ᠲᠤᠭ᠎ᠠ ᠬᠡᠮᠵᠢᠶ᠎ᠡ ᠨᠢ ᠨᠡᠶᠢᠯᠡᠭᠡᠳ ᠲᠤᠰ ᠵᠦᠢᠯ ᠳᠤ | ᠲᠣᠭᠲᠠᠭᠠᠭᠰᠠᠨ ᠲᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ ᠪᠠᠶᠢᠬᠤ᠃ | ︵ᠬᠤᠶᠠᠷ︶ ᠬᠠᠤᠯᠢ ᠲᠣᠭᠲᠠᠭᠠᠯ ᠠᠴᠠ ᠵᠥᠷᠢᠴᠡᠨ ᠤᠶᠢᠲᠤ ᠭᠠᠵᠠᠷ ᠢ ᠡᠵᠡᠯᠡᠨ ᠬᠡᠷᠡᠭᠯᠡᠬᠦ᠃ | ⒈ ᠬᠠᠤᠯᠢ ᠶᠢ ᠵᠥᠷᠢᠴᠡᠨ ᠠᠲᠠᠷ ᠬᠠᠭᠠᠯᠪᠤᠷᠢᠯᠠᠭᠰᠠᠨ᠂ ᠴᠢᠯᠠᠭᠤ ᠲᠡᠭᠦᠭᠰᠡᠨ᠂ ᠠᠭᠤᠷᠬᠠᠢ ᠮᠠᠯᠲᠠᠭᠰᠠᠨ᠂ ᠰᠢᠷᠣᠢ ᠮᠠᠯᠲᠠᠭᠰᠠᠨ ᠪᠤᠶᠤ ᠪᠤᠰᠤᠳ | ᠠᠵᠢᠯᠯᠠᠭ᠎ᠠ ᠬᠢᠭᠰᠡᠨ ᠠᠴᠠ ᠪᠣᠯᠵᠤ ᠤᠢ ᠮᠣᠳᠣ ᠶᠢ ᠡᠪᠳᠡᠵᠦ ᠰᠦᠢᠳᠬᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ | ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠭᠠᠨ ᠤ ᠮᠣᠳᠣ ᠶᠢ ᠲᠣᠭᠲᠠᠭᠰᠠᠨ | ᠬᠤᠭᠤᠴᠠᠭᠠᠨ ᠳᠤ ᠤᠭ ᠭᠠᠵᠠᠷ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠬᠤ ᠪᠥᠭᠡᠳ ᠡᠪᠳᠡᠵᠦ ᠰᠦᠢᠳᠬᠡᠭᠰᠡᠨ ᠤᠢ ᠮᠣᠳᠣᠨ ᠤ ᠦᠨ᠎ᠡ ᠦᠷᠲᠡᠭ ᠤᠨ | ᠬᠢᠨᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠵᠦ ᠪᠣᠯᠣᠨ᠎ᠠ︔ ᠣᠶᠢᠲᠤ ᠭᠠᠵᠠᠷ ᠢ ᠡᠪᠳᠡᠵᠦ ᠰᠦᠢᠳᠬᠡᠭᠰᠡᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ | ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠵᠦ᠂ ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠳᠤ | ᠬᠡᠷᠡᠭᠰᠡᠬᠦ ᠵᠠᠷᠤᠳᠠᠯ ᠤᠨ ᠭᠤᠷᠪᠠᠨ ᠲᠡᠬᠢᠠ ᠠᠴᠠ ᠳᠣᠭᠤᠭᠰᠢ ᠵᠣᠭᠤᠰ ᠢᠶᠠᠷ ᠲᠤᠷᠭᠠᠨ᠎ᠠ᠃ ⒉ᠬᠠᠤᠯᠢ ᠶᠢ ᠵᠥᠷᠢᠴᠡᠨ ᠨᠢᠯᠬ᠎ᠠ ᠮᠣᠳᠣᠨ ᠤ ᠣᠶᠢᠲᠤ ᠭᠠᠵᠠᠷ ᠲᠤ | ᠲᠦᠯᠡᠭᠡ ᠲᠡᠬᠦᠵᠤ᠂ ᠰᠤᠶᠤᠭ᠎ᠠ ᠶᠢ ᠰᠦᠢᠳᠬᠡᠵᠦ᠂ ᠮᠠᠯ ᠪᠡᠯᠴᠢᠭᠡᠷᠯᠡᠬᠦᠯᠦᠭᠰᠡᠨ ᠠᠴᠠ ᠪᠣᠯᠵᠤ ᠤᠢ ᠮᠣᠳᠣ ᠶᠢ ᠬᠤᠬᠢᠷᠠᠭᠤᠯᠤᠭᠰᠠᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ | ᠳᠣᠭᠤᠭᠰᠢ ᠲᠣᠭᠠᠨ ᠤ ᠮᠣᠳᠣ ᠶᠢ ᠲᠣᠭᠲᠠᠭᠰᠠᠨ ᠬᠤᠭᠤᠴᠠᠭᠠᠨ ᠳᠤ ᠤᠭ ᠭᠠᠵᠠᠷ ᠲᠤᠨᠢ ᠪᠤᠶᠤ ᠣᠨᠳᠣᠣ ᠭᠠᠵᠠᠷ ᠲᠤ ᠨᠥᠬᠦᠵᠦ ᠳᠠᠷᠢᠭᠤᠯᠤᠨ᠎ᠠ᠃⒊ᠣᠶᠢᠲᠤ | ᠭᠠᠵᠠᠷ ᠲᠤ ᠬᠦᠨᠳᠦ ᠲᠡᠮᠦᠷᠯᠢᠭ ᠪᠤᠶᠤ ᠪᠤᠰᠤᠳ ᠬᠤᠣᠷ ᠬᠥᠨᠥᠭᠡᠯ ᠲᠠᠢ ᠪᠣᠳᠠᠰ ᠤᠨ ᠠᠭᠤᠯᠤᠭᠳᠠᠴᠠ ᠨᠢ ᠪᠠᠷᠢᠮᠵᠢᠶ᠎ᠠ ᠠᠴᠠ ᠬᠡᠲᠦᠷᠡᠭᠰᠡᠨ ᠪᠣᠬᠢᠷ ᠤᠰᠤ᠂ ᠪᠤᠬᠢᠷ | ᠰᠢᠪᠠᠷ ᠵᠢᠴᠢ ᠣᠶᠢᠲᠤ ᠭᠠᠵᠠᠷ ᠢ ᠪᠣᠬᠢᠷᠲᠤᠭᠤᠯᠵᠤ ᠮᠡᠳᠡᠬᠦ ᠲᠤᠨᠤᠮᠠᠯ ᠰᠢᠪᠠᠷ᠂ ᠦᠯᠡᠳᠡᠭᠳᠡᠯ ᠬᠦᠳᠡᠷ᠂ ᠬᠦᠳᠡᠷ ᠤᠨ ᠰᠢᠭᠠᠷᠤ ᠵᠡᠷᠭᠡ ᠶᠢ ᠢᠯᠭᠠᠨ ᠬᠠᠶᠠᠭᠰᠠᠨ | ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠢᠳᠬᠡᠨ᠎ᠡ᠃⒋ᠲᠣᠭᠲᠠᠭᠠᠯ ᠠᠴᠠ ᠵᠥᠷᠢᠴᠡᠨ ᠤᠢ ᠰᠢᠭᠤᠢ ᠶᠢ ᠰᠦᠢᠳᠬᠡᠨ ᠦᠷ᠎ᠡ ᠲᠡᠭᠦᠭᠰᠡᠨ ᠪᠤᠶᠤ ᠠᠵᠢᠯᠯᠠᠬᠤ | ᠮᠡᠷᠭᠡᠵᠢᠯ ᠤᠨ ᠳᠦᠷᠢᠮᠵᠢᠯ ᠢ ᠵᠥᠷᠢᠴᠡᠨ ᠳᠠᠪᠠᠷᠬᠠᠢ ᠠᠪᠤᠭᠰᠠᠨ᠂ ᠬᠤᠯᠤᠰᠤᠨ ᠰᠦᠶ᠎ᠡ ᠮᠠᠯᠲᠠᠭᠰᠠᠨ᠂ ᠦᠨᠳᠦᠰᠦ ᠮᠠᠯᠲᠠᠭᠰᠠᠨ᠂ ᠮᠣᠳᠣᠨ ᠤ ᠬᠠᠯᠢᠰᠤ ᠶᠢ | ᠱᠠᠭᠠᠯᠤᠭᠰᠠᠨ ᠵᠢᠴᠢ ᠬᠡᠲᠦᠷᠡᠲᠡᠯ᠎ᠡ ᠰᠠᠯᠠᠭ᠎ᠠ ᠮᠥᠴᠢᠷ ᠵᠠᠰᠠᠭᠰᠠᠨ ᠠᠴᠠ ᠪᠣᠯᠵᠤ ᠤᠢ ᠰᠢᠭᠤᠢ᠂ ᠤᠢ ᠮᠣᠳᠣ ᠶᠢ ᠬᠤᠬᠢᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠬᠤᠬᠢᠷᠠᠯ ᠢ ᠲᠥᠯᠥᠭᠦᠯᠦᠨ᠎ᠡ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠬᠢᠷᠠᠭᠤᠯᠤᠭᠰᠠᠨ ᠮᠣᠳᠣᠨ ᠤ ᠲᠣᠭᠠᠨ ᠤ ᠬᠢᠨᠢ 1 | ᠳᠠᠬᠢᠨ ᠠᠴᠠ 3 ᠳᠠᠬᠢᠨ ᠢᠶᠠᠷ ᠨᠥᠬᠦᠵᠦ ᠳᠠᠷᠢᠭᠤᠯᠬᠤ ᠪᠥᠭᠡᠳ ᠬᠤᠬᠢᠷᠠᠭᠤᠯᠤᠭᠰᠠᠨ ᠤᠢ ᠮᠣᠳᠣᠨ ᠤ ᠦᠨ᠎ᠡ ᠦᠷᠳᠡᠭ ᠤᠨ 1 ᠳᠠᠬᠢᠨ ᠠᠴᠠ 5 ᠳᠠᠬᠢᠨ ᠢᠶᠠᠷ | ᠲᠣᠷᠭᠠᠬᠤ ᠪᠠᠷ ᠰᠢᠳᠭᠡᠵᠦ ᠪᠣᠯᠣᠨ᠎ᠠ︔ ᠮᠣᠳᠣ ᠨᠥᠬᠦᠵᠦ ᠲᠡᠷᠢᠬᠤ ᠶᠢ ᠲᠡᠪᠴᠢᠭᠰᠡᠨ ᠪᠤᠶᠤ ᠨᠥᠬᠦᠵᠦ ᠳᠠᠷᠢᠭᠰᠠᠨ ᠮᠣᠳᠣ ᠨᠢ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠪᠠᠶᠢᠭᠠᠳ ᠣᠷᠣᠯᠠᠨ ᠨᠥᠬᠦᠵᠦ ᠲᠡᠷᠢᠨᠡ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ | ᠭᠠᠷᠭᠠᠨ᠎ᠠ᠃ ⒌ᠬᠠᠤᠯᠢ ᠲᠣᠭᠲᠠᠭᠠᠯ ᠢ ᠵᠥᠷᠢᠴᠡᠨ ᠤᠶᠢᠲᠤ ᠭᠠᠵᠠᠷ ᠢ ᠳᠤᠷ᠎ᠠ ᠪᠠᠷ ᠢᠶᠠᠨ ᠬᠠᠭᠠᠯᠪᠤᠷᠢᠯᠠᠭᠠᠳ ᠤᠢ ᠰᠢᠭᠤᠢ᠂ ᠤᠢ ᠮᠣᠳᠣ ᠶᠢ ᠡᠪᠳᠡᠵᠦ | ᠰᠦᠢᠳᠬᠡᠭᠰᠡᠨ ᠪᠠᠶᠢᠪᠠᠯ᠂ ᠤᠢ ᠰᠢᠭᠤᠢ ᠶᠢᠨ ᠬᠠᠤᠯᠢ ᠶᠢᠨ ᠲᠡᠯᠡᠠ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠳᠬᠡᠨ᠎ᠡ︔ ᠤᠢ ᠰᠢᠭᠤᠢ᠂ ᠤᠢ | ᠮᠣᠳᠣ ᠶᠢ ᠡᠪᠳᠡᠵᠦ ᠰᠦᠢᠳᠬᠡᠭᠰᠡᠨ ᠪᠤᠶᠤ ᠬᠠᠭᠠᠯᠪᠤᠷᠢᠯᠠᠭᠰᠠᠨ ᠤᠶᠢᠲᠤ ᠭᠠᠵᠠᠷ ᠳᠡᠭᠡᠷ᠎ᠡ ᠤᠢ ᠰᠢᠭᠤᠢ᠂ ᠤᠢ ᠮᠣᠳᠣ ᠦᠭᠡᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ ᠨᠢ ᠰᠡᠷᠭᠦᠭᠡᠯᠭᠡᠵᠦ᠂ ᠬᠠᠤᠯᠢ ᠪᠤᠰᠤ ᠪᠠᠷ ᠬᠠᠭᠠᠯᠪᠤᠷᠢᠯᠠᠭᠰᠠᠨ | ᠤᠶᠢᠲᠤ ᠭᠠᠵᠠᠷ ᠢ ᠲᠡᠭᠰᠢ ᠳᠥᠷᠪᠡᠯᠵᠢᠨ ᠮᠧᠲᠷ ᠪᠦᠷᠢ ᠳᠤ 10 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠵᠦ ᠪᠣᠯᠣᠨ᠎ᠠ᠃ | ⒍ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠤᠶᠢᠲᠤ ᠭᠠᠵᠠᠷ ᠤᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠲᠣᠭᠲᠠᠭᠰᠠᠨ ᠬᠤᠭᠤᠴᠠᠭᠠᠨ ᠳᠤ ᠤᠤᠯ ᠪᠠᠶᠢᠳᠠᠯ ᠢ ᠨᠢ ᠰᠡᠷᠭᠦᠭᠡᠯᠭᠡᠬᠦ ᠶᠢᠨ ᠬᠠᠮᠲᠤ ᠬᠠᠤᠯᠢ ᠪᠤᠰᠤ ᠪᠠᠷ ᠬᠡᠷᠡᠭᠴᠡᠭᠡ ᠶᠢ ᠬᠤᠪᠢᠷᠠᠭᠤᠯᠤᠭᠰᠠᠨ ᠤᠶᠢᠲᠤ ᠭᠠᠵᠠᠷ | ᠢ ᠲᠡᠭᠰᠢ ᠳᠥᠷᠪᠡᠯᠵᠢᠨ ᠮᠧᠲᠷ ᠪᠦᠷᠢ ᠳᠤ 10 ᠠᠴᠠ 30 ᠲᠦᠬᠦᠷᠢᠭ ᠢᠶᠠᠷ ᠲᠣᠷᠭᠠᠬᠤ ᠪᠠᠷ ᠳᠠᠪᠬᠤᠷ ᠰᠢᠳᠬᠡᠨ᠎ᠡ᠃ ⒎ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠦᠬᠡᠢ ᠪᠠᠷ ᠤᠶᠢᠲᠤ | ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ | ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠤᠷᠭᠤᠮᠠᠯ ᠤᠨ ᠬᠤᠴᠢᠯᠭ᠎ᠠ ᠪᠠ ᠤᠢ | ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠯᠭᠡᠬᠦ ᠪᠥᠭᠡᠳ ᠤᠷᠭᠤᠮᠠᠯ ᠤᠨ ᠬᠤᠴᠢᠯᠭ᠎ᠠ ᠪᠠ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ | ᠰᠡᠷᠭᠦᠭᠡᠬᠦ ᠳᠤ ᠬᠡᠷᠡᠭᠰᠡᠬᠦ ᠵᠠᠷᠤᠳᠠᠯ ᠤᠨ ᠭᠤᠷᠪᠠᠨ ᠲᠡᠬᠢᠠ ᠠᠴᠠ ᠳᠣᠭᠤᠭᠰᠢ ᠵᠤᠭᠤᠰ ᠢᠶᠠᠷ ᠲᠤᠷᠭᠠᠵᠤ ᠪᠤᠯᠤᠨ᠎ᠠ᠃ ᠬᠡᠳᠦᠶᠢᠪᠡᠷ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ | ᠵᠥᠪᠰᠢᠶᠡᠷᠡᠭᠦᠯᠦᠭᠰᠡᠨ ᠪᠣᠯᠪᠠᠴᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ ᠦᠬᠡᠢ ᠪᠠᠷ ᠤᠶᠢᠲᠤ | ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ᠎ᠡ᠃ ᠲᠦᠷ ᠬᠡᠷᠡᠭᠯᠡᠬᠦ ᠣᠶᠢᠲᠤ ᠭᠠᠵᠠᠷ ᠳᠡᠭᠡᠷ᠎ᠡ ᠡᠭᠦᠷᠢᠳᠡ ᠶᠢᠨ | ᠴᠢᠨᠠᠷᠲᠠᠢ ᠪᠠᠷᠢᠯᠭ᠎ᠠ ᠪᠠᠷᠢᠭᠰᠠᠨ ᠪᠤᠶᠤ ᠲᠦᠷ ᠬᠡᠷᠡᠭᠯᠡᠬᠦ ᠣᠶᠢᠲᠤ ᠭᠠᠵᠠᠷ ᠤᠨ ᠬᠤᠭᠤᠴᠠᠭ᠎ᠠ ᠳᠦᠭᠦᠷᠦᠭᠰᠡᠨ ᠤ ᠲᠡᠷᠠᠭ᠎ᠠ ᠨᠢᠭᠡ ᠵᠢᠯ ᠤᠨ ᠳᠣᠲᠣᠷ᠎ᠠ | ᠤᠷᠭᠤᠮᠠᠯ ᠤᠨ ᠬᠤᠴᠢᠯᠭ᠎ᠠ ᠪᠤᠶᠤ ᠤᠢ ᠰᠢᠭᠤᠢ ᠶᠢᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠭᠰᠡᠨ ᠦᠬᠡᠢ ᠪᠠᠶᠢᠪᠠᠯ᠂ ᠲᠤᠰ ᠵᠦᠢᠯ ᠤᠨ ᠨᠢᠭᠡᠳᠦᠭᠡᠷ | ᠵᠤᠷᠪᠤᠰ ᠤᠨ ᠲᠣᠭᠲᠠᠭᠠᠯ ᠶᠣᠰᠣᠭᠠᠷ ᠰᠢᠳᠬᠡᠨ᠎ᠡ᠃ | ︵ᠭᠤᠷᠪᠠ︶ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠃ ᠬᠠᠤᠯᠢ ᠪᠤᠰᠤ ᠪᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠤ᠂ ᠡᠵᠡᠯᠡᠨ | ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠲᠤᠭ᠎ᠠ ᠬᠡᠮᠵᠢᠶ᠎ᠡ ᠨᠢ ᠬᠤᠷᠢᠨ ᠮᠤ᠋ ᠠᠴᠠ ᠳᠡᠭᠡᠭᠰᠢ ᠪᠠᠶᠢᠪᠠᠯ᠂ ᠡᠰᠡᠬᠦᠯ᠎ᠡ ᠨᠤᠲᠤᠭ | ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠡᠳ ᠵᠠᠰᠠᠭ ᠵᠠᠬᠢᠷᠭᠠᠨ ᠤ ᠰᠢᠳᠬᠡᠯ ᠣᠯᠵᠤ ᠥᠩᠭᠡᠷᠡᠭᠰᠡᠨ ᠪᠥᠭᠡᠳ ᠭᠤᠷᠪᠠᠨ ᠵᠢᠯ ᠤᠨ ᠳᠣᠲᠣᠷ᠎ᠠ ᠪᠠᠰᠠ | ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠪᠥᠭᠡᠳ | ᠲᠤᠭ᠎ᠠ ᠬᠡᠮᠵᠢᠶ᠎ᠡ ᠨᠢ ᠠᠷᠪᠠᠨ ᠮᠤ᠋ ᠠᠴᠠ ᠳᠡᠭᠡᠭᠰᠢ ᠪᠠᠶᠢᠵᠤ᠂ ᠳᠣᠣᠷ᠎ᠠ ᠵᠢᠭᠰᠠᠭᠠᠭᠰᠠᠨ ᠤᠢᠢᠯᠠ ᠪᠠᠶᠢᠳᠠᠯ ᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠲᠠᠪᠤᠨ ᠵᠢᠯ ᠠᠴᠠ ᠳᠣᠭᠤᠭᠰᠢ | ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠠᠷ ᠰᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠡᠩ ᠢᠶᠠᠷ | ᠰᠢᠳᠬᠡᠨ᠎ᠡ᠃ ⒈ᠨᠤᠲᠤᠭ ᠪᠡᠯᠴᠢᠭᠡᠷ ᠢ ᠬᠠᠭᠠᠯᠪᠤᠷᠢᠯᠠᠵᠤ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠤᠢ ᠮᠣᠳᠣ ᠳᠠᠷᠢᠭᠰᠠᠨ︔ ⒉ᠨᠤᠲᠤᠭ | ᠪᠡᠯᠴᠢᠭᠡᠷ ᠳᠡᠭᠡᠷ᠎ᠡ ᠵᠤᠭᠤᠷᠢ ᠪᠠᠶᠢᠭᠤᠯᠤᠭᠰᠠᠨ᠂ ᠭᠡᠷ ᠪᠠᠶᠢᠰᠢᠩ ᠪᠠᠷᠢᠭᠰᠠᠨ᠂ ᠵᠠᠮ ᠵᠠᠰᠠᠭᠰᠠᠨ᠂ ᠡᠯᠡᠰᠦ ᠮᠠᠯᠲᠠᠭᠰᠠᠨ᠂ ᠴᠢᠯᠠᠭᠤ ᠮᠠᠯᠲᠠᠭᠰᠠᠨ᠂ ᠠᠭᠤᠷᠬᠠᠢ | ᠮᠠᠯᠲᠠᠭᠰᠠᠨ᠂ ᠰᠢᠷᠣᠢ ᠠᠪᠤᠭᠰᠠᠨ᠂ ᠵᠦᠯᠭᠡ ᠶᠢ ᠱᠠᠭᠠᠯᠤᠭᠰᠠᠨ︔ ⒊ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠢ ᠣᠪᠣᠭᠠᠯᠠᠨ ᠲᠠᠯᠪᠢᠭᠰᠠᠨ ᠪᠤᠶᠤ | ᠭᠠᠳᠠᠭᠰᠢᠯᠠᠭᠤᠯᠤᠭᠠᠳ ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠬᠤᠴᠢᠯᠭ᠎ᠠ ᠶᠢ ᠬᠦᠨᠳᠦ ᠨᠣᠴᠢᠲᠠᠢ ᠡᠪᠳᠡᠭᠰᠡᠨ ᠪᠤᠶᠤ ᠬᠦᠨᠳᠦ ᠨᠣᠴᠢᠲᠠᠢ | ᠪᠣᠬᠢᠷᠲᠤᠭᠤᠯᠤᠭᠰᠠᠨ︔ ⒋ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠠᠴᠠ ᠵᠥᠷᠢᠴᠡᠨ | ᠲᠡᠵᠢᠭᠡᠯ ᠡᠪᠡᠰᠦ ᠪᠠ ᠲᠡᠵᠢᠭᠡᠯ ᠪᠣᠷᠳᠣᠭᠠᠨ ᠤ ᠲᠠᠷᠢᠮᠠᠯ ᠲᠡᠷᠢᠭᠠᠦᠠ ᠨᠤᠲᠤᠭ ᠪᠡᠯᠴᠢᠭᠡᠷ ᠢ ᠡᠯᠡᠰᠦᠵᠢᠭᠦᠯᠦᠭᠰᠡᠨ ᠪᠤᠶᠤ ᠬᠥᠷᠥᠰᠥ ᠰᠢᠷᠣᠢ ᠶᠢ ᠬᠦᠨᠳᠦ ᠨᠣᠴᠢᠲᠠᠢ | ᠢᠳᠡᠭᠳᠡᠭᠦᠯᠦᠭᠰᠡᠨ᠃ | ︵ᠳᠥᠷᠪᠡ︶ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ᠃ ⒈ ᠨᠤᠲᠤᠭ ᠪᠡᠯᠴᠢᠭᠡᠷ ᠢ ᠬᠠᠤᠯᠢ ᠪᠤᠰᠤ ᠪᠠᠷ | ᠬᠠᠭᠠᠯᠪᠤᠷᠢᠯᠠᠭᠠᠳ ᠶᠠᠯ᠎ᠠ ᠬᠢᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠡᠷᠡᠭᠦᠦ ᠶᠢᠨ ᠰᠢᠳᠬᠡᠯ ᠥᠭᠬᠦ ᠬᠡᠮᠵᠢᠶᠡᠨ ᠳᠤ | ᠬᠦᠷᠦᠭᠰᠡᠠ ᠦᠬᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ | ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ | ᠳᠣᠭᠤᠭᠰᠢ ᠵᠣᠭᠤᠰ ᠢᠶᠠᠷ ᠲᠤᠷᠭᠠᠨ᠎ᠠ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠬᠡᠢ ᠪᠣᠯ ᠲᠠᠪᠤᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠨ᠎ᠡ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃ ⒉ᠡᠯᠡᠰᠦᠨ ᠴᠥᠯ᠂ ᠬᠠᠭᠠᠰ ᠡᠯᠡᠰᠦᠨ ᠴᠥᠯ ᠪᠠ ᠬᠦᠨᠳᠦ ᠨᠣᠴᠢᠲᠠᠢ ᠮᠠᠭᠤᠳᠠᠭᠰᠠᠨ᠂ | ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ᠂ ᠬᠥᠷᠥᠰᠥ ᠰᠢᠷᠣᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ | ᠣᠷᠣᠨ ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠭᠰᠠᠨ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠪᠤᠰᠤᠳ ᠠᠵᠢᠯᠯᠠᠭ᠎ᠠ | ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠵᠤ᠂ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠳᠭᠡᠵᠦ ᠪᠣᠯᠣᠨ᠎ᠠ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠬᠡᠢ ᠪᠣᠯ ᠲᠠᠪᠤᠨ ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃ ⒊ᠵᠥᠪᠰᠢᠶᠡᠷᠡᠭᠦᠯᠦᠭᠰᠡᠨ ᠦᠬᠡᠢ ᠪᠤᠶᠤ ᠲᠣᠭᠲᠠᠭᠰᠠᠨ ᠴᠠᠭ᠂ | ᠣᠷᠣᠨ ᠪᠦᠰᠡ ᠪᠠ ᠮᠠᠯᠲᠠᠬᠤ ᠠᠷᠭ᠎ᠠ ᠮᠠᠶ᠋ᠢᠭ ᠢ ᠵᠢᠷᠤᠮᠯᠠᠬᠤ ᠦᠬᠡᠢ ᠪᠠᠷ ᠨᠤᠲᠤᠭ ᠪᠡᠯᠴᠢᠭᠡᠷ ᠳᠡᠭᠡᠷ᠎ᠡ ᠰᠢᠷᠣᠢ ᠮᠠᠯᠲᠠᠬᠤ᠂ ᠡᠯᠡᠰᠦ ᠮᠠᠯᠲᠠᠬᠤ᠂ ᠴᠢᠯᠠᠭᠤ | ᠮᠠᠯᠲᠠᠬᠤ ᠵᠡᠷᠭᠡ ᠠᠵᠢᠯᠯᠠᠭ᠎ᠠ ᠬᠢᠭᠰᠡᠨ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ | ᠠᠪᠬᠤ ᠪᠥᠭᠡᠳ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠬᠤᠶᠠᠷ ᠲᠡᠬᠢᠠ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ︔ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠬᠡᠢ ᠪᠣᠯ ᠬᠤᠶᠠᠷ | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ | ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃ ⒋ᠲᠦᠷ ᠴᠠᠭ ᠡᠵᠡᠯᠡᠨ ᠬᠡᠷᠡᠭᠯᠡᠬᠦ | ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷᠲᠠᠢ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠠᠷᠢᠵᠤ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠬᠤᠭᠤᠴᠠᠭ᠎ᠠ ᠬᠡᠲᠦᠷᠡᠲᠡᠯ᠎ᠡ | ᠨᠤᠷᠠᠭᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠠᠯᠪᠠᠳᠠᠨ ᠨᠤᠷᠠᠭᠠᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ ᠨᠤᠲᠤᠭ | ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠭᠠᠵᠠᠷ ᠬᠡᠷᠡᠭᠯᠡᠭᠰᠡᠨ ᠨᠢᠭᠡᠴᠢ ᠨᠢ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ ᠥᠭᠭᠦᠭᠰᠡᠨ ᠦᠬᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ | ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠰᠡᠷᠭᠦᠭᠡᠯᠭᠡᠨ᠎ᠡ︔ ᠬᠤᠭᠤᠴᠠᠭ᠎ᠠ ᠬᠡᠲᠦᠷᠡᠲᠡᠯ᠎ᠡ ᠰᠡᠷᠭᠦᠭᠡᠭᠰᠡᠨ ᠦᠬᠡᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ | ᠰᠠᠯᠠᠭ᠎ᠠ ᠮᠥᠴᠢᠷ ᠠᠴᠠ ᠣᠷᠣᠯᠠᠨ ᠰᠡᠷᠭᠦᠭᠡᠵᠦ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ ⒌︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ᠂ ᠦᠨᠳᠦᠰᠦᠨ ᠨᠤᠲᠤᠭ | ᠪᠡᠯᠴᠢᠭᠡᠷ ᠲᠤ ᠳᠣᠣᠷᠠᠬᠢ ᠮᠡᠲᠦ ᠦᠶᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠄ ⑴ ᠦᠨᠳᠦᠰᠦᠨ ᠨᠤᠲᠤᠭ ᠪᠡᠯᠴᠢᠭᠡᠷ ᠢ ᠬᠠᠭᠠᠯᠪᠤᠷᠢᠯᠠᠬᠤ︔ ⑵ ᠦᠨᠳᠦᠰᠦᠨ | ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ︔ ⑶ ᠬᠦᠷᠢᠶ᠎ᠡ ᠬᠠᠰᠢᠶ᠎ᠠ᠂ ᠬᠥᠮᠥᠨ ᠮᠠᠯ ᠤᠨ ᠤᠤᠭᠤᠬᠤ ᠤᠰᠤᠨ ᠤ | ᠲᠥᠬᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠶᠢ ᠡᠪᠳᠡᠬᠦ︔ ⑷ ᠳᠤᠷ᠎ᠠ ᠪᠠᠷ ᠢᠶᠠᠨ | ᠬᠤᠳᠳᠤᠭ ᠥᠷᠥᠮᠳᠡᠵᠦ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ᠭᠠᠷᠭᠠᠨ ᠠᠪᠬᠤ︔ ⑸ ᠵᠢᠭᠠᠰᠤᠨ ᠴᠥᠭᠦᠷᠥᠮ ᠮᠠᠯᠲᠠᠬᠤ᠂ ᠭᠤᠤ ᠰᠤᠪᠠᠭ ᠮᠠᠯᠲᠠᠬᠤ | ᠂ ᠵᠦᠯᠭᠡ ᠶᠢ ᠬᠤᠰᠤᠬᠤ᠂ ᠬᠦᠯᠦᠷ᠎ᠡ ᠮᠠᠯᠲᠠᠬᠤ ᠵᠡᠷᠭᠡ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠦᠢᠯᠡ ᠠᠵᠢᠯᠯᠠᠭ᠎ᠠ︔ ⑹ ᠬᠡᠬᠦᠷ | ᠤᠩᠭᠤᠨ ᠪᠤᠰᠬᠠᠬᠤ︔ ⑺ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠨ ᠬᠠᠲᠠᠭᠤ ᠪᠡᠶᠡᠲᠦ᠂ ᠰᠢᠩᠭᠡᠨ | ᠪᠡᠶᠡᠲᠦ᠂ ᠬᠡᠢ ᠪᠡᠶᠡᠲᠦ ᠬᠠᠶᠠᠭᠳᠠᠮᠠᠯ ᠪᠣᠳᠠᠰ ᠪᠠ ᠠᠮᠢᠳᠤᠷᠠᠯ ᠤᠨ ᠬᠤᠭ ᠨᠣᠪᠰᠢ ᠶᠢ ᠠᠰᠬᠠᠵᠤ ᠢᠯᠭᠠᠨ ᠬᠠᠶᠠᠭᠰᠠᠨ ᠪᠤᠶᠤ ᠣᠷᠴᠢᠨ ᠠᠬᠤᠢ ᠶᠢᠨ | ᠱᠤᠤᠭᠢᠶᠠᠨ ᠤ ᠪᠣᠬᠢᠷᠲᠤᠯ᠂ ᠨᠠᠷᠢᠨ ᠲᠣᠭᠤᠰᠣᠨ ᠤ ᠪᠣᠬᠢᠷᠲᠤᠯ᠂ ᠰᠠᠴᠤᠷᠠᠭ ᠴᠢᠨᠠᠷᠲᠠᠢ ᠪᠣᠬᠢᠷᠲᠤᠯ᠂ ᠴᠠᠬᠢᠯᠭᠠᠨ ᠰᠣᠷᠢᠨᠵᠢᠨ ᠳᠣᠯᠭᠢᠶᠠᠨ ᠤ ᠰᠠᠴᠤᠷᠠᠯᠲᠠ ᠶᠢᠨ | ᠪᠣᠬᠢᠷᠲᠤᠯ ᠢ ᠪᠤᠢ ᠪᠣᠯᠭᠠᠭᠰᠠᠨ︔ ⑻ ᠦᠨᠳᠦᠰᠦᠨ ᠨᠤᠲᠤᠭ ᠪᠡᠯᠴᠢᠭᠡᠷ ᠢ ᠡᠪᠳᠡᠭᠰᠡᠨ ᠪᠤᠰᠤᠳ ᠠᠵᠢᠯᠯᠠᠭ᠎ᠠ ᠨᠤᠭᠤᠳ᠃ ⒍︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠬᠦᠨ ᠮᠠᠯᠵᠢᠬᠤ ᠳᠦᠷᠢᠮ︾ ᠤᠨ | ᠲᠣᠭᠲᠠᠭᠠᠯ ᠠᠴᠠ ᠵᠥᠷᠢᠴᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠪᠡᠯᠴᠢᠭᠡᠷᠯᠡᠬᠦᠯᠦᠭᠰᠡᠨ ᠪᠣᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠰᠠᠭᠤᠯᠵᠤ᠂ ᠬᠠᠤᠯᠢ ᠠᠴᠠ ᠵᠥᠷᠢᠴᠡᠨ ᠮᠠᠯ ᠪᠡᠯᠴᠢᠭᠡᠷᠯᠡᠬᠦᠯᠦᠭᠰᠡᠨ | ᠨᠢᠭᠡᠴᠢ ᠨᠢᠭᠡᠪᠦᠷᠢ ᠶᠢ 120 ᠲᠥᠭᠦᠷᠢᠭ ᠢᠶᠠᠷ ᠲᠣᠷᠭᠠᠬᠤ ᠪᠠᠷ ᠰᠢᠳᠬᠡᠨ᠎ᠡ᠃ | ᠬᠥᠲᠥᠯᠥᠭᠴᠢ᠄ ᠡᠨᠡ ᠵᠢᠯ ᠠᠴᠠ ᠨᠠᠰᠢ᠂ ᠮᠠᠨ ᠤ ᠬᠤᠰᠢᠭᠤᠨ ᠳᠤ ᠨᠡᠶᠢᠲᠡᠯᠢᠭ ᠬᠡᠷᠡᠭ ᠪᠠᠶᠢᠨ᠎ᠠ ᠤᠤ︖ | ᠥᠨᠢᠷ᠄ ᠪᠠᠶᠢᠨ᠎ᠠ᠂ ᠬᠥᠲᠥᠯᠥᠭᠴᠢ ᠠ᠋᠂ ᠪᠢ ᠲᠣᠪᠴᠢᠬᠠᠨ ᠨᠢᠭᠡ ᠶᠠᠷᠢᠶ᠎ᠠ᠃ 2023 ᠣᠨ ᠤ 1 ᠰᠠᠷ᠎ᠠ ᠶᠢᠨ 16 ᠤ ᠡᠳᠦᠷ᠂ ᠦᠦᠰᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠰᠢᠯᠵᠢᠭᠦᠯᠦᠨ ᠲᠤᠰᠢᠶᠠᠭᠰᠠᠨ ᠬᠡᠷᠡᠭ ᠢ ᠲᠤᠰᠪᠠ᠂ ᠬᠡᠷᠡᠭ ᠲᠤ ᠸᠠᠩ ᠣᠪᠣᠭᠲᠤ ᠳᠤᠷ᠎ᠠ ᠪᠠᠷ ᠢᠶᠠᠨ ᠨᠤᠲᠤᠭ | ᠪᠡᠯᠴᠢᠭᠡᠷ ᠢ ᠬᠠᠭᠠᠯᠪᠤᠷᠢᠯᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠰᠡᠵᠢᠭᠯᠡᠯᠲᠡᠢ ᠪᠠᠶᠢᠬᠤ ᠶᠢ ᠲᠤᠰᠬᠠᠪᠠ᠂ ᠬᠡᠷᠡᠭ ᠢ | ᠲᠤᠰᠴᠤ ᠠᠪᠤᠭᠰᠠᠨ ᠤ ᠳᠠᠷᠠᠭ᠎ᠠ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠡᠷᠡ ᠳᠠᠷᠤᠢ ᠳᠤᠨᠢ ᠲᠠᠩᠨᠠᠨ ᠪᠠᠶᠢᠴᠠᠭᠠᠵᠤ ᠡᠬᠢᠯᠡᠪᠡ᠃ | ᠲᠠᠩᠨᠠᠨ ᠪᠠᠶᠢᠴᠠᠭᠠᠭᠰᠠᠨ ᠢᠶᠠᠷ᠂ ᠦᠦᠰᠢᠨ ᠬᠤᠰᠢᠭᠤᠨ ᠤ ᠬᠠᠷᠢᠶ᠎ᠠ ᠲᠣᠭᠤᠷᠢᠭ ᠤᠨ ᠲᠣᠰᠬᠤᠨ ᠤ ᠠᠷᠠᠳ ᠸᠠᠩ ᠣᠪᠣᠭᠲᠤ ᠣᠶ ᠰᠢᠭᠤᠢ ᠡᠪᠡᠰᠦ | ᠪᠡᠯᠴᠢᠭᠡᠷ ᠲᠤ ᠬᠡᠷᠡᠭᠯᠡᠬᠦ ᠭᠠᠵᠠᠷ ᠤᠨ ᠭᠠᠷ ᠭᠦᠢᠴᠡᠳᠬᠡᠯ ᠬᠢᠭᠰᠡᠨ ᠦᠭᠡᠢ ᠪᠠᠶᠢᠳᠠᠯ ᠳᠣᠣᠷ᠎ᠠ᠂ ᠥᠪᠡᠷ ᠤᠨ ᠪᠡᠯᠴᠢᠭᠡᠷ ᠢᠶᠠᠨ ᠳᠤᠷ᠎ᠠ ᠪᠠᠷ ᠢᠶᠠᠨ ᠡᠪᠳᠡᠵᠦ ᠲᠠᠷᠢᠮᠠᠯ | ᠳᠠᠷᠢᠭᠰᠠᠨ ᠪᠠᠶᠢᠨ᠎ᠠ᠃ ᠬᠢᠨᠠᠨ ᠲᠣᠭᠲᠠᠭᠠᠭᠰᠠᠨ ᠢᠶᠠᠷ᠂ ᠬᠡᠷᠡᠭ ᠲᠤ ᠬᠤᠯᠪᠣᠭᠳᠠᠭᠰᠠᠨ ᠭᠠᠵᠠᠷ ᠤᠨ ᠶᠡᠷᠦᠩᠬᠡᠢ ᠲᠠᠯᠠᠪᠠᠶ ᠨᠢ 28.03 ᠮᠦ ᠪᠤᠢ᠃ ᠸᠠᠩ | ᠣᠪᠣᠭᠲᠤ ᠶᠢᠨ ᠦᠶᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ | ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠦᠷᠢᠴᠡᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ | ᠬᠢᠭᠰᠡᠨ ᠢᠶᠠᠷ ᠰᠡᠵᠢᠭᠯᠡᠭᠳᠡᠵᠦ᠂ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠡᠷᠡᠭ ᠪᠣᠯᠭᠠᠨ ᠳᠡᠩᠰᠡᠯᠡᠵᠦ ᠪᠠᠶᠢᠴᠠᠭᠠᠭᠰᠠᠨ ᠪᠥᠭᠡᠳ | ᠶᠠᠯ᠎ᠠ ᠬᠢᠭᠰᠡᠨ ᠰᠡᠵᠢᠭᠲᠡᠨ ᠸᠠᠩ ᠣᠪᠣᠭᠲᠤ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ | ᠡᠨᠡ ᠬᠦ ᠬᠡᠷᠡᠭ ᠤᠨ ᠵᠢᠱᠢᠶ᠎ᠡ ᠠᠴᠠ ᠦᠵᠡᠬᠦ ᠳᠤ᠂ ᠵᠥᠪᠰᠢᠶᠡᠷᠡᠯ ᠣᠯᠣᠭᠰᠠᠨ ᠦᠭᠡᠢ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ | ᠦᠶᠯᠡ ᠠᠵᠢᠯᠯᠠᠭ᠎ᠠ ᠨᠢ ᠤᠤᠯ ᠤᠨ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠬᠢ ᠪᠠᠶᠠᠯᠢᠭ ᠢ | ᠡᠪᠳᠡᠬᠦ ᠪᠠᠷ ᠪᠠᠷᠠᠬᠤ ᠦᠭᠡᠢ᠂ ᠦᠶᠯᠡ ᠠᠵᠢᠯᠯᠠᠭᠠᠳᠠᠨ ᠨᠢ ᠡᠷᠡᠭᠦᠦ ᠶᠢᠨ ᠬᠠᠤᠯᠢ ᠶᠢᠨ ᠴᠢᠩᠭ᠎ᠠ ᠰᠢᠳᠭᠡᠯ ᠳᠤ ᠤᠴᠠᠷᠠᠬᠤ ᠪᠣᠯᠣᠨ᠎ᠠ᠃ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠢᠭᠡ ᠪᠦᠯᠦᠭ ᠠᠰᠢᠭ ᠲᠤᠰᠠ ᠠᠴᠠ ᠪᠣᠯᠵᠤ ᠣᠶ ᠰᠢᠭᠤᠢ ᠡᠪᠡᠰᠦ | ᠪᠡᠯᠴᠢᠭᠡᠷ ᠢ ᠦᠭᠡᠶᠢᠬᠢᠭᠰᠡᠨ ᠦᠶᠯᠡ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠴᠦ᠂ ᠬᠠᠤᠯᠢ ᠴᠠᠭᠠᠵᠠ ᠶᠢᠨ ᠡᠮᠦᠨ᠎ᠡ ᠬᠡᠦᠬᠡᠳ ᠤᠨ ᠲᠣᠭᠯᠠᠭᠠᠮ ᠪᠠᠶᠢᠬᠤ | ᠦᠭᠡᠢ ᠭᠡᠳᠡᠭ ᠢ ᠨᠠᠩ ᠣᠯᠠᠨ ᠬᠥᠮᠥᠨ ᠳᠤ ᠲᠠᠨᠢᠭᠤᠯᠵᠤ᠂ ᠵᠠᠷᠢᠮ ᠬᠥᠮᠥᠰ ᠤᠨ ᠪᠡᠶ᠎ᠡ ᠪᠠᠷ ᠢᠶᠠᠨ ᠬᠠᠤᠯᠢ ᠶᠢ ᠲᠤᠷᠰᠢᠵᠤ ᠦᠵᠡᠬᠦ ᠭᠡᠰᠡᠨ ᠪᠣᠳᠣᠯ ᠢ ᠨᠢ | ᠰᠦᠷᠳᠡᠭᠦᠯᠦᠭᠰᠡᠨ ᠪᠥᠭᠡᠳ ᠠᠷᠢᠯᠭᠠᠭᠰᠠᠨ ᠪᠠᠶᠢᠨ᠎ᠠ᠃ | ᠡᠨᠡ ᠬᠦ ᠬᠡᠷᠡᠭ ᠤᠨ ᠵᠢᠱᠢᠶ᠎ᠡ ᠠᠴᠠ ᠦᠵᠡᠬᠦ ᠳᠤ᠂ ᠵᠥᠪᠰᠢᠶᠡᠷᠡᠯ ᠣᠯᠣᠭᠰᠠᠨ ᠦᠭᠡᠢ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ | ᠦᠶᠯᠡ ᠠᠵᠢᠯᠯᠠᠭ᠎ᠠ ᠨᠢ ᠤᠤᠯ ᠤᠨ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠬᠢ ᠪᠠᠶᠠᠯᠢᠭ ᠢ | ᠡᠪᠳᠡᠬᠦ ᠪᠠᠷ ᠪᠠᠷᠠᠬᠤ ᠦᠭᠡᠢ᠂ ᠦᠶᠯᠡ ᠠᠵᠢᠯᠯᠠᠭᠠᠳᠠᠨ ᠨᠢ ᠡᠷᠡᠭᠦᠦ ᠶᠢᠨ ᠬᠠᠤᠯᠢ ᠶᠢᠨ ᠴᠢᠩᠭ᠎ᠠ ᠵᠠᠯᠬᠠᠭᠠᠯ ᠳᠤ ᠤᠴᠠᠷᠠᠬᠤ ᠪᠣᠯᠣᠨ᠎ᠠ᠃ | ᠬᠥᠲᠥᠯᠥᠭᠴᠢ᠄ ᠵᠠ᠃ ᠪᠢᠳᠡ ᠥᠨᠢᠷ ᠲᠣᠪᠴᠢᠶᠠᠨ ᠳᠠᠷᠤᠭ᠎ᠠ ᠶᠢᠨ ᠮᠠᠨ ᠤ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠳᠠᠬᠢᠨᠲᠠ ᠲᠠᠯᠠᠷᠬᠠᠵᠤ | ᠪᠠᠶᠢᠨ᠎ᠠ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠣᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ᠃ ᠪᠠᠶᠠᠷᠲᠠᠢ︕ | | |