ᠦᠦᠰᠢᠨ ᠵᠠᠰᠠᠭ ᠠᠯᠪᠠᠨ ᠳᠠᠷᠬᠠᠭᠠᠬᠤ〔2023〕61 ᠳ᠋ᠤᠭᠡᠷ ᠲᠣᠭᠠᠲᠤ | | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ᠡᠳᠣᠭᠡ ︽ᠦᠦᠰᠢᠨ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ | ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠤᠭᠡᠷᠡᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 6 ᠰᠠᠷ᠎ᠠ ᠶᠢᠨ 18 ᠤ ᠡᠳᠣᠷ | | | | ᠦᠦᠰᠢᠨ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠥᠯ | | ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠰᠢᠨ᠎ᠡ ᠴᠠᠭ ᠦᠶ᠎ᠡ ᠶᠢᠨ ᠠᠷᠠᠳ | ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠳᠠ ᠶᠢ ᠴᠢᠩᠭᠠᠳᠬᠠᠨ ᠰᠠᠶᠢᠨ ᠰᠠᠶᠢᠬᠠᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠤᠶ ᠪᠣᠯᠭᠠᠵᠤ ᠣᠷᠤᠭ | ᠬᠤᠷᠢᠮ ᠤᠨ ᠵᠣᠯ ᠵᠢᠷᠭᠠᠯ᠂ ᠭᠡᠷ ᠪᠦᠯᠢ ᠶᠢᠨ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠦᠯᠦᠬᠡ ︽︿ᠣᠷᠤᠭ ᠬᠤᠷᠢᠮ ᠤᠨ | ᠵᠠᠩᠰᠢᠯ ᠤᠨ ᠥᠭᠡᠷᠡᠴᠢᠯᠡᠯᠲᠡ﹀ ᠶᠢᠨ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠬᠦ ᠲᠤᠬᠠᠢ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶᠠᠨ ᠤ ᠮᠡᠳᠡᠭᠳᠡᠯ︾ ︵ᠣᠷᠳᠣᠰ ᠠᠷᠠᠳ ᠤᠨ ᠶᠠᠪᠤᠳᠠᠯ ᠲᠠᠷᠬᠠᠭᠠᠬᠤ ﹇2023﹈ 5 ᠳ᠋ᠣᠭᠠᠷ ᠲᠤᠭᠠᠲᠤ︶ ᠪᠤᠯᠤᠨ ︽ᠪᠥᠬᠦ ᠬᠤᠲᠠ ᠶᠢᠨ ᠣᠷᠤᠭ | ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠬᠦ ᠲᠤᠬᠠᠢ ᠣᠷᠳᠣᠰ ᠬᠤᠳᠠ ᠶᠢᠨ ᠠᠷᠠᠳ ᠤᠨ ᠶᠠᠪᠤᠳᠠᠯ ᠤᠨ | ᠲᠣᠪᠴᠢᠶᠠᠨ ᠤ ᠮᠡᠳᠡᠭᠳᠡᠯ︾ ︵ᠣᠷᠳᠣᠰ ᠠᠷᠠᠳ ᠤᠨ ᠶᠠᠪᠤᠳᠠᠯ ᠲᠠᠷᠬᠠᠭᠠᠬᠤ ﹇2023﹈ 11 ᠳ᠋ᠣᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ ᠦᠦᠰᠢᠨ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ ᠡᠳᠦᠭᠡ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠳᠤ ᠳᠣᠣᠷᠠᠬᠢ ᠮᠡᠲᠦ ᠠᠵᠢᠯ ᠤᠨ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠢᠳᠡᠪᠬᠢᠲᠡᠢ ᠪᠠᠷ ᠪᠤᠢ ᠪᠤᠯᠭᠠᠨ ᠦᠢᠯᠡᠳᠦᠯᠭᠡᠵᠢᠭᠦᠯᠵᠦ ᠣᠷᠤᠭ ᠬᠤᠷᠢᠮ ᠤᠨ ᠬᠦᠷᠢᠶ᠎ᠡ ᠴᠠᠷᠠᠭᠠᠨ ᠳᠠᠬᠢ ᠵᠠᠩᠰᠢᠯ ᠢ | ᠥᠭᠡᠷᠡᠴᠢᠯᠡᠬᠦ ᠶᠢ ᠶᠡᠬᠡᠪᠡᠷ ᠲᠦᠯᠬᠢᠨ ᠠᠬᠢᠭᠤᠯᠵᠤ ᠳᠤᠮᠳᠠᠳᠤ ᠶᠢᠨ ᠰᠢᠯᠢᠳᠡᠭ ᠣᠷᠤᠭ ᠬᠤᠷᠢᠮ ᠭᠡᠷ ᠪᠦᠯᠢ ᠶᠢᠨ ᠰᠣᠶᠣᠯ ᠢ ᠤᠯᠠᠮᠵᠢᠯᠠᠨ ᠬᠥᠭᠵᠢᠭᠦᠯᠵᠦ ᠪᠥᠬᠦ | ᠨᠡᠶᠢᠭᠡᠮ ᠢᠶᠠᠷ ᠢᠶᠠᠨ ᠣᠷᠤᠭ ᠬᠤᠷᠢᠮ ᠭᠡᠷ ᠪᠦᠯᠢ ᠶᠢᠨ ᠵᠥᠪ ᠥᠷᠲᠡᠭ ᠤᠨ ᠬᠠᠨᠳᠤᠰᠢ ᠶᠢ ᠪᠣᠶ ᠪᠣᠯᠭᠠᠬᠤ ᠶᠢ ᠰᠠᠨᠠᠭᠠᠴᠢᠯᠠᠵᠤ ᠲᠥᠪ ᠪᠤᠰᠤ ᠰᠤᠷᠲᠠᠯ ᠢ | ᠬᠤᠷᠢᠭᠯᠠᠨ ᠵᠣᠭᠰᠣᠭᠠᠵᠤ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠪᠠ ᠣᠯᠠᠨ ᠲᠦᠮᠡᠨ ᠤ ᠣᠶᠤᠨ ᠰᠠᠨᠠᠭᠠᠨ ᠤ ᠲᠦᠷᠢ ᠲᠦᠷᠬᠦ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠨᠢᠭᠡ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠤᠳᠤᠷᠢᠳᠤᠯᠭ᠎ᠠ ᠶᠢ ᠤᠷᠤᠭ ᠬᠤᠷᠢᠮ ᠤᠨ ᠵᠠᠩᠰᠢᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ ᠨᠡᠶᠢᠭᠡᠮ ᠤᠨ | ᠬᠦᠴᠦᠨ ᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠳᠤ ᠠᠰᠢᠭᠲᠠᠢ ᠲᠣᠭᠲᠠᠴᠠ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠲᠦᠯᠬᠢᠨ ᠠᠬᠢᠭᠤᠯᠵᠤ ᠤᠷᠤᠭ ᠬᠤᠷᠢᠮ ᠤᠨ | ᠵᠠᠩᠰᠢᠯ ᠤᠨ ᠥᠭᠡᠷᠡᠴᠢᠯᠡᠯᠲᠡ ᠶᠢᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ ᠠᠷᠠᠳ ᠲᠦᠮᠡᠨ ᠢᠶᠠᠷ ᠭᠤᠣᠯ ᠪᠣᠯᠭᠠᠭᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠎ᠠ᠃ ᠦᠨᠳᠦᠰᠦᠨ ᠱᠠᠲᠤᠨ ᠤ ᠣᠯᠠᠨ ᠲᠦᠮᠡᠨ ᠢ | ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠭᠤᠣᠯ ᠬᠦᠴᠦᠨ ᠪᠣᠯᠭᠠᠬᠤ ᠶᠢ ᠪᠠᠷᠢᠮᠲᠠᠯᠠᠵᠤ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ᠂ ᠣᠯᠠᠨ ᠲᠦᠮᠡᠨ ᠤ ᠬᠦᠰᠡᠯ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠢᠭᠡᠨᠲᠡ ᠪᠠᠶᠢᠭ᠎ᠠ ᠠᠰᠢᠭᠲᠠᠢ ᠠᠷᠭ᠎ᠠ | ᠪᠠᠷᠢᠯ ᠢ ᠣᠷᠭᠠᠨᠢᠭ ᠢᠶᠠᠷ ᠤᠶᠠᠯᠳᠤᠭᠤᠯᠤᠭᠠᠳ ᠣᠯᠠᠨ ᠲᠦᠮᠡᠨ ᠤ ᠣᠶᠤᠨ ᠰᠠᠨᠠᠭᠠᠨ ᠤ ᠬᠥᠭᠡᠭᠡᠴᠡᠯᠳᠦᠯ ᠪᠠ ᠦᠶᠯᠡ ᠠᠵᠢᠯᠯᠠᠭᠠᠨ ᠤ ᠳᠠᠳᠬᠠᠯ ᠪᠣᠯᠭᠠᠨ | ᠬᠤᠪᠢᠷᠠᠭᠤᠯᠵᠤ ᠠᠷᠠᠳ ᠣᠯᠠᠨ ᠤ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠮᠡᠳᠡᠷᠡᠬᠦ ᠰᠡᠳᠬᠢᠯᠭᠡ ᠪᠠ ᠠᠰᠢᠭ ᠭᠥᠷᠳᠡᠬᠦ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠭᠤᠷᠪᠠ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠎ᠠ᠃ ᠲᠤᠰ ᠭᠠᠵᠠᠷ ᠣᠷᠣᠨ ᠤ ᠪᠠᠨ ᠵᠠᠩᠰᠢᠯ ᠪᠠ ᠰᠣᠶᠣᠯ ᠤᠨ | ᠤᠯᠠᠮᠵᠢᠯᠠᠯ ᠢ ᠡᠵᠡᠮᠳᠡᠵᠦ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠦᠷᠦᠯ ᠬᠤᠪᠢᠶᠠᠨ ᠵᠢᠯᠤᠭᠤᠳᠴᠤ ᠠᠯᠬᠤᠮ ᠲᠠᠷᠠᠭ᠎ᠠ ᠲᠠᠢ ᠪᠠᠷ ᠠᠬᠢᠭᠤᠯᠵᠦ | ᠠᠯᠤᠰ ᠤᠨ ᠬᠠᠷᠠᠯᠲᠠ ᠪᠠ ᠱᠠᠲᠤ ᠦᠶ᠎ᠡ ᠶᠢᠨ ᠴᠢᠨᠠᠷᠲᠠᠢ ᠬᠠᠷᠠᠯᠲᠠ ᠶᠢ ᠤᠶᠠᠯᠳᠤᠭᠤᠯᠬᠤ᠂ ᠪᠦᠬᠦ ᠲᠠᠯ᠎ᠠ ᠪᠠᠷ ᠠᠬᠢᠭᠤᠯᠬᠤ ᠪᠠ ᠲᠦᠷᠦᠯ ᠬᠤᠪᠢᠶᠠᠨ | ᠬᠡᠷᠡᠭᠵᠢᠭᠦᠯᠬᠦ ᠶᠢ ᠤᠶᠠᠯᠳᠤᠭᠤᠯᠬᠤ ᠶᠢ ᠪᠡᠶᠡᠯᠡᠭᠦᠯᠵᠦ ᠳᠥᠭᠦᠮ ᠪᠦᠳᠦᠭᠦᠯᠢᠭ ᠪᠠ ᠨᠢᠭᠡ ᠯᠡ ᠠᠳᠠᠯᠢ ᠪᠠᠷ ᠱᠠᠭᠠᠷᠳᠠᠬᠤ ᠶᠢ ᠰᠡᠷᠭᠡᠶᠢᠯᠡᠵᠦ ᠤᠯᠠᠮᠵᠢᠯᠠᠯᠲᠤ ᠵᠠᠩ | ᠦᠢᠯᠡ ᠶᠢ ᠬᠠᠭᠤᠴᠢᠨ ᠶᠣᠰᠣ ᠪᠤᠯᠬᠢ ᠰᠤᠷᠳᠠᠯ ᠪᠠ ᠲᠥᠪ ᠪᠤᠰᠤ ᠰᠤᠷᠲᠠᠯ ᠲᠠᠢ ᠬᠤᠳᠬᠤᠯᠳᠤᠭᠤᠯᠬᠤ ᠶᠢ ᠰᠡᠷᠭᠡᠶᠢᠯᠡᠬᠦ ᠬᠡᠷᠡᠭᠲᠡᠢ᠃ | ᠳᠥᠷᠪᠡ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠬᠦᠨᠳᠦᠳᠬᠡᠬᠦ ᠶᠢᠨ ᠬᠠᠮᠲᠤ ᠭᠦᠢᠴᠡᠳ ᠪᠠᠳᠠᠷᠠᠭᠤᠯᠵᠤ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ ᠠᠰᠠᠭᠤᠳᠠᠯ ᠤᠨ ᠳᠤᠮᠳᠠ ᠠᠴᠠ | ᠥᠭᠡᠷᠡᠴᠢᠯᠡᠯᠲᠡ ᠶᠢᠨ ᠭᠠᠷᠳᠠᠬᠤ ᠴᠡᠭ ᠢ ᠴᠢᠳᠠᠮᠠᠭᠠᠢ ᠡᠷᠢᠵᠦ ᠰᠢᠨ᠎ᠡ ᠰᠡᠳᠬᠢᠬᠦᠢ ᠪᠠᠷ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢ | ᠠᠬᠢᠭᠤᠯᠵᠤ ᠰᠢᠨ᠎ᠡ ᠠᠬᠢᠴᠠ ᠲᠠᠢ ᠪᠣᠯᠭᠠᠨ᠎ᠠ᠃ | ᠬᠤᠶᠠᠷ᠂ ᠠᠵᠢᠯ ᠤᠨ ᠬᠠᠷᠠᠯᠲᠠ | ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ ᠪᠠᠷ ᠳᠠᠮᠵᠢᠭᠤᠯᠤᠨ ᠣᠷᠤᠭ ᠬᠤᠷᠢᠮ ᠤᠨ ᠵᠠᠩᠰᠢᠯ ᠤᠨ | ᠰᠣᠶᠣᠯ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ ᠣᠲᠣ ᠦᠶ᠎ᠡ ᠶᠢᠨ ᠪᠣᠯᠪᠠᠰᠤᠨ ᠪᠥᠭᠡᠳ ᠲᠥᠬᠦᠮ ᠠᠪᠰᠠᠷᠬᠠᠨ ᠬᠤᠷᠢᠮ ᠤᠨ ᠶᠣᠰᠣᠯᠠᠯ ᠪᠠ | ᠳᠤᠮᠳᠠᠳᠤ ᠶᠢᠨ ᠤᠯᠠᠮᠵᠢᠯᠠᠯᠲᠤ ᠰᠢᠯᠢᠳᠡᠭ ᠬᠤᠷᠢᠮ ᠤᠨ ᠵᠠᠩᠰᠢᠯ ᠤᠨ ᠰᠣᠶᠣᠯ ᠢ ᠤᠬᠠᠭᠤᠯᠤᠨ ᠰᠠᠨᠠᠭᠠᠴᠢᠯᠠᠵᠤ ᠣᠷᠤᠭ ᠬᠤᠷᠢᠮ ᠤᠨ ᠬᠦᠷᠢᠶ᠎ᠡ ᠴᠠᠷᠠᠭᠠᠨ ᠳᠠᠬᠢ | ᠵᠠᠩᠰᠢᠯ ᠢ ᠥᠭᠡᠷᠡᠴᠢᠯᠡᠬᠦ ᠶᠢ ᠶᠡᠬᠡᠪᠡᠷ ᠲᠦᠯᠬᠢᠨ ᠠᠬᠢᠭᠤᠯᠵᠤ ᠣᠷᠤᠭ ᠬᠤᠷᠢᠮ ᠤᠨ ᠲᠤᠬᠠᠢ ᠶᠢᠨ ᠬᠥᠮᠥᠨ ᠢ ᠬᠥᠲᠥᠯᠥᠨ ᠵᠢᠯᠤᠭᠤᠳᠴᠤ ᠪᠠᠶᠢᠭᠠᠳ ᠶᠡᠭᠡ ᠪᠠᠷ | ᠪᠡᠯᠡᠳᠬᠡᠵᠦ ᠶᠡᠭᠡ ᠪᠠᠷ ᠬᠢᠬᠦ᠂ ᠪᠦᠷᠢᠯᠭᠡᠨ ᠰᠦᠢᠳᠬᠡᠬᠦ ᠵᠡᠷᠭᠡ ᠮᠠᠭᠤ ᠮᠠᠭᠤᠬᠠᠢ ᠵᠠᠩ ᠳᠠᠳᠬᠠᠯ ᠢ ᠤᠬᠠᠮᠰᠠᠷ ᠠᠴᠠ ᠪᠠᠨ ᠲᠠᠶᠠᠭᠳᠠᠭᠤᠯᠵᠤ ᠣᠷᠤᠭ ᠬᠤᠷᠢᠮ ᠤᠨ | ᠭᠡᠷ ᠪᠦᠯᠢ ᠶᠢᠨ ᠵᠥᠪ ᠦᠵᠡᠯᠲᠡ ᠶᠢ ᠪᠣᠶ ᠪᠣᠯᠭᠠᠨ᠎ᠠ᠃ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠤᠨ ᠠᠷᠭ᠎ᠠ ᠬᠡᠮᠵᠢᠶ᠎ᠡ ᠪᠠ ᠠᠷᠭ᠎ᠠ | ᠪᠠᠷᠢᠯ ᠤᠨ ᠰᠢᠨ᠎ᠡ ᠶᠢ ᠡᠭᠦᠳᠴᠦ ᠲᠤᠷᠰᠢᠯᠲᠠ ᠶᠢᠨ ᠴᠡᠭ ᠤᠨ ᠠᠵᠢᠯ ᠢᠶᠠᠷ ᠳᠡᠮᠵᠢᠨ ᠳᠥᠭᠦᠮ ᠪᠥᠭᠡᠳ ᠲᠣᠬᠢᠷᠠᠮᠵᠢᠲᠠᠢ ᠬᠤᠷᠢᠮ ᠤᠨ ᠶᠣᠰᠣ ᠵᠢᠷᠤᠮ ᠢ | ᠳᠡᠯᠭᠡᠷᠡᠭᠦᠯᠬᠦ ᠲᠠᠯ᠎ᠠ ᠪᠠᠷ ᠰᠢᠨ᠎ᠡ ᠳᠠᠪᠰᠢᠯᠲᠠ ᠲᠠᠢ ᠪᠣᠯᠵᠤ ᠡᠷᠡᠭᠦᠯ ᠰᠠᠷᠠᠭᠤᠯ ᠪᠣᠯᠪᠠᠰᠤᠨ ᠣᠷᠤᠭ ᠬᠤᠷᠢᠮ ᠤᠨ ᠥᠷᠲᠡᠭ ᠤᠨ ᠦᠵᠡᠯᠲᠡ ᠶᠢ ᠪᠣᠶ ᠪᠣᠯᠭᠠᠬᠤ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ ᠰᠠᠶᠢᠨ ᠰᠠᠶᠢᠬᠠᠨ ᠭᠡᠷ ᠤᠨ ᠰᠤᠷᠲᠠᠯ ᠭᠡᠷ ᠤᠨ ᠰᠤᠷᠭᠠᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠰᠢᠨ᠎ᠡ ᠦᠷ᠎ᠡ | ᠪᠦᠲᠦᠮᠵᠢ ᠣᠯᠵᠤ ᠪᠣᠯᠪᠠᠰᠤᠨ ᠥᠭᠡᠳᠡᠷᠬᠡᠭ ᠣᠷᠤᠭ ᠬᠤᠷᠢᠮ ᠤᠨ ᠵᠠᠩᠰᠢᠯ ᠤᠨ ᠰᠣᠶᠣᠯ ᠢ ᠪᠤᠢ ᠪᠤᠯᠭᠠᠬᠤ ᠲᠠᠯ᠎ᠠ ᠪᠠᠷ ᠰᠢᠨ᠎ᠡ ᠠᠬᠢᠴᠠ ᠲᠠᠢ ᠪᠣᠯᠵᠤ ᠨᠢᠭᠡ | ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠪᠣᠶ ᠪᠣᠯᠭᠠᠬᠤ ᠶᠢ ᠠᠬᠢᠭᠤᠯᠵᠤ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠳᠤ | ᠲᠤᠷᠰᠢᠯᠭ᠎ᠠ ᠬᠠᠩᠭᠠᠨ᠎ᠠ᠃ | ᠭᠤᠷᠪᠠ᠂ ᠭᠤᠣᠯ ᠠᠭᠤᠯᠭ᠎ᠠ | ︵ᠨᠢᠭᠡ︶ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠤᠯᠤᠰ ᠤᠨ 4A ᠲᠠᠰ ᠤᠨ ᠣᠷᠤᠭ ᠬᠤᠷᠢᠮ ᠤᠨ ᠳᠠᠩᠰᠠᠯᠠᠯᠲᠠ ᠶᠢᠨ ᠪᠠᠶᠢᠭᠤᠯᠭ᠎ᠠ ᠨᠢᠬᠡᠴᠢ ᠶᠢᠨ ᠦᠨᠡᠯᠡᠨ ᠲᠣᠭᠲᠠᠭᠠᠬᠤ ᠪᠠᠷᠢᠮᠵᠢᠶ᠎ᠠ | ᠶᠣᠰᠣᠭᠠᠷ ᠣᠷᠤᠭ ᠬᠤᠷᠢᠮ ᠤᠨ ᠳᠠᠩᠰᠠᠯᠠᠯᠲᠠ ᠶᠢᠨ ᠲᠠᠯᠠᠪᠤᠷ ᠭᠠᠵᠠᠷ ᠤᠨ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠵᠦ ᠣᠷᠤᠭ | ᠬᠤᠷᠢᠮ ᠤᠨ ᠳᠠᠩᠰᠠᠯᠠᠯᠲᠠ ᠶᠢᠨ ᠲᠠᠯᠠᠪᠤᠷ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠠᠶᠢᠷᠢᠰᠢᠭᠤᠯᠤᠯᠲᠠ ᠶᠢ | ᠨᠠᠩ ᠵᠦᠢ ᠵᠣᠬᠢᠰᠲᠠᠢ᠂ ᠴᠢᠳᠠᠮᠵᠢ ᠶᠢ ᠨᠠᠩ ᠪᠦᠷᠢᠨ ᠭᠦᠢᠴᠡᠳ᠂ ᠦᠢᠯᠡᠴᠢᠯᠡᠭᠡ ᠶᠢ ᠨᠠᠩ ᠳᠣᠲᠣᠨᠣ ᠪᠣᠯᠭᠠᠨ᠎ᠠ᠃ ᠣᠷᠤᠭ ᠬᠤᠷᠢᠮ ᠤᠨ ᠪᠦᠷᠢᠳᠬᠡᠯ ᠤᠨ | ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠠᠵᠢᠯᠲᠠᠨ ᠢ ᠪᠦᠷᠢᠨ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠵᠦ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃ ᠴᠡᠴᠡᠷᠯᠢᠭ ᠠᠭᠤᠳᠠᠮ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠪᠠ ᠣᠷᠤᠭ ᠬᠤᠷᠢᠮ ᠤᠨ | ᠳᠠᠩᠰᠠᠯᠠᠯᠲᠠ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠣᠷᠤᠭ ᠬᠤᠷᠢᠮ ᠤᠨ ᠰᠣᠶᠣᠯ ᠤᠨ ᠬᠡᠷᠡᠮ᠂ ᠣᠷᠤᠭ ᠬᠤᠷᠢᠮ ᠤᠨ | ᠰᠣᠶᠣᠯ ᠤᠨ ᠦᠵᠡᠭᠦᠯᠭᠡ ᠶᠢᠨ ᠲᠢᠩᠬᠢᠮ᠂ ᠣᠷᠤᠭ ᠬᠤᠷᠢᠮ ᠤᠨ ᠰᠣᠶᠣᠯ ᠤᠨ ᠮᠦᠽᠧᠢ᠂ ᠣᠷᠤᠭ ᠬᠤᠷᠢᠮ ᠤᠨ ᠭᠡᠷ ᠪᠦᠯᠢ ᠶᠢᠨ ᠰᠣᠶᠣᠯ ᠤᠨ ᠬᠥᠮᠦᠵᠢᠯ ᠤᠨ | ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠵᠤ ᠣᠷᠤᠭ ᠬᠤᠷᠢᠮ ᠤᠨ ᠰᠣᠶᠣᠯ ᠤᠨ ᠬᠥᠮᠦᠵᠢᠯ ᠢ ᠴᠢᠩᠭᠠᠳᠬᠠᠨ᠎ᠠ᠃ | ︵ᠬᠤᠶᠠᠷ︶ ︽ᠵᠣᠯ ᠵᠢᠷᠭᠠᠯ + 1℃︾ ᠤᠨ ᠣᠷᠤᠭ ᠬᠤᠷᠢᠮ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ ᠶᠢ ᠥᠷᠨᠢᠭᠦᠯᠦᠨ᠎ᠡ᠃ | ᠭᠠᠷᠠᠭ ᠪᠦᠷᠢ ᠲᠠᠪᠤ ᠤᠳᠠᠭ᠎ᠠ ︵20 ᠴᠠᠭ ᠪᠤᠶᠤ 20 ᠴᠠᠭ ᠠᠴᠠ ᠳᠡᠭᠡᠭᠰᠢ︶ ᠲᠤᠰᠬᠠᠢ ᠮᠡᠷᠭᠡᠵᠢᠯ ᠤᠨ ︵ᠦᠨᠡᠮᠯᠡᠯ ᠲᠠᠢ︶ ᠰᠡᠳᠬᠢᠴᠡ ᠶᠢᠨ ᠵᠥᠪᠯᠡᠭᠴᠢ | ᠪᠤᠶᠤ ᠣᠷᠤᠭ ᠬᠤᠷᠢᠮ ᠭᠡᠷ ᠪᠦᠯᠢ ᠶᠢᠨ ᠵᠥᠪᠯᠡᠭᠴᠢ ᠠᠴᠠ ᠣᠷᠤᠭ ᠬᠤᠷᠢᠮ ᠭᠡᠷ ᠪᠦᠯᠢ ᠶᠢᠨ ᠬᠠᠪᠰᠤᠷᠤᠨ ᠵᠢᠯᠤᠭᠤᠳᠬᠤ ᠲᠥᠪ ᠲᠤ ᠰᠠᠭᠤᠵᠤ ᠣᠷᠤᠭ | ᠬᠤᠷᠢᠮ ᠭᠡᠷ ᠪᠦᠯᠢ ᠶᠢᠨ ᠬᠠᠪᠰᠤᠷᠤᠨ ᠵᠢᠯᠣᠭᠤᠳᠤᠯᠭ᠎ᠠ ᠥᠷᠨᠢᠭᠦᠯᠦᠨ᠎ᠡ᠃ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠣᠷᠤᠭ ᠬᠤᠷᠢᠮ ᠭᠡᠷ ᠪᠦᠯᠢ ᠶᠢᠨ | ᠬᠠᠪᠰᠤᠷᠤᠨ ᠵᠢᠯᠤᠭᠤᠳᠬᠤ ᠦᠢᠯᠡᠴᠢᠯᠡᠭᠡ ᠶᠢ ᠥᠷᠨᠢᠭᠦᠯᠬᠦ ᠪᠠᠷ ᠳᠠᠮᠵᠢᠭᠤᠯᠤᠨ ᠰᠢᠨ᠎ᠡ ᠬᠤᠷᠢᠮᠯᠠᠬᠤ ᠪᠠᠷ ᠪᠠᠶᠢᠭ᠎ᠠ ᠡᠷ᠎ᠡ ᠡᠮ᠎ᠡ ᠳᠤ ᠤᠷᠤᠭᠯᠠᠬᠤ ᠠᠴᠠ ᠡᠮᠦᠨᠡᠬᠢ | ᠬᠠᠪᠰᠤᠷᠤᠨ ᠵᠢᠯᠤᠭᠤᠳᠤᠯᠭ᠎ᠠ ᠪᠠ ᠢᠨᠠᠭ ᠣᠷᠤᠭ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢᠨ ᠰᠤᠷᠭᠠᠨ ᠬᠥᠮᠥᠵᠢᠯ ᠬᠥᠲᠥᠯᠥᠨ ᠵᠢᠯᠤᠭᠤᠳᠤᠯᠭ᠎ᠠ ᠶᠢ | ᠬᠠᠩᠭᠠᠵᠤ ᠣᠷᠤᠭ ᠬᠤᠷᠢᠮ ᠤᠨ ᠲᠠᠯ᠎ᠠ ᠪᠠᠷ ᠠᠰᠠᠭᠤᠳᠠᠯ ᠭᠠᠷᠤᠭᠰᠠᠨ ᠭᠡᠷ ᠪᠦᠯᠢ ᠳᠤ ᠬᠠᠶᠢᠷ᠎ᠠ ᠰᠡᠳᠬᠢᠯᠭᠡ ᠶᠢᠨ ᠨᠡᠪᠲᠡᠷᠡᠯᠴᠡᠭᠡ᠂ ᠣᠷᠤᠭ ᠰᠠᠯᠬᠤ | ᠲᠠᠶᠢᠪᠤᠰᠢᠷᠠᠯ ᠤᠨ ᠬᠤᠭᠤᠴᠠᠭᠠᠨ ᠤ ᠬᠠᠪᠰᠤᠷᠤᠨ ᠵᠢᠯᠤᠭᠤᠳᠤᠯᠭ᠎ᠠ᠂ ᠣᠷᠤᠭ ᠬᠤᠷᠢᠮ ᠭᠡᠷ ᠪᠦᠯᠢ ᠶᠢᠨ ᠬᠠᠷᠢᠴᠠᠭ᠎ᠠ ᠶᠢᠨ ᠵᠣᠬᠢᠴᠠᠭᠤᠯᠭ᠎ᠠ᠂ ᠬᠠᠤᠯᠢ | ᠴᠠᠭᠠᠵᠠ ᠶᠢᠨ ᠯᠠᠪᠯᠠᠭ᠎ᠠ ᠵᠡᠷᠭᠡ ᠦᠢᠯᠡᠴᠢᠯᠡᠭᠡ ᠬᠠᠩᠭᠠᠵᠤ ᠵᠤᠬᠢᠴᠠᠭᠤᠯᠬᠤ ᠪᠠᠷ ᠳᠠᠮᠵᠢᠨ ᠵᠢᠭᠤᠷᠠᠯᠳᠤᠭᠠᠨ ᠢ ᠠᠷᠢᠯᠭᠠᠵᠤ ᠡᠶ᠎ᠡ ᠵᠣᠬᠢᠴᠠᠯ ᠲᠠᠢ ᠣᠷᠤᠭ ᠬᠤᠷᠢᠮ | ᠭᠡᠷ ᠪᠦᠯᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠲᠣᠭᠤᠷᠢᠭ᠂ ᠨᠡᠶᠢᠬᠡᠮ ᠤᠨ ᠵᠣᠬᠢᠶᠠᠨ ᠪᠠᠶᠢᠭᠤᠯᠤᠯᠲᠠ᠂ ᠨᠡᠶᠢᠬᠡᠮ ᠤᠨ ᠠᠵᠢᠯᠳᠠᠨ᠂ ᠨᠡᠶᠢᠬᠡᠮ | ᠲᠤᠭᠤᠷᠢᠭ ᠤᠨ ᠰᠠᠶᠢᠨ ᠲᠤᠷᠠᠴᠤᠳ᠂ ᠨᠡᠶᠢᠬᠡᠮ ᠤᠨ ᠨᠢᠭᠦᠯᠡᠰᠦᠩᠬᠦᠢ ᠶᠢᠨ ᠡᠬᠢ ᠪᠠᠶᠠᠯᠢᠭ ᠤᠨ ᠬᠤᠯᠪᠤᠯᠳᠤᠨ ᠬᠥᠳᠡᠯᠦᠯᠴᠡᠬᠦ ᠲᠣᠭᠲᠠᠴᠠ ᠶᠢᠨ ᠦᠢᠯᠡᠳᠦᠯ ᠢ | ᠪᠠᠳᠠᠷᠠᠭᠤᠯᠵᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠷᠤᠭ ᠬᠤᠷᠢᠮ ᠢᠨᠠᠭ ᠳᠤᠷᠠᠯᠠᠯ ᠤᠨ ᠵᠢᠯᠣᠭᠤᠳᠤᠯᠭ᠎ᠠ᠂ ᠤᠷᠤᠭᠯᠠᠬᠤ ᠠᠴᠠ | ᠡᠮᠦᠨᠡᠬᠢ ᠬᠥᠮᠦᠵᠢᠯ᠂ ᠭᠡᠷ ᠪᠦᠯᠢ ᠶᠢᠨ ᠬᠠᠪᠰᠤᠷᠤᠨ ᠵᠢᠯᠣᠭᠤᠳᠤᠯᠭ᠎ᠠ᠂ ᠭᠡᠷ ᠪᠦᠯᠢ ᠶᠢᠨ ᠡᠶᠡᠳᠡᠭᠦᠯᠭᠡ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ | ᠦᠢᠯᠡᠴᠢᠯᠡᠭᠡ ᠶᠢ ᠨᠡᠶᠢᠭᠡᠮ ᠲᠣᠭᠤᠷᠢᠭ᠂ ᠨᠡᠶᠢᠬᠡᠮ ᠤᠨ ᠵᠣᠬᠢᠶᠠᠨ ᠪᠠᠶᠢᠭᠤᠯᠤᠯᠲᠠ᠂ ᠨᠡᠶᠢᠬᠡᠮ ᠤᠨ ᠠᠵᠢᠯᠳᠠᠨ᠂ ᠨᠡᠶᠢᠬᠡᠮ ᠨᠡᠶᠢᠬᠡᠮ ᠲᠤᠭᠤᠷᠢᠭ ᠤᠨ ᠰᠠᠶᠢᠨ | ᠲᠤᠷᠠᠴᠤᠳ᠂ ᠨᠡᠶᠢᠬᠡᠮ ᠤᠨ ᠨᠢᠭᠦᠯᠡᠰᠦᠩᠬᠦᠢ ᠶᠢᠨ ᠡᠬᠢ ᠪᠠᠶᠠᠯᠢᠭ ᠤᠨ ᠬᠤᠯᠪᠤᠯᠳᠤᠨ ᠬᠥᠳᠡᠯᠦᠯᠴᠡᠬᠦ ᠲᠤᠭᠲᠠᠴᠠ ᠯᠤᠭ᠎ᠠ ᠪᠦᠲᠦᠮᠵᠢᠲᠡᠶ ᠤᠶᠠᠯᠳᠤᠭᠤᠯᠵᠤ | ᠣᠯᠠᠨ ᠲᠦᠮᠡᠨ ᠤ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠴᠢ ᠬᠤᠯᠪᠣᠭᠳᠠᠯ ᠢ ᠣᠶᠢᠯᠠᠭᠠᠬᠤ ᠪᠠ ᠥᠷᠭᠡᠨ ᠢᠶᠠᠷ ᠣᠷᠣᠯᠴᠠᠬᠤ ᠶᠢ | ᠠᠬᠢᠭᠤᠯᠤᠨ᠎ᠠ᠃ ︽ᠤᠷᠤᠭ ᠬᠤᠷᠢᠮ ᠤᠨ ᠶᠠᠪᠤᠳᠠᠯ ᠤᠨ ᠬᠠᠷᠢᠯᠴᠠᠨ ᠬᠠᠪᠰᠤᠷᠤᠯᠴᠠᠬᠤ ᠳᠠᠭᠠᠳᠬᠠᠯ︾ ᠢ ᠰᠦᠪᠡᠭᠴᠢᠯᠡᠨ ᠬᠡᠷᠡᠭᠵᠢᠭᠦᠯᠵᠦ ᠤᠷᠤᠭ ᠬᠤᠷᠢᠮ ᠤᠨ | ᠬᠤᠪᠢᠷᠠᠯᠲᠠ ᠠᠴᠠ ᠪᠣᠯᠵᠦ ᠡᠳ᠋ ᠬᠥᠷᠥᠩᠭᠡ ᠶᠢᠨ ᠬᠤᠬᠢᠷᠠᠯ ᠭᠠᠷᠬᠤ ᠠᠴᠠ ᠰᠡᠷᠭᠡᠶᠢᠯᠡᠨ᠎ᠡ᠃ | ︵ᠭᠤᠷᠪᠠ︶ ︽ᠬᠠᠶᠢᠷ᠎ᠠ ᠶᠢᠨ ᠠᠮᠠᠯᠠᠯᠲᠠ︾ ᠣᠨᠴᠠᠯᠢᠭᠲᠤ ᠦᠨᠡᠮᠯᠡᠯ ᠣᠯᠭᠤᠬᠤ ᠦᠢᠯᠡᠴᠢᠯᠡᠭᠡ ᠶᠢ ᠳᠡᠯᠭᠡᠷᠡᠭᠦᠯᠦᠨ᠎ᠡ᠃ ᠪᠣᠯᠪᠠᠰᠤᠨ ᠠᠪᠰᠠᠷᠬᠠᠨ | ᠤᠷᠤᠭ ᠬᠤᠷᠢᠮ ᠤᠨ ᠶᠣᠰᠣ ᠵᠢᠷᠤᠮ ᠢ ᠢᠳᠡᠪᠬᠢᠲᠡᠢ ᠪᠠᠷ ᠰᠠᠨᠠᠭᠠᠴᠢᠯᠠᠵᠤ ᠤᠷᠤᠭ ᠤᠨ ᠦᠨᠡᠮᠯᠡᠯ ᠣᠯᠭᠤᠬᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ | ᠠᠬᠢᠭᠤᠯᠤᠨ ᠦᠨᠡᠮᠯᠡᠯ ᠣᠯᠭᠤᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠭᠡᠷ ᠤᠨ ᠭᠠᠳᠠᠨᠠᠬᠢ ᠦᠨᠡᠮᠯᠡᠯ ᠣᠯᠭᠤᠬᠤ ᠰᠠᠭᠤᠷᠢᠨ ᠭᠠᠵᠠᠷ ᠢ | ᠪᠠᠶᠢᠭᠤᠯᠵᠤ ᠳᠤᠮᠳᠠᠳᠤ ᠮᠠᠶ᠋ᠢᠭ ᠤᠨ ᠬᠤᠷᠢᠮ ᠤᠨ ᠶᠣᠰᠣᠯᠠᠯ᠂ ᠣᠷᠳᠣᠰ ᠬᠤᠷᠢᠮ ᠤᠨ ᠶᠣᠰᠣᠯᠠᠯ ᠪᠠ ᠡᠸᠦ᠋ᠷᠦᠫᠡ ᠮᠠᠶ᠋ᠢᠭ ᠤᠨ ᠬᠤᠷᠢᠮ ᠤᠨ ᠶᠣᠰᠣᠯᠠᠯ ᠢ | ᠲᠡᠭᠦᠯᠳᠡᠷ ᠰᠠᠶᠢᠬᠠᠨ ᠤᠶᠠᠯᠳᠤᠭᠤᠯᠵᠤ ︽5 · 20︾᠂ ᠳᠣᠯᠣᠭᠠᠨ ᠰᠠᠷ᠎ᠠ ᠶᠢᠨ ᠳᠣᠯᠣᠭᠠᠨ ᠤ ᠠᠮᠠᠷᠠᠭ ᠤᠨ ᠪᠠᠶᠠᠷ ᠤᠨ ᠡᠳᠦᠷ ᠵᠡᠷᠭᠡ ᠴᠢᠬᠤᠯᠠ | ᠪᠠᠶᠠᠷ ᠤᠨ ᠡᠳᠦᠷ ᠲᠤ ᠦᠨᠡᠮᠯᠡᠯ ᠣᠯᠭᠤᠬᠤ ᠪᠡᠶᠡᠴᠢᠯᠡᠨ ᠣᠶᠢᠯᠠᠭᠠᠬᠤ ᠣᠨᠴᠠᠯᠢᠭᠲᠤ ᠶᠣᠰᠣᠯᠠᠯ ᠥᠷᠨᠢᠭᠦᠯᠵᠦ ︽ᠱᠦᠵᠢ ᠬᠤᠰᠢᠭᠤ ᠳᠠᠷᠤᠭ᠎ᠠ ᠠᠴᠠ ᠦᠨᠡᠮᠯᠡᠯ | ᠣᠯᠭᠤᠬᠤ ᠡᠳᠦᠷ︾ ︽ᠠᠯᠲᠠᠨ ᠤᠷᠤᠭ ᠤᠨ ᠬᠤᠤᠰ ᠠᠴᠠ ᠦᠨᠡᠮᠯᠡᠯ ᠣᠯᠭᠤᠬᠤ ᠡᠳᠦᠷ︾ ︽ᠨᠡᠶᠢᠭᠡᠮ ᠤᠨ ᠨᠠᠷᠠᠲᠤ ᠬᠥᠮᠥᠰ ᠠᠴᠠ ᠦᠨᠡᠮᠯᠡᠯ ᠣᠯᠭᠤᠬᠤ | ᠡᠳᠦᠷ︾ ᠵᠡᠷᠭᠡ ᠪᠡᠶᠡᠴᠢᠯᠡᠨ ᠣᠶᠢᠯᠠᠭᠠᠬᠤ ᠠᠵᠢᠯᠯᠠᠭ᠎ᠠ ᠪᠠᠷ ᠳᠠᠮᠵᠢᠭᠤᠯᠤᠨ ᠲᠦᠪᠯᠡᠷᠡᠩᠬᠦᠢ ᠪᠠᠷ ᠦᠨᠡᠮᠯᠡᠯ ᠣᠯᠭᠤᠬᠤ᠂ ᠥᠪᠡᠷᠮᠢᠴᠡ ᠴᠢᠨᠠᠷ ᠲᠠᠢ ᠪᠠᠷ ᠦᠨᠡᠮᠯᠡᠯ | ᠣᠯᠭᠤᠬᠤ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠰᠢᠨ᠎ᠡ ᠤᠷᠤᠭᠯᠠᠭᠰᠠᠳ ᠢ ᠲᠥᠪ ᠶᠡᠬᠡᠮᠰᠦᠭ ᠣᠷᠳᠣᠨ ᠲᠤᠭᠠᠩ ᠳᠤ | ᠬᠠᠤᠯᠢ ᠶᠣᠰᠣᠨ ᠤ ᠣᠷᠤᠭ ᠪᠠᠷᠢᠯᠳᠤᠭᠤᠯᠵᠤ ᠣᠷᠤᠭ ᠤᠨ ᠳᠠᠩᠰᠠᠯᠠᠯᠲᠠ ᠶᠢᠨ ᠶᠣᠰᠣᠯᠠᠯ ᠤᠨ ᠲᠥᠷᠥᠭᠳᠡᠯ ᠢ ᠨᠡᠮᠡᠭᠳᠡᠭᠦᠯᠦᠨ ᠭᠡᠷ ᠪᠦᠯᠢ ᠶᠢᠨ ᠬᠠᠷᠢᠭᠤᠴᠠᠯᠭ᠎ᠠ | ᠪᠠ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠬᠤᠳᠠ ᠳᠠᠬᠢ ᠮᠠᠶᠢᠬᠠᠨ ᠤ ᠪᠠᠭᠤᠴᠠ᠂ ᠬᠢᠮᠡᠯ ᠨᠠᠭᠤᠷ᠂ ᠵᠦᠯᠬᠡ ᠲᠠᠢ | ᠠᠭᠤᠳᠠᠮ ᠲᠠᠯᠠᠪᠠᠢ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠦᠰᠢᠭᠯᠡᠨ ᠬᠠᠮᠲᠤ ᠶᠢᠨ ᠬᠤᠷᠢᠮ ᠤᠨ ᠶᠣᠰᠣᠯᠠᠯ᠂ ᠳᠤᠷᠠᠰᠬᠠᠯ ᠤᠨ ᠬᠤᠷᠢᠮ ᠵᠡᠷᠭᠡ | ᠣᠨᠴᠠᠯᠢᠭ ᠢᠶᠠᠷ ᠲᠣᠪᠣᠶᠢᠮ᠎ᠠ᠂ ᠤᠳᠤ ᠦᠶ᠎ᠡ ᠶᠢᠨ ᠴᠠᠭ ᠤᠨ ᠥᠩᠭᠡ ᠲᠠᠢ᠂ ᠪᠣᠯᠪᠠᠰᠤᠨ ᠠᠷᠪᠢᠴᠢ ᠭᠠᠮᠲᠠᠢ ᠰᠢᠨ᠎ᠡ ᠴᠠᠭ ᠦᠶ᠎ᠡ ᠶᠢᠨ ᠬᠤᠷᠢᠮ ᠤᠨ ᠶᠣᠰᠣᠯᠠᠯ ᠢ | ᠡᠷᠬᠢᠯᠡᠵᠦ ᠵᠠᠩᠰᠢᠯ ᠢ ᠥᠭᠡᠷᠡᠴᠢᠯᠡᠬᠦ ᠶᠢ ᠠᠬᠢᠭᠤᠯᠵᠤ ᠬᠤᠳᠠ ᠶᠢᠨ ᠳᠤᠯᠠᠭᠠᠨ ᠤ ᠬᠡᠮᠵᠢᠶ᠎ᠡ ᠪᠣᠯᠣᠨ ᠪᠣᠯᠪᠠᠰᠤᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | | ︵ᠳᠥᠷᠪᠡ︶ ︽ᠬᠠᠮᠲᠤ ᠪᠠᠷ ᠦᠰᠦᠨ ᠪᠣᠶᠢᠵᠢᠶᠠ︾ ᠰᠢᠨ᠎ᠡ ᠬᠤᠷᠢᠮᠯᠠᠭᠰᠠᠳ ᠤᠨ ᠦᠰᠦᠨ ᠪᠤᠶᠢᠵᠢᠯᠲᠠ ᠶᠢᠨ ᠬᠢᠴᠢᠶᠡᠯ ᠤᠨ ᠲᠠᠩᠬᠢᠮ ᠢ ᠨᠡᠭᠡᠭᠡᠨ᠎ᠡ᠃ | ᠣᠷᠤᠭ ᠬᠤᠷᠢᠮ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ ᠶᠢ ᠭᠡᠷ ᠪᠦᠯᠢ᠂ ᠨᠡᠶᠢᠭᠡᠮ ᠲᠣᠭᠤᠷᠢᠭ᠂ ᠰᠤᠷᠭᠠᠭᠤᠯᠢ ᠳᠤ ᠣᠷᠣᠭᠤᠯᠬᠤ | ᠠᠵᠢᠯᠯᠠᠭ᠎ᠠ ᠥᠷᠨᠢᠭᠦᠯᠵᠦ ᠭᠡᠷ ᠪᠦᠯᠢ᠂ ᠨᠡᠶᠢᠭᠡᠮ ᠲᠣᠭᠤᠷᠢᠭ᠂ ᠰᠤᠷᠭᠠᠭᠤᠯᠢ ᠳᠤ ᠬᠠᠨᠳᠤᠭᠤᠯᠤᠨ ᠭᠡᠷ ᠪᠦᠯᠢ ᠶᠢᠨ ᠬᠥᠮᠦᠵᠢᠯ᠂ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠬᠥᠮᠦᠵᠢᠯ᠂ ᠠᠮᠢᠳᠤᠷᠠᠯ ᠤᠨ ᠳᠠᠷᠤᠭᠠᠰᠣ ᠶᠢ ᠪᠠᠭᠠᠰᠬᠠᠬᠤ ᠪᠠ ᠨᠡᠶᠢᠭᠡᠮ ᠤᠨ ᠳᠡᠮᠵᠢᠯᠭᠡ᠂ ᠣᠶᠤᠲᠠᠳ ᠤᠨ ᠵᠥᠪ ᠣᠨᠣᠪᠴᠢᠲᠠᠶ | ᠢᠨᠠᠭ ᠣᠷᠤᠭ ᠤᠨ ᠦᠵᠡᠯᠲᠡ ᠶᠢᠨ ᠬᠥᠮᠦᠵᠢᠯ ᠵᠡᠷᠭᠡ ᠤᠷᠢᠳᠴᠢᠯᠠᠨ ᠰᠡᠷᠭᠡᠶᠢᠯᠡᠬᠦ ᠴᠢᠨᠠᠷᠲᠠᠢ ᠲᠤᠰᠬᠠᠢ ᠦᠢᠯᠡᠴᠢᠯᠡᠭᠡ ᠶᠢ ᠥᠷᠨᠢᠭᠦᠯᠦᠨ᠎ᠡ᠃ ᠰᠢᠨ᠎ᠡ | ᠬᠤᠷᠢᠮᠯᠠᠭᠰᠠᠳ ᠬᠡᠦᠬᠡᠳ ᠤᠨ ᠴᠡᠴᠡᠷᠯᠢᠭ ᠲᠤ ᠣᠷᠣᠬᠤ ᠠᠵᠢᠯᠯᠠᠭ᠎ᠠ ᠶᠢ ᠥᠷᠨᠢᠭᠦᠯᠵᠦ ᠰᠢᠨ᠎ᠡ ᠬᠤᠷᠢᠮᠯᠠᠭᠰᠠᠳ ᠲᠤ ᠬᠡᠦᠬᠡᠳ ᠤᠨ ᠦᠰᠦᠨ ᠪᠤᠶᠢᠵᠢᠯᠲᠠ ᠶᠢᠨ | ᠰᠤᠷᠭᠠᠨ ᠬᠥᠮᠦᠵᠢᠯ ᠤᠨ ᠮᠡᠳᠡᠯᠭᠡ ᠶᠢ ᠰᠤᠷᠤᠯᠴᠠᠭᠤᠯᠤᠨ᠎ᠠ᠃ ︽ᠰᠢᠨ᠎ᠡ ᠬᠤᠷᠢᠮᠯᠠᠭᠰᠠᠳ ᠤᠨ ᠪᠢᠴᠢᠯ ᠬᠢᠴᠢᠶᠡᠯ ᠤᠨ ᠲᠠᠩᠬᠢᠮ︾ ᠢ ᠨᠡᠭᠡᠭᠡᠵᠦ ᠲᠤᠰᠬᠠᠢ | ᠮᠡᠷᠭᠡᠵᠢᠯ ᠤᠨ ᠭᠡᠷ ᠪᠦᠯᠢ ᠶᠢᠨ ᠬᠥᠮᠦᠵᠢᠯ ᠤᠨ ᠬᠠᠪᠰᠤᠷᠤᠨ ᠵᠢᠯᠣᠭᠤᠳᠤᠭᠴᠢ᠂ ᠠᠯᠲᠠᠨ ᠤᠷᠤᠭ ᠤᠨ ᠬᠤᠤᠰ᠂ ᠵᠣᠯ ᠵᠢᠷᠭᠠᠯᠲᠤ ᠭᠡᠷ ᠪᠦᠯᠢ ᠶᠢᠨ ᠵᠢᠱᠢᠶᠡᠴᠢ | ᠵᠡᠷᠭᠡ ᠶᠢ ᠤᠷᠢᠵᠤ ᠰᠦᠯᠵᠢᠶᠡᠨ ᠳᠡᠭᠡᠷᠡᠬᠢ ᠪᠢᠴᠢᠯ ᠬᠢᠴᠢᠶᠡᠯ ᠤᠨ ᠲᠠᠩᠬᠢᠮ᠂ ᠰᠦᠯᠵᠢᠶᠡᠨ ᠭᠠᠳᠠᠨᠠᠬᠢ ᠲᠣᠮᠣ ᠲᠠᠶᠢᠯᠤᠮᠵᠢ ᠪᠠᠷ ᠳᠠᠮᠵᠢᠭᠤᠯᠤᠨ ᠵᠣᠯ ᠵᠢᠷᠭᠠᠯᠲᠤ | ᠣᠷᠤᠭ ᠤᠨ ᠡᠵᠡᠩᠨᠡᠯᠲᠡ ᠶᠢᠨ ᠲᠤᠷᠰᠢᠯᠭ᠎ᠠ ᠪᠠ ᠠᠷᠭ᠎ᠠ ᠪᠠᠷᠢᠯ ᠢ ᠬᠤᠪᠢᠶᠠᠯᠴᠠᠨ ᠡᠳ᠋ᠯᠡᠵᠦ ᠰᠢᠨ᠎ᠡ ᠬᠤᠷᠢᠮᠯᠠᠭᠰᠠᠳ ᠤᠨ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠤᠨ ᠣᠷᠤᠭ ᠬᠤᠷᠢᠮ ᠭᠡᠷ ᠪᠦᠯᠢ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ ᠬᠠᠷᠢᠯᠴᠠᠨ ᠬᠦᠨᠳᠦᠳᠬᠡᠵᠦ᠂ ᠬᠠᠷᠢᠯᠴᠠᠨ ᠬᠠᠶᠢᠷᠠᠯᠠᠵᠤ᠂ | ᠠᠭᠤᠴᠢᠯᠠᠨ ᠣᠶᠢᠯᠠᠭᠠᠵᠤ ᠣᠶᠤᠨ ᠤᠬᠠᠭᠠᠨ ᠪᠠ ᠡᠭᠦᠷᠭᠡ ᠬᠠᠷᠢᠭᠤᠴᠠᠯᠭ᠎ᠠ ᠪᠠᠷ ᠢᠶᠠᠨ ᠲᠡᠭᠦᠰ ᠰᠠᠶᠢᠬᠠᠨ ᠭᠡᠷ ᠪᠦᠯᠢ ᠶᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠵᠣᠷᠢᠭᠵᠢᠭᠤᠯᠤᠨ᠎ᠠ᠃ | ︵ᠲᠠᠪᠤ︶ ︽ᠨᠤᠮᠢᠨ ᠲᠠᠩᠰᠤᠭ ᠦᠦᠰᠢᠨ︾ ᠤ ᠤᠷᠤᠭ ᠬᠤᠷᠢᠮ ᠤᠨ ᠵᠠᠩᠰᠢᠯ ᠤᠨ ᠰᠣᠶᠣᠯ ᠤᠨ ᠤᠬᠠᠭᠤᠯᠭ᠎ᠠ ᠶᠢ ᠥᠷᠨᠢᠭᠦᠯᠦᠨ᠎ᠡ᠃ ᠠᠷᠠᠳ ᠣᠯᠠᠨ | ᠢ ᠥᠷᠭᠡᠨ ᠢᠶᠠᠷ ᠲᠠᠶᠢᠴᠢᠯᠠᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠳᠤ ᠣᠷᠣᠯᠴᠠᠭᠤᠯᠵᠤ ᠠᠯᠪᠠᠨ ᠠᠵᠢᠯᠳᠠᠨ ᠢ ᠬᠥᠲᠥᠯᠥᠨ ᠵᠢᠯᠤᠭᠤᠳᠴᠤ | ᠪᠠᠶᠢᠭᠠᠳ ᠲᠦᠬᠦᠮ ᠪᠣᠷᠣᠭᠵᠢᠭᠤᠨ ᠠᠷᠪᠢᠴᠢ ᠭᠠᠮᠲᠠᠢ ᠬᠤᠷᠢᠮ ᠤᠨ ᠶᠣᠰᠣᠯᠠᠯ ᠢ ᠬᠢᠯᠭᠡᠵᠦ ᠨᠠᠮ ᠤᠨ ᠭᠡᠰᠢᠭᠦᠨ ᠢᠶᠠᠷ ᠤᠯᠠᠨ ᠲᠦᠮᠡᠨ ᠢ ᠳᠠᠶᠢᠴᠢᠯᠠᠭᠤᠯᠤᠨᠠ᠃ | ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠭᠤᠯᠭ᠎ᠠ ᠶᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠢᠴᠢ ᠬᠠᠮᠤᠭ ᠤᠨ ᠭᠤᠶᠣ ᠭᠡᠷ ᠪᠦᠯᠢ᠂ | ᠪᠣᠯᠪᠠᠰᠤᠨ ᠭᠡᠷ ᠪᠦᠯᠢ ᠶᠢ ᠰᠢᠯᠭᠠᠷᠠᠭᠤᠯᠬᠤ ᠠᠵᠢᠯᠯᠠᠭ᠎ᠠ ᠳᠤ ᠣᠷᠣᠭᠤᠯᠤᠨ᠎ᠠ᠃ ᠠᠯᠮᠠᠰ ᠤᠷᠤᠭ ᠤᠨ ᠬᠤᠤᠰ᠂ ᠠᠯᠲᠠᠨ ᠤᠷᠤᠭ ᠤᠨ ᠬᠤᠤᠰ᠂ ᠬᠠᠮᠤᠭ ᠤᠨ | ᠭᠤᠶᠣ ᠤᠷᠤᠭ ᠬᠤᠷᠢᠮ ᠤᠨ ᠭᠡᠷ ᠪᠦᠯᠢ ᠶᠢ ᠡᠷᠢᠬᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠬᠤᠰᠢᠭᠤᠨ ᠳᠤ | ᠪᠣᠯᠪᠠᠰᠤᠨ ᠤᠷᠤᠭ ᠬᠤᠷᠢᠮ ᠤᠨ ᠵᠠᠩᠰᠢᠯ᠂ ᠰᠠᠶᠢᠨ ᠭᠡᠷ ᠤᠨ ᠰᠤᠷᠲᠠᠯ ᠰᠠᠶᠢᠨ ᠭᠡᠷ ᠤᠨ ᠬᠦᠮᠦᠵᠢᠯ ᠰᠠᠶᠢᠨ ᠭᠡᠷ ᠤᠨ ᠰᠤᠷᠭᠠᠯ ᠢ ᠭᠡᠷ ᠪᠦᠯᠢ᠂ ᠨᠡᠶᠢᠭᠡᠮ | ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠳᠤ ᠬᠦᠷᠭᠡᠬᠦ ᠵᠡᠷᠭᠡ ᠠᠵᠢᠯᠯᠠᠭ᠎ᠠ ᠶᠢ ᠥᠷᠨᠢᠭᠦᠯᠵᠦ ᠳᠡᠷᠭᠡᠳᠡᠬᠢ ᠬᠥᠮᠥᠨ᠂ ᠳᠡᠷᠭᠡᠳᠡᠬᠢ ᠶᠠᠪᠤᠳᠠᠯ᠂ ᠳᠡᠷᠭᠡᠳᠡᠬᠢ | ᠥᠯᠢᠭᠡᠷ ᠳᠠᠭᠤᠷᠢᠶᠠᠯ ᠢᠶᠠᠷ ᠢᠶᠠᠨ ᠨᠡᠶᠢᠭᠡᠮ ᠤᠨ ᠬᠡᠪ ᠰᠤᠷᠲᠠᠯ ᠢ ᠴᠡᠪᠡᠷᠰᠢᠭᠦᠯᠵᠦ ᠬᠥᠷᠰᠢ ᠵᠡᠷᠭᠡᠯᠡᠳᠡᠭᠡ ᠶᠢᠨ ᠭᠡᠷ ᠪᠦᠯᠢ ᠶᠢ ᠨᠦᠯᠦᠬᠡᠯᠡᠨ ᠡᠶ᠎ᠡ ᠨᠠᠶᠢᠷᠲᠠᠢ | ᠪᠤᠯᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ ᠲᠥᠬᠦᠮ | ᠪᠥᠭᠡᠳ ᠲᠣᠬᠢᠷᠠᠮᠵᠢᠲᠠᠢ ᠣᠷᠤᠭ ᠬᠤᠷᠢᠮ ᠤᠨ ᠶᠣᠰᠣ ᠵᠢᠷᠤᠮ ᠢ ᠰᠠᠨᠠᠭᠠᠴᠢᠯᠠᠨ ᠳᠡᠯᠭᠡᠷᠡᠭᠦᠯᠬᠦ ᠳᠤᠮᠳᠠ ᠥᠯᠢᠭᠡᠷ ᠳᠠᠭᠤᠷᠢᠶᠠᠯ ᠦᠵᠡᠭᠦᠯᠦᠭᠰᠡᠨ ᠵᠢᠱᠢᠶᠡᠴᠢ ᠭᠡᠷ | ᠪᠦᠯᠢ ᠪᠠ ᠲᠡᠷᠢᠭᠦᠨ ᠤ ᠬᠤᠪᠢ ᠬᠥᠮᠥᠨ ᠳᠤ ᠣᠶᠤᠨ ᠰᠠᠨᠠᠭᠠᠨ ᠤ ᠪᠠ ᠡᠳ᠋ ᠪᠣᠳᠠᠰ ᠤᠨ ᠱᠠᠩᠨᠠᠯ ᠣᠯᠭᠤᠵᠤ ᠥᠷᠭᠡᠨ ᠣᠯᠠᠨ ᠲᠦᠮᠡᠨ ᠤ ᠣᠷᠣᠯᠴᠠᠬᠤ | ᠢᠳᠡᠪᠬᠢᠵᠢᠯ ᠢ ᠳᠠᠶᠢᠴᠢᠯᠠᠨ᠎ᠠ᠃ ︽ᠳᠥᠷᠪᠡᠨ ᠰᠤᠷᠲᠠᠯ︾ ᠢ ᠵᠠᠯᠠᠷᠠᠭᠤᠯᠬᠤ ᠪᠠ ᠰᠢᠨ᠎ᠡ ᠰᠤᠷᠲᠠᠯ ᠢ ᠪᠣᠶ ᠪᠣᠯᠭᠠᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ ᠥᠷᠭᠡᠨ ᠣᠯᠠᠨ ᠨᠠᠮ ᠤᠨ ᠭᠡᠰᠢᠭᠦᠨ᠂ ᠠᠯᠪᠠᠨ ᠠᠵᠢᠯᠳᠠᠨ ᠢ ᠬᠥᠲᠥᠯᠥᠨ ᠵᠢᠯᠤᠭᠤᠳᠴᠤ ᠪᠠᠶᠢᠭᠠᠳ ᠲᠦᠷᠦᠭᠦᠯᠡᠨ ᠪᠣᠷᠣᠭᠵᠢᠭᠤᠨ ᠠᠷᠪᠢᠴᠢ | ᠭᠠᠮᠲᠠᠢ ᠣᠷᠤᠭ ᠬᠤᠷᠢᠮ ᠤᠨ ᠶᠤᠰᠤᠯᠠᠯ ᠢ ᠬᠢᠵᠦ ᠪᠠᠶᠢᠭᠤᠯᠭ᠎ᠠ ᠪᠠᠷ ᠦᠨᠳᠦᠰᠦᠨ ᠱᠠᠲᠤ ᠶᠢ ᠨᠥᠯᠥᠭᠡᠯᠡᠵᠦ ᠨᠠᠮ ᠤᠨ ᠭᠡᠰᠢᠭᠦᠨ ᠢᠶᠠᠷ ᠣᠯᠠᠨ ᠲᠦᠮᠡᠨ ᠢ | ᠳᠠᠶᠢᠴᠢᠯᠠᠨ ᠲᠥᠬᠦᠮ ᠪᠥᠭᠡᠳ ᠲᠣᠬᠢᠷᠠᠮᠵᠢᠲᠠᠢ᠂ ᠢᠳᠡᠪᠬᠢᠲᠡᠢ᠂ ᠥᠭᠡᠳᠡᠷᠬᠡᠭ ᠣᠷᠤᠭ ᠬᠤᠷᠢᠮ ᠤᠨ ᠶᠣᠰᠣ ᠵᠢᠷᠤᠮ ᠢ ᠰᠢᠨ᠎ᠡ ᠴᠠᠭ ᠦᠶ᠎ᠡ ᠶᠢᠨ ᠥᠩᠭᠡ | ᠪᠣᠯᠭᠠᠵᠤ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠤᠨ᠎ᠠ᠃ ᠪᠠᠶᠠᠷ ᠤᠨ ᠣᠴᠢᠷ ᠢ ᠰᠢᠨ᠎ᠡ ᠮᠠᠶ᠋ᠢᠭ ᠢᠶᠠᠷ ᠬᠢᠬᠦ᠂ ᠠᠷᠪᠢᠴᠢ | ᠭᠠᠮᠲᠠᠢ ᠬᠢᠬᠦ ᠶᠢ ᠭᠠᠴᠠᠭ᠎ᠠ ᠲᠣᠰᠬᠤᠨ ᠤ ᠳᠦᠷᠢᠮ ᠠᠷᠠᠳ ᠤᠨ ᠭᠡᠷ᠎ᠡ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ | ᠣᠷᠣᠭᠤᠯᠵᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠡᠷᠭᠡ ᠦᠨᠳᠦᠰᠦᠨ ᠱᠠᠲᠤᠨ ᠤ ᠣᠯᠠᠨ | ᠲᠦᠮᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠮᠣ ᠦᠨᠡᠲᠠᠢ | ᠪᠡᠯᠡᠭ ᠠᠪᠬᠤ᠂ ᠪᠦᠷᠢᠯᠭᠡᠨ ᠰᠦᠢᠳᠬᠡᠬᠦ᠂ ᠪᠡᠯᠡᠭ ᠤᠨ ᠵᠦᠢᠯ ᠢᠶᠠᠨ ᠠᠳᠠᠯᠢᠳᠬᠠᠬᠤ ᠶᠢ ᠴᠡᠭᠴᠡᠯᠡᠬᠦ ᠠᠵᠢᠯ ᠢ ᠥᠷᠨᠢᠭᠦᠯᠵᠦ ᠣᠷᠤᠭ ᠲᠠᠨᠢᠯᠴᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠣᠷᠤᠭ ᠲᠠᠨᠢᠯᠴᠠᠭᠤᠯᠬᠤ ᠠᠵᠢᠯ ᠲᠥᠷᠥᠯ ᠤᠨ ᠬᠥᠭᠵᠢᠯᠲᠡ ᠶᠢ | ᠵᠢᠷᠤᠮᠵᠢᠭᠤᠯᠤᠨ ᠣᠷᠤᠭ ᠤᠨ ᠨᠠᠶᠢᠳᠠᠯᠭ᠎ᠠ᠂ ᠣᠷᠤᠭ ᠬᠤᠷᠢᠮ ᠤᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠣᠷᠤᠭ ᠲᠠᠨᠢᠯᠴᠠᠭᠤᠯᠬᠤ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠣᠯᠬᠢ ᠪᠦᠳᠦᠭᠦᠯᠢᠭ ᠣᠷᠤᠭ ᠬᠤᠷᠢᠮ ᠤᠨ ᠦᠢᠮᠡᠭᠡᠨ ᠢ ᠬᠤᠷᠢᠭᠯᠠᠬᠤ ᠶᠢ ᠢᠳᠡᠪᠬᠢᠲᠡᠢ ᠪᠠᠷ ᠤᠬᠠᠭᠤᠯᠵᠤ ᠪᠣᠯᠬᠢ | ᠪᠦᠳᠦᠭᠦᠯᠢᠭ ᠣᠷᠤᠭ ᠬᠤᠷᠢᠮ ᠤᠨ ᠦᠢᠮᠡᠭᠡᠨ ᠢ ᠪᠠᠶᠢᠩᠭᠤ ᠬᠤᠷᠢᠭᠯᠠᠬᠤ ᠶᠢ ᠪᠠᠷᠢᠮᠲᠠᠯᠠᠨ ᠪᠣᠯᠬᠢ ᠪᠦᠳᠦᠭᠦᠯᠢᠭ ᠣᠷᠤᠭ ᠬᠤᠷᠢᠮ ᠤᠨ ᠦᠢᠮᠡᠭᠡᠨ ᠢ ᠬᠤᠷᠢᠭᠯᠠᠬᠤ | ᠠᠵᠢᠯ ᠢ ᠤᠯᠠᠮ ᠨᠢᠭᠡ ᠠᠯᠬᠤᠮ ᠪᠣᠳᠠᠲᠠᠢ ᠨᠠᠷᠢᠯᠢᠭ ᠠᠳᠬᠤᠵᠤ ᠪᠣᠯᠬᠢ ᠪᠦᠳᠦᠭᠦᠯᠢᠭ ᠣᠷᠤᠭ ᠬᠤᠷᠢᠮ ᠤᠨ ᠦᠢᠮᠡᠭᠡᠨ ᠢ ᠬᠤᠷᠢᠭᠯᠠᠬᠤ ᠱᠠᠭᠠᠷᠳᠠᠨ | ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠨ᠎ᠠ᠃ | ᠲᠦᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠲᠣᠬᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ ︵2023 ᠣᠨ ᠤ 5 ᠳ᠋ᠤᠭᠠᠷ ᠰᠠᠷ᠎ᠠ ︱ 6 ᠳ᠋ᠤᠭᠠᠷ ᠰᠠᠷ᠎ᠠ︶ | ᠤᠷᠤᠭ ᠬᠤᠷᠢᠮ ᠤᠨ ᠵᠠᠩᠰᠢᠯ ᠤᠨ ᠰᠣᠶᠣᠯ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ︽ᠦᠦᠰᠢᠨ | ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠰᠣᠶᠣᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ | ᠨᠡᠶᠢᠲᠡᠯᠡᠵᠦ ᠤᠷᠤᠭ ᠬᠤᠷᠢᠮ ᠤᠨ ᠵᠠᠩᠰᠢᠯ ᠤᠨ ᠰᠣᠶᠣᠯ ᠤᠨ ᠥᠭᠡᠷᠡᠴᠢᠯᠡᠯᠲᠡ ᠶᠢᠨ ᠠᠵᠢᠯ ᠤᠨ ᠬᠤᠷᠠᠯ ᠢ ᠬᠤᠷᠠᠯᠳᠤᠭᠤᠯᠵᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠣᠨᠡ᠃ | ︵ᠬᠤᠶᠠᠷ︶ ᠠᠵᠢᠯ ᠢ ᠠᠬᠢᠭᠤᠯᠬᠤ ᠱᠠᠲᠤ ᠦᠶ᠎ᠡ ︵2023 ᠣᠨ ᠤ 6 ᠳ᠋ᠤᠭᠠᠷ ᠰᠠᠷ᠎ᠠ ︱ 2024 ᠣᠨ ᠤ 11 ᠳ᠋ᠤᠭᠡᠷ ᠰᠠᠷ᠎ᠠ︶ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠥᠪᠡᠷ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠵᠤ ᠤᠷᠤᠭ ᠬᠤᠷᠢᠮ ᠤᠨ ᠵᠠᠩᠰᠢᠯ ᠤᠨ ᠰᠣᠶᠣᠯ ᠤᠨ ᠥᠭᠡᠷᠡᠴᠢᠯᠡᠯᠲᠡ ᠶᠢᠨ ᠠᠵᠢᠯ ᠢ | ᠢᠳᠡᠪᠬᠢᠲᠡᠢ ᠥᠷᠨᠢᠭᠦᠯᠵᠦ ᠤᠯᠠᠷᠢᠯ ᠪᠦᠷᠢ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠠᠵᠢᠯ ᠤᠨ | ᠠᠬᠢᠴᠠ᠂ ᠪᠡᠶᠡᠯᠡᠭᠦᠯᠦᠭᠰᠡᠨ ᠪᠠᠶᠢᠳᠠᠯ᠂ ᠠᠵᠢᠯᠯᠠᠭ᠎ᠠ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠳ᠋ᠦᠩᠨᠡᠨ ᠪᠣᠯᠪᠠᠰᠤᠷᠠᠭᠤᠯᠵᠤ ᠤᠷᠤᠭ | ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠨᠢ ᠴᠠᠭ ᠲᠤᠬᠠᠢ ᠳᠤᠨᠢ ᠲᠣᠬᠢᠷᠠᠭᠤᠯᠤᠨ ᠱᠠᠲᠤ ᠦᠶ᠎ᠡ ᠶᠢᠨ ᠴᠢᠨᠠᠷᠲᠠᠢ | ᠳ᠋ᠦᠩᠨᠡᠯᠲᠡ ᠬᠢᠵᠦ ᠲᠤᠷᠰᠢᠯᠲᠠ ᠶᠢᠨ ᠠᠵᠢᠯ ᠤᠨ ᠲᠤᠷᠰᠢᠯᠭ᠎ᠠ ᠶᠢ ᠪᠣᠶ ᠪᠣᠯᠭᠠᠵᠤ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠡ᠃ | ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2024 ᠣᠨ ᠤ 12 ᠳ᠋ᠤᠭᠠᠷ ᠰᠠᠷ᠎ᠠ ︱ 2025 ᠣᠨ ᠤ 5 ᠳ᠋ᠤᠭᠠᠷ ᠰᠠᠷ᠎ᠠ︶ | ᠤᠷᠤᠭ ᠬᠤᠷᠢᠮ ᠤᠨ ᠵᠠᠩᠰᠢᠯ ᠤᠨ ᠰᠣᠶᠣᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠪᠠ ᠠᠵᠢᠯ ᠤᠨ ᠵᠠᠭᠪᠤᠷ ᠢ | ᠨᠠᠷᠢᠨ ᠬᠢᠨᠠᠮᠠᠭᠠᠢ ᠳ᠋ᠦᠩᠨᠡᠵᠦ ᠬᠡᠷᠡᠭᠵᠢᠭᠦᠯᠬᠦ ᠲᠥᠰᠥᠯ ᠲᠠᠢ ᠬᠠᠷᠢᠴᠠᠭᠤᠯᠤᠨ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ ᠠᠮᠵᠢᠯᠲᠠ ᠲᠠᠢ ᠠᠷᠭ᠎ᠠ | ᠪᠠᠷᠢᠯ ᠢ ᠡᠮᠬᠢᠯᠡᠬᠦ ᠶᠢᠨ ᠬᠠᠮᠲᠤ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠡᠷᠢᠵᠦ | ᠳ᠋ᠦᠩᠨᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ ᠪᠥᠬᠦ ᠤᠯᠤᠰ ᠤᠨ ᠡᠭᠦᠳᠦᠨ ᠪᠠᠶᠢᠭᠤᠯᠤᠭᠰᠠᠨ ᠰᠢᠯᠢᠳᠡᠭ ᠲᠤᠷᠰᠢᠯᠭ᠎ᠠ ᠶᠢ ᠰᠤᠷᠤᠯᠴᠠᠵᠤ ᠡᠭᠦᠳᠦᠨ | ᠪᠠᠶᠢᠭᠤᠯᠬᠤ ᠴᠢᠳᠠᠪᠤᠷᠢ ᠪᠠ ᠠᠵᠢᠯ ᠤᠨ ᠤᠬᠠᠭᠤᠯᠭ᠎ᠠ ᠶᠢ ᠴᠢᠩᠭᠠᠳᠬᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠷᠤᠭ ᠬᠤᠷᠢᠮ ᠤᠨ ᠵᠠᠩᠰᠢᠯ ᠤᠨ ᠰᠣᠶᠣᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠰᠬᠠᠢ ᠤᠳᠤᠷᠢᠳᠬᠤ ᠳᠤᠭᠤᠶᠢᠯᠠᠩ ᠢ ᠪᠠᠶᠢᠭᠤᠯᠤᠨ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ | ᠭᠡᠷ ᠭᠠᠷᠭᠠᠵᠤ ᠠᠯᠪᠠᠨ ᠭᠡᠷ ᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠣᠬᠢᠷᠠᠭᠤᠯᠤᠨ ᠤᠷᠤᠭ ᠬᠤᠷᠢᠮ ᠤᠨ ᠵᠠᠩᠰᠢᠯ ᠤᠨ ᠰᠣᠶᠣᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠬᠠᠷᠢᠭᠤᠴᠠᠭᠤᠯᠵᠤ ᠶᠡᠷᠦᠩᠬᠡᠢ ᠳᠤᠨᠢ ᠵᠣᠬᠢᠴᠠᠭᠤᠯᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠤᠳᠤᠷᠢᠳᠤᠭᠰᠠᠨ᠂ ᠡᠯ᠎ᠡ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠲᠤᠰᠬᠠᠢ ᠵᠣᠬᠢᠶᠠᠨ ᠪᠠᠶᠢᠭᠤᠯᠤᠯᠲᠠ ᠣᠷᠣᠯᠴᠠᠭᠰᠠᠨ ᠠᠵᠢᠯ ᠤᠨ ᠲᠣᠭᠲᠠᠴᠠ ᠶᠢ | ᠪᠦᠷᠢᠯᠳᠦᠭᠦᠯᠵᠦ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ | ︵ᠬᠤᠶᠠᠷ︶ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠰᠠᠭᠤᠷᠢᠨ ᠭᠠᠵᠠᠷ ᠤᠨ ᠪᠠᠲᠤᠯᠠᠭ᠎ᠠ ᠪᠠ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ | ᠡᠯ᠎ᠡ ᠰᠠᠯᠠᠭ᠎ᠠ ᠮᠥᠴᠢᠷ ᠬᠠᠮᠵᠢᠯᠴᠠᠨ ᠬᠠᠮᠲᠤ ᠪᠠᠷ ᠠᠳᠬᠤᠨ ᠬᠠᠮᠲᠤ ᠪᠠᠷ ᠬᠠᠮᠢᠶᠠᠷᠴᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠡᠷᠡᠭᠵᠢᠭᠦᠯᠬᠦ ᠲᠥᠰᠥᠯ ᠲᠣᠭᠲᠠᠭᠠᠨ ᠭᠤᠣᠯᠳᠠᠯᠭ᠎ᠠ ᠲᠠᠢ ᠡᠭᠦᠷᠭᠡ ᠪᠠ ᠪᠣᠳᠠᠲᠠᠢ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠦ ᠡᠯ᠎ᠡ ᠰᠤᠮᠤ ᠪᠠᠯᠭᠠᠰᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠨᠡᠶᠢᠭᠡᠮ ᠲᠣᠭᠤᠷᠢᠭ ᠤᠨ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢ | ᠪᠠᠶᠢᠷᠢᠯᠠᠭᠤᠯᠤᠨ ᠵᠢᠯᠤᠭᠤᠳᠴᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶ᠎ᠡ᠂ ᠭᠤᠣᠯ ᠪᠤᠯᠬᠤ ᠵᠠᠭᠤᠴᠢᠯᠠᠭᠤᠷ᠂ | ᠬᠤᠪᠢ ᠶᠢᠨ ᠵᠠᠭᠤᠴᠢᠯᠠᠭᠤᠷ ᠤᠨ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ ᠣᠯᠠᠨ ᠲᠦᠮᠡᠨ ᠤ ᠳᠤᠮᠳᠠ ᠰᠠᠶᠢᠨ ᠰᠠᠶᠢᠬᠠᠨ | ᠤᠷᠤᠭ ᠬᠤᠷᠢᠮ ᠤᠨ ᠵᠠᠩᠰᠢᠯ ᠤᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ ᠰᠠᠭᠤᠭᠠᠯᠢ ᠠᠷᠠᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠬᠠᠮᠲᠤ ᠶᠢᠨ ᠬᠤᠷᠢᠮ ᠤᠨ ᠶᠣᠰᠣᠯᠠᠯ᠂ ᠨᠢᠭᠦᠯᠡᠰᠦᠩᠭᠦᠢ ᠶᠢᠨ ᠬᠤᠷᠢᠮ ᠤᠨ ᠶᠣᠰᠣᠯᠠᠯ᠂ ᠳᠤᠷᠠᠰᠬᠠᠯ ᠤᠨ ᠬᠤᠷᠢᠮ ᠤᠨ ᠶᠣᠰᠣᠯᠠᠯ ᠵᠢᠴᠢ ᠪᠣᠯᠪᠠᠰᠤᠨ | ᠭᠡᠷ ᠪᠦᠯᠢ᠂ ᠬᠠᠮᠤᠭ ᠤᠨ ᠭᠤᠶᠣ ᠭᠡᠷ ᠪᠦᠯᠢ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠳᠤ ᠣᠷᠣᠯᠴᠠᠭᠤᠯᠵᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ᠃ | | | | | | ᠦᠦᠰᠢᠨ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠤᠨ ᠨᠡᠷᠡᠰ | | | ᠳᠤᠭᠤᠶᠢᠯᠠᠩ ᠤᠨ ᠳᠠᠷᠤᠭ᠎ᠠ᠄ ᠰᠢᠨ᠎ᠡ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠤ᠋ ᠴᠢᠩ ᠫᠦ᠋ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ | ᠬᠠᠨ ᠢᠦᠢ ᠹᠧᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ | ᠵᠤᠤ ᠬᠤᠢ ᠬᠤᠰᠢᠭᠤ ᠳᠡᠳ᠋ ᠳᠠᠷᠤᠭ᠎ᠠ | ᠪᠦᠷᠢᠯᠳᠦᠭᠦᠨ ᠬᠡᠰᠢᠬᠦᠨ᠄ ᠴᠧᠨ ᠳ᠋ᠧ ᠬᠤᠸᠠ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ | ᠪᠢᠶᠠᠨ ᠯᠢᠶᠠᠩ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ | ᠸᠠᠩ ᠶᠣᠣ ᠴᠢᠶᠠᠩ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠪᠠᠶᠢᠩᠭᠤ ᠶᠢᠨ ᠳᠡᠳ᠋ ᠱᠦᠵᠢ | ᠵᠠᠩ ᠬᠠᠢ ᠹᠧᠩ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠭᠤᠣ ᠵᠢᠶᠦ᠋ᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠭᠢᠯᠡᠭᠴᠢ | ᠠᠯᠳ᠋ᠬᠠᠤᠯᠤᠰ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠯᠢ ᠰᠢᠶᠠᠩ ᠪᠢᠩ ᠬᠤᠰᠢᠭᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠶᠠᠩ ᡁᠢ ᠶᠤᠸᠠᠨ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠵᠠᠩ ᠵᠢᠶᠦ᠋ᠨ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | ᠳ᠋ᠠᠩ ᠰᠢᠨ ᠹᠧᠩ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠬᠠᠨ ᠵᠢᠶᠠᠨ ᠴᠧᠩ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠬᠠᠰᠡᠷᠳᠡᠨᠢ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠰᠠᠷᠡᠨᠭᠡᠷᠡᠯ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ | ᠤᠳᠬᠤᠨᠰᠤᠸᠠ ᠬᠤᠰᠢᠭᠤ ᠡᠪᠯᠡᠯ ᠤᠨ ᠬᠤᠷᠢᠶᠠᠨ ᠤ ᠱᠦᠵᠢ | ᠯᠢᠦ ᠫᠢᠩ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ | ᠴᠢᠩ ᠮᠧᠢ ᠭᠠᠯᠠᠭᠤᠲᠤ ᠪᠠᠯᠭᠠᠰᠤᠨ ᠤ ᠳᠠᠷᠤᠭ᠎ᠠ | ᠲᠡᠷᠭᠡᠯ ᠰᠢᠷᠬᠤᠰᠣᠨ ᠪᠠᠯᠭᠠᠰᠤᠨ ᠤ ᠳᠠᠷᠤᠭ᠎ᠠ | ᠰᠡᠯᠡᠩᠬᠡ ᠲᠤᠭ ᠪᠠᠯᠭᠠᠰᠤᠨ ᠤ ᠳᠠᠷᠤᠭ᠎ᠠ | ᠸᠠᠩ ᠬᠤᠸ ᠢᠦᠢ ᠤᠯᠠᠭᠠᠨᠲᠣᠯᠤᠭᠠᠢ ᠪᠠᠯᠭᠠᠰᠤᠨ ᠤ ᠳᠠᠷᠤᠭ᠎ᠠ | ᠶᠠᠩ ᠰᠢᠶᠣᠣ ᠮᠢᠩ ᠦᠦᠰᠢᠨᠵᠦᠦ ᠪᠠᠯᠭᠠᠰᠤᠨ ᠤ ᠳᠠᠷᠤᠭ᠎ᠠ | ᠴᠧᠨ ᠬᠠᠢ ᠵᠢᠶᠦ᠋ᠨ ᠰᠦᠯᠳᠡ ᠰᠤᠮᠤᠨ ᠤ ᠳᠠᠷᠤᠭ᠎ᠠ | ᠤᠳᠤᠷᠢᠳᠬᠤ ᠳᠤᠭᠤᠶᠢᠯᠠᠩ ᠨᠢ ᠭᠤᠣᠯᠳᠠᠭᠤ ᠪᠥᠬᠦ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠱᠠᠭᠠᠷᠳᠠᠨ ᠵᠢᠯᠤᠭᠤᠳᠬᠤ ᠶᠢ ᠬᠠᠷᠢᠭᠤᠴᠠᠨ᠎ᠠ︔ ᠦᠦᠰᠢᠨ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠢᠳᠪᠦᠷᠢᠯᠡᠨ᠎ᠡ︔ ᠦᠦᠰᠢᠨ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠤᠬᠠᠭᠤᠯᠤᠨ | ᠳᠠᠶᠢᠴᠢᠯᠠᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤ ᠠᠷᠠᠳ ᠤᠨ | ᠶᠠᠪᠤᠳᠠᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ | ᠳᠠᠷᠤᠭ᠎ᠠ ᠠᠯᠳ᠋ᠬᠠᠤᠯᠤᠰ ᠬᠠᠷᠢᠭᠤᠴᠠᠨ᠎ᠠ᠃ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ ᠤᠳᠤᠷᠢᠳᠬᠤ ᠳᠤᠭᠤᠶᠢᠯᠠᠩ ᠥᠪᠡᠰᠦᠪᠡᠨ | ᠬᠦᠴᠦᠨ ᠦᠭᠡᠢ ᠪᠣᠯᠤᠨ᠎ᠠ᠃ | | | | | | ᠦᠦᠰᠢᠨ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠠᠶᠢᠭᠤᠯᠭ᠎ᠠ ᠨᠢᠬᠡᠴᠢ ᠶᠢᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ | | | ᠬᠤᠰᠢᠭᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ᠄ ᠪᠥᠬᠦ ᠬᠤᠰᠢᠭᠤᠨ ᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠵᠤ ᠬᠠᠮᠢᠶ᠎ᠠ ᠪᠦᠬᠦᠢ ᠠᠵᠢᠯ ᠤᠨ ᠳᠦᠷᠢᠮ ᠢ | ᠲᠣᠭᠲᠠᠭᠠᠨ᠎ᠠ︔ ᠡᠳᠦᠷ ᠲᠤᠲᠤᠮ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠤ ᠡᠯ᠎ᠡ ᠰᠤᠮᠤ ᠪᠠᠯᠭᠠᠰᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠦᠨ᠎ᠡ᠃ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠄ ᠥᠷᠭᠡᠨ ᠣᠯᠠᠨ ᠨᠠᠮ ᠤᠨ ᠭᠡᠰᠢᠭᠦᠨ᠂ ᠠᠯᠪᠠᠨ ᠠᠵᠢᠯᠳᠠᠨ ᠢ ᠬᠥᠲᠥᠯᠥᠨ | ᠵᠢᠯᠤᠭᠤᠳᠴᠤ ᠪᠠᠶᠢᠭᠠᠳ ᠣᠷᠤᠭ ᠬᠤᠷᠢᠮ ᠤᠨ ᠶᠠᠪᠤᠳᠠᠯ ᠢᠶᠠᠨ ᠪᠣᠷᠣᠭᠵᠢᠭᠤᠨ ᠠᠷᠪᠢᠲᠠᠢ ᠬᠢᠯᠭᠡᠨ᠎ᠡ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ︶᠄ ᠣᠷᠤᠭ ᠬᠤᠷᠢᠮ ᠤᠨ | ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠪᠣᠯᠪᠠᠰᠤᠨ ᠪᠥᠭᠡᠳ ᠠᠷᠪᠢᠴᠢ ᠭᠠᠮᠲᠠᠢ ᠣᠷᠤᠭ ᠬᠤᠷᠢᠮ ᠤᠨ ᠶᠠᠪᠤᠳᠠᠯ ᠤᠨ | ᠰᠢᠨ᠎ᠡ ᠰᠤᠷᠲᠠᠯ ᠢ ᠶᠡᠭᠡ ᠪᠠᠷ ᠤᠬᠠᠭᠤᠯᠵᠤ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠴᠠᠭ ᠲᠤᠬᠠᠢ ᠳᠤᠨᠢ ᠮᠠᠭᠲᠠᠨ ᠰᠠᠶᠢᠰᠢᠶᠠᠵᠤ ᠣᠷᠤᠭ ᠬᠤᠷᠢᠮ ᠤᠨ | ᠵᠠᠩᠰᠢᠯ ᠤᠨ ᠥᠭᠡᠷᠡᠴᠢᠯᠡᠯᠲᠡ ᠶᠢᠨ ᠴᠡᠭ ᠤᠨ ᠠᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ︔ ᠵᠠᠩᠰᠢᠯ ᠢ | ᠥᠭᠡᠷᠡᠴᠢᠯᠡᠬᠦ ᠶᠢ ᠪᠣᠯᠪᠠᠰᠤᠨ ᠭᠠᠴᠠᠭ᠎ᠠ ᠲᠣᠰᠬᠤᠨ ᠤ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ ᠡᠯ᠎ᠡ ᠰᠤᠮᠤ ᠪᠠᠯᠭᠠᠰᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠵᠠᠩᠰᠢᠯ ᠢ ᠥᠭᠡᠷᠡᠴᠢᠯᠡᠬᠦ ᠬᠥᠮᠦᠵᠢᠯ ᠤᠬᠠᠭᠤᠯᠭ᠎ᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ︔ ᠭᠡᠷ ᠤᠨ ᠰᠤᠷᠲᠠᠯ ᠭᠡᠷ ᠤᠨ | ᠬᠦᠮᠦᠵᠢᠯ ᠭᠡᠷ ᠤᠨ ᠰᠤᠷᠭᠠᠯ ᠢ ᠭᠡᠷ ᠪᠦᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠶᠢᠯ ᠲᠣᠰᠬᠤᠨ ᠳᠤ ᠣᠷᠣᠭᠤᠯᠬᠤ᠂ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠲᠦᠷᠦᠭᠦᠯᠡᠨ ᠥᠷᠨᠢᠭᠦᠯᠤᠨ᠎ᠡ᠃ | ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠄ ᠣᠷᠤᠭ ᠤᠨ ᠪᠦᠷᠢᠳᠬᠡᠯ ᠤᠨ ᠪᠠᠶᠢᠭᠤᠯᠭ᠎ᠠ ᠨᠢᠭᠡᠴᠢ ᠶᠢᠨ ᠲᠠᠯᠠᠪᠤᠷ ᠤᠨ ᠪᠠᠶᠢᠭᠤᠯᠤᠯᠲᠠ ᠶᠢ | ᠴᠢᠩᠭᠠᠳᠬᠠᠵᠤ ᠣᠷᠤᠭ ᠬᠤᠷᠢᠮ ᠤᠨ ᠬᠠᠪᠰᠤᠷᠤᠨ ᠵᠢᠯᠤᠭᠤᠳᠬᠤ ᠲᠠᠰᠤᠭ ᠪᠠ ᠦᠨᠡᠮᠯᠡᠯ ᠣᠯᠭᠤᠬᠤ ᠲᠠᠰᠤᠭ ᠤᠨ ᠣᠷᠴᠢᠨ ᠲᠣᠭᠤᠷᠢᠨ ᠢ ᠥᠭᠡᠷᠡᠴᠢᠯᠡᠨ | ᠳᠡᠭᠡᠭᠰᠢᠯᠡᠭᠦᠯᠵᠦ ᠣᠷᠤᠭ ᠬᠤᠷᠢᠮ ᠤᠨ ᠰᠣᠶᠣᠯ ᠤᠨ ᠦᠵᠡᠭᠦᠯᠭᠡ ᠶᠢᠨ ᠲᠢᠩᠬᠢᠮ ᠢ ᠪᠠᠶᠢᠭᠤᠯᠤᠨ ᠪᠣᠯᠪᠠᠰᠤᠨ ᠥᠭᠡᠳᠡᠷᠬᠡᠭ ᠣᠷᠤᠭ ᠬᠤᠷᠢᠮ ᠤᠨ ᠰᠣᠶᠣᠯ ᠢ ᠪᠤᠢ | ᠪᠤᠯᠭᠠᠨ᠎ᠠ᠃ ᠤᠷᠤᠭ ᠤᠨ ᠦᠨᠡᠮᠯᠡᠯ ᠣᠯᠭᠤᠬᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ ᠠᠵᠢᠯ ᠤᠨ ᠲᠤᠬᠠᠶᠢᠯᠠᠭᠰᠠᠨ ᠠᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ ᠣᠷᠣᠨ ᠨᠤᠲᠤᠭ ᠤᠨ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠡᠶᠢᠭᠡᠮ ᠤᠨ ᠨᠠᠷᠠᠲᠤ ᠬᠥᠮᠥᠨ ᠵᠡᠷᠭᠡ ᠣᠨᠴᠠ ᠤᠷᠢᠭᠰᠠᠨ ᠦᠨᠡᠮᠯᠡᠯ ᠣᠯᠭᠤᠭᠴᠢ ᠶᠢᠨ ᠳᠦᠷᠢᠮ ᠢ | ᠪᠠᠶᠢᠭᠤᠯᠤᠨ᠎ᠠ᠃ ᠤᠷᠤᠭ ᠬᠤᠷᠢᠮ ᠤᠨ ᠭᠡᠷ ᠪᠦᠯᠢ ᠶᠢᠨ ᠬᠠᠪᠰᠤᠷᠤᠨ ᠵᠢᠯᠤᠭᠤᠳᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ︔ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠡᠷᠭᠡ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ ᠲᠡᠭᠦᠯᠳᠡᠷᠵᠢᠭᠦᠯᠵᠦ ᠤᠷᠤᠭ ᠬᠤᠷᠢᠮ ᠤᠨ ᠶᠠᠪᠤᠳᠠᠯ ᠬᠢᠬᠦ ᠶᠢ ᠵᠢᠷᠤᠮᠵᠢᠭᠤᠯᠬᠤ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠪᠢᠴᠢᠨ | ᠣᠷᠣᠭᠤᠯᠬᠤ ᠶᠢ ᠠᠬᠢᠭᠤᠯᠵᠤ ᠤᠯᠠᠨ ᠲᠦᠮᠡᠨ ᠤ ᠥᠪᠡᠷ ᠢ ᠪᠠᠨ ᠬᠥᠮᠥᠵᠢᠭᠦᠯᠬᠦ᠂ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠳᠡᠭᠡᠭᠰᠢᠯᠡᠭᠦᠯᠬᠦ ᠶᠢ ᠬᠥᠲᠥᠯᠥᠨ | ᠵᠢᠯᠣᠭᠤᠳᠤᠨ᠎ᠠ︔ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠬᠢᠬᠦ᠂ ᠵᠠᠷᠤᠳᠠᠯ ᠤᠨ ᠨᠥᠬᠦᠪᠦᠷᠢ ᠥᠭᠬᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ | ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ | ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠢᠳᠡᠪᠬᠢ ᠦᠢᠯᠡᠳᠦᠯ ᠢ ᠪᠠᠳᠠᠷᠠᠭᠤᠯᠬᠤ ᠶᠢ ᠬᠥᠲᠥᠯᠥᠨ ᠵᠢᠯᠣᠭᠤᠳᠤᠨ᠎ᠠ᠃ ᠨᠡᠶᠢᠭᠡᠮ ᠤᠨ ᠠᠵᠢᠯ ᠪᠠ ᠰᠠᠶᠢᠨ | ᠳᠤᠷ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠣᠷᠤᠭ ᠬᠤᠷᠢᠮ ᠭᠡᠷ ᠪᠦᠯᠢ ᠶᠢᠨ ᠬᠠᠪᠰᠤᠷᠤᠨ ᠵᠢᠯᠤᠭᠤᠳᠬᠤ ᠰᠤᠷᠭᠠᠨ ᠬᠥᠮᠦᠵᠢᠯ ᠳᠠᠬᠢ | ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠣᠷᠤᠭ ᠬᠤᠷᠢᠮ ᠤᠨ ᠶᠣᠰᠣ ᠰᠤᠷᠲᠠᠬᠤᠨ ᠤ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ | ᠬᠤᠰᠢᠭᠤ ᠡᠳ᠋ ᠤᠨ ᠵᠠᠰᠠᠭ ᠤᠨ ᠲᠣᠪᠴᠢᠶ᠎ᠠ᠄ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ | ᠬᠠᠮᠢᠶ᠎ᠠ ᠪᠦᠬᠦᠢ ᠵᠠᠷᠤᠳᠠᠯ ᠢ ᠬᠢᠨᠠᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠰᠢᠯᠵᠢᠭᠦᠯᠦᠨ ᠥᠭᠭᠦᠨ᠎ᠡ᠃ | ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠ ᠢᠯᠡᠴᠢᠯᠡᠨ | ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠴᠢᠩᠭᠠᠳᠬᠠᠵᠤ ᠢᠯᠡᠭᠦᠴᠡ ᠲᠥᠬᠦᠭᠡᠷᠦᠮᠵᠢ ᠠᠴᠢᠶᠠᠯᠠᠬᠤ᠂ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠭ᠎ᠠ ᠲᠡᠷᠭᠡ ᠬᠥᠰᠬᠡ᠂ ᠴᠢᠮᠡᠭᠲᠦ ᠲᠡᠷᠭᠡ᠂ ᠵᠠᠷ ᠮᠡᠳᠡᠭᠡᠨ ᠤ ᠲᠡᠷᠭᠡ ᠵᠡᠷᠭᠡ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠲᠡᠷᠭᠡ ᠶᠢ | ᠪᠠᠶᠢᠴᠠᠭᠠᠵᠤ ᠵᠠᠰᠠᠨ᠎ᠠ᠃ | ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ᠄ ︽ᠢᠷᠭᠡᠨ ᠤ ᠬᠠᠤᠯᠢ ᠶᠢᠨ ᠪᠢᠴᠢᠭ︾ ᠵᠡᠷᠭᠡ ᠣᠷᠤᠭ ᠬᠤᠷᠢᠮ ᠭᠡᠷ ᠪᠦᠯᠢ ᠶᠢᠨ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠤᠬᠠᠭᠤᠯᠭ᠎ᠠ ᠶᠢ ᠲᠦᠷᠦᠭᠦᠯᠡᠨ ᠥᠷᠨᠢᠭᠦᠯᠦᠨ᠎ᠡ᠃ | ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠄ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠷᠤᠭ ᠬᠤᠷᠢᠮ ᠤᠨ ᠵᠠᠩᠰᠢᠯ ᠤᠨ | ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠤᠷᠤᠭ ᠬᠤᠷᠢᠮ ᠤᠨ ᠵᠠᠩᠰᠢᠯ ᠤᠨ ᠰᠣᠶᠣᠯ ᠢ | ᠪᠠᠳᠠᠷᠠᠭᠤᠯᠬᠤ ᠶᠢᠨ ᠬᠠᠮᠲᠤ ᠤᠯᠠᠮᠵᠢᠯᠠᠯᠲᠤ ᠰᠢᠯᠢᠳᠡᠭ ᠤᠷᠤᠭ ᠬᠤᠷᠢᠮ ᠤᠨ ᠵᠠᠩᠰᠢᠯ ᠢ ᠣᠲᠣ ᠦᠶ᠎ᠡ ᠶᠢᠨ ᠠᠮᠢᠳᠤᠷᠠᠯ ᠳᠤ ᠠᠭᠤᠰᠤᠯᠴᠠᠭᠤᠯᠬᠤ ᠶᠢ | ᠪᠡᠶᠡᠯᠡᠭᠦᠯᠦᠨ᠎ᠡ᠃ ᠮᠠᠨ ᠤ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ ᠥᠯᠵᠡᠢ ᠪᠡᠯᠭᠡ ᠲᠠᠢ ᠪᠥᠭᠡᠳ ᠥᠪᠡᠷᠮᠢᠴᠡ ᠣᠨᠴᠠᠯᠢᠭ ᠲᠠᠢ | ᠠᠷᠠᠳ ᠤᠨ ᠵᠠᠩ ᠦᠶᠯᠡ ᠶᠢᠨ ᠤᠷᠤᠭ ᠬᠤᠷᠢᠮ ᠤᠨ ᠶᠣᠰᠣᠯᠠᠯ ᠢ ᠲᠦᠷᠦᠭᠦᠯᠡᠨ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃ | ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠷᠢᠮ ᠨᠠᠶᠢᠷ ᠠᠷᠢᠬᠢᠨ ᠳᠠᠶᠢᠯᠠᠯᠭ᠎ᠠ ᠶᠢᠨ ᠢᠳᠡᠭᠡᠨ ᠤᠮᠳᠠᠭᠠᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠵᠠᠩᠰᠢᠯ ᠤᠨ ᠥᠭᠡᠷᠡᠴᠢᠯᠡᠯᠲᠡ ᠪᠠ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ ᠪᠦᠷᠢᠯᠭᠡᠨ | ᠰᠦᠢᠳᠬᠡᠬᠦ ᠶᠢ ᠡᠰᠡᠷᠭᠦᠴᠡᠬᠦ᠂ ᠬᠤᠷᠢᠮ ᠪᠡᠯᠪᠡᠰᠦᠷᠡᠯ ᠢ ᠶᠡᠭᠡ ᠪᠠᠷ ᠬᠢᠬᠦ ᠶᠢ ᠡᠰᠡᠷᠭᠦᠴᠡᠬᠦ ᠪᠠᠷ ᠭᠤᠣᠯ ᠭᠠᠷᠳᠠᠴᠠ ᠪᠠ ᠰᠢᠪᠲᠤᠯᠤᠯᠲᠠ ᠶᠢᠨ ᠴᠡᠭ ᠪᠣᠯᠭᠠᠵᠤ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ ᠵᠠᠩᠰᠢᠯ ᠢ ᠥᠭᠡᠷᠡᠴᠢᠯᠡᠬᠦ ᠶᠢ ᠪᠠᠶᠢᠩᠭᠤᠵᠢᠭᠤᠯᠬᠤ᠂ ᠠᠷᠠᠳ ᠤᠨ ᠵᠠᠩᠰᠢᠯ ᠢ ᠪᠣᠯᠪᠠᠰᠤᠨ ᠪᠣᠯᠭᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ | ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ | ᠪᠦᠷᠢᠯᠳᠦᠭᠦᠨ ᠨᠢᠭᠡᠴᠢ ᠲᠠᠢ ᠬᠠᠮᠵᠢᠯᠴᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠄ ᠠᠵᠢᠯᠴᠢᠨ ᠤ ᠡᠪᠯᠡᠯ ᠵᠠᠯᠠᠭᠤᠴᠤᠳ | ᠡᠮᠡᠭᠲᠡᠶᠢᠴᠦᠳ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠤᠷᠤᠭ ᠬᠤᠷᠢᠮ ᠤᠨ ᠵᠠᠩᠰᠢᠯ | ᠤᠨ ᠪᠣᠯᠪᠠᠰᠤᠨ ᠤ ᠠᠵᠢᠯᠯᠠᠭ᠎ᠠ ᠶᠢ ᠥᠷᠨᠢᠭᠦᠯᠵᠦ ᠬᠠᠮᠲᠤ ᠶᠢᠨ ᠬᠤᠷᠢᠮ ᠤᠨ ᠶᠣᠰᠣᠯᠠᠯ᠂ ᠳᠤᠷᠠᠰᠬᠠᠯ ᠤᠨ ᠬᠤᠷᠢᠮ ᠤᠨ ᠶᠣᠰᠣᠯᠠᠯ ᠵᠡᠷᠭᠡ ᠶᠢ ᠲᠦᠷᠦᠭᠦᠯᠡᠨ | ᠵᠣᠬᠢᠶᠠᠨ ᠪᠠᠶᠢᠭᠤᠯᠵᠤ ᠡᠷᠭᠢᠯᠡᠨ᠎ᠡ᠃ | ᠡᠯ᠎ᠡ ᠰᠤᠮᠤ ᠪᠠᠯᠭᠠᠰᠤ᠄ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠵᠠᠩᠰᠢᠯ ᠢ | ᠥᠭᠡᠷᠡᠴᠢᠯᠡᠬᠦ ᠶᠢ ᠵᠢᠯ ᠤᠨ ᠡᠴᠦᠰ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠵᠤ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠬᠠᠮᠢᠶ᠎ᠠ | ᠪᠦᠬᠦᠢ ᠠᠭᠤᠯᠭ᠎ᠠ ᠶᠢ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ ᠣᠷᠣᠭᠤᠯᠬᠤ ᠶᠢ ᠠᠬᠢᠭᠤᠯᠤᠨ᠎ᠠ᠃ | ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠲᠥᠪᠯᠡᠷᠡᠭᠦᠯᠦᠨ ᠤᠬᠠᠭᠤᠯᠵᠤ ᠬᠥᠮᠥᠵᠢᠭᠦᠯᠬᠦ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠰᠤᠷᠭᠠᠨ | ᠬᠥᠮᠥᠵᠢᠭᠦᠯᠬᠦ᠂ ᠢᠳᠬᠠᠬᠤ᠂ ᠱᠠᠩᠨᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠴᠠᠭ᠎ᠠ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ | ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠬᠤ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠠᠵᠢᠯ ᠤᠨ | ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ ᠣᠯᠠᠨ ᠲᠦᠮᠡᠨ ᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠪᠠᠷ ᠳᠠᠶᠢᠴᠢᠯᠠᠨ ᠣᠷᠤᠭ ᠬᠤᠷᠢᠮ ᠤᠨ | ᠵᠠᠩᠰᠢᠯ ᠤᠨ ᠥᠭᠡᠷᠡᠴᠢᠯᠡᠯᠲᠡ ᠶᠢᠨ ᠠᠵᠢᠯ ᠳᠤ ᠣᠷᠣᠯᠴᠠᠭᠤᠯᠤᠨ᠎ᠠ᠃ | |