ᠰᠦᠯᠲᠡ ᠰᠤᠮᠤᠨ ᠤ ᠲᠤᠭᠤᠷᠢᠮ ᠭᠠᠴᠠᠭᠠᠨ ᠤ ᠮᠠᠯᠴᠢᠨ ᠠᠯᠳᠠᠠᠸ᠋ᠴᠢᠷ 40 ᠭᠠᠷᠤᠢ ᠵᠢᠯ ᠤᠨ ᠲᠤᠷᠰᠢ ᠡᠯᠡᠰᠦ ᠮᠠᠩᠬ᠎ᠠ ᠶᠢ ᠦᠢᠵᠢᠭᠤᠯᠤᠨ | ᠨᠤᠭᠤᠭᠠᠷᠠᠭᠤᠯᠬᠤ ᠠᠵᠢᠯ ᠳᠤ ᠭᠠᠪᠰᠢᠭᠠᠶᠢᠯᠠᠵᠤ ᠨᠡᠶᠢᠲᠡ 3 ᠲᠦᠮᠡ ᠭᠠᠷᠤᠢ ᠮᠤ᠋ ᠡᠯᠡᠰᠦ ᠮᠠᠩᠬ᠎ᠠ ᠶᠢ ᠨᠤᠭᠤᠭᠠᠷᠠᠭᠤᠯᠤᠨ ᠦᠢᠵᠢᠭᠤᠯᠤᠭᠰᠠᠨ ᠪᠠᠶᠢᠨ᠎ᠠ᠃ | ᠠᠯᠳᠠᠠᠸ᠋ᠴᠢᠷ ᠡᠯᠡᠰᠦ ᠶᠢ ᠨᠤᠭᠤᠭᠠᠷᠭᠠᠤᠯᠬᠤ ᠬᠦᠰᠡᠯ ᠳᠤ ᠪᠠᠨ ᠲᠠᠲᠠᠭᠲᠠᠨ 1981 ᠤᠨ ᠠᠴᠠ ᠠᠩᠬ᠎ᠠ ᠦᠢᠵᠢᠭᠤᠯᠬᠤ ᠠᠵᠢᠯ ᠢ ᠡᠬᠢᠯᠡᠭᠦᠯᠦᠭᠰᠡᠨ | ᠪᠠᠶᠢᠨ᠎ᠠ᠃ ᠲᠤᠬᠠᠢ ᠶᠢᠨ ᠦᠶ᠎ᠡ ᠳᠤ ᠦᠪᠡᠷ ᠤᠨ ᠪᠡᠯᠴᠢᠭᠡᠷ ᠲᠤ ᠨᠢ ᠪᠠᠶᠢᠭ᠎ᠠ 1000 ᠭᠠᠷᠤᠢ ᠮᠤ᠋ ᠡᠯᠡᠰᠦ ᠶᠢ ᠦᠢᠵᠢᠭᠤᠯᠵᠤ ᠪᠠᠷᠠᠭᠰᠠᠨ ᠤ ᠰᠠᠭᠤᠷᠢᠨ | ᠲᠡᠭᠡᠷ᠎ᠡ ᠦᠢᠷ᠎ᠠ ᠤᠷᠴᠢᠮ ᠳᠤ ᠨᠢ ᠪᠠᠶᠢᠭ᠎ᠠ ᠪᠤᠰᠤᠳ ᠠᠶᠢᠯ ᠤᠨ ᠡᠯᠡᠰᠦ ᠮᠠᠩᠬ᠎ᠠ ᠶᠢ ᠲᠠᠭᠠᠭᠠᠴᠢᠯᠠᠵᠤ ᠦᠢᠵᠢᠭᠤᠯᠤᠭᠰᠠᠨ ᠪᠠᠶᠢᠨ᠎ᠠ᠃ ᠲᠤᠬᠠᠢ ᠶᠢᠨ ᠦᠶ᠎ᠡ ᠳᠤ | ᠠᠶᠢᠯ ᠡᠷᠦᠭᠡ ᠪᠠᠷ ᠮᠠᠰᠢᠨ ᠲᠦᠬᠦᠭᠡᠷᠦᠮᠵᠢ ᠲᠤᠲᠠᠮᠠᠭ ᠪᠠᠶᠢᠭᠰᠠᠨ ᠠᠴᠠ ᠪᠦᠬᠦᠨ ᠢ ᠬᠦᠮᠦᠨ ᠤ ᠬᠦᠴᠦ ᠪᠠᠷ ᠲᠠᠷᠢᠵᠦ ᠦᠢᠵᠢᠭᠤᠯᠤᠨᠠ ᠭᠡᠲᠡᠭ ᠪᠠᠰᠠ ᠬᠢᠯᠪᠠᠷ | ᠠᠵᠢᠯ ᠪᠢᠰᠢ ᠪᠠᠶᠢᠯ᠎ᠠ᠂ ᠤᠯᠠᠨ ᠵᠢᠯ ᠤᠨ ᠰᠢᠷᠭᠠᠭᠠᠤ ᠬᠦᠲᠡᠯᠮᠦᠷᠢ ᠬᠠᠲᠠᠭᠤᠵᠢᠯᠲᠠᠢ ᠴᠢᠷᠮᠠᠶᠢᠯᠭ᠎ᠠ ᠪᠠᠷ ᠲᠠᠮᠵᠢᠭᠠᠳ 2005 ᠤᠨ ᠪᠤᠯᠬᠤ ᠳᠤ 3 ᠲᠦᠮᠡ | ᠭᠠᠷᠤᠢ ᠮᠤ᠋ ᠶᠢᠨ ᠡᠯᠡᠰᠦ ᠶᠢ ᠬᠠᠷᠭᠠᠨ᠎ᠠ᠂ ᠲᠤᠷᠯᠤᠭ᠂ ᠤᠲᠠᠨ ᠮᠤᠲᠤ ᠪᠠᠷ ᠦᠢᠵᠢᠭᠤᠯᠵᠤ ᠲᠠᠭᠤᠰᠬᠠᠭᠰᠠᠨ ᠪᠠᠶᠢᠨ᠎ᠠ᠃ | 1981 ᠤᠨ ᠳᠤ ᠤᠯᠤᠰ ᠤᠨ ᠤᠢ ᠰᠢᠭᠤᠢ ᠶᠢᠨ ᠶᠠᠮᠤᠨ ᠠᠴᠠ ᠮᠠᠯᠴᠢᠨ ᠠᠯᠲᠠᠨᠸᠠᠴᠢᠷ ᠲᠤ ︽ᠦᠢᠵᠢᠭᠤᠯᠤᠯᠲᠠ ᠶᠢᠨ ᠭᠠᠪᠰᠢᠭᠠᠶᠢᠯᠠᠭᠴᠢ︾ ᠭᠡᠬᠦ | ᠢᠷᠠᠭᠤ ᠠᠯᠲᠠᠷ ᠢ ᠤᠯᠭᠤᠵᠤ᠂ ᠲᠡᠭᠦᠨ ᠤ ᠦᠢᠵᠢᠭᠤᠯᠤᠯᠲᠠ ᠶᠢᠨ ᠵᠤᠷᠢᠭ ᠰᠠᠨᠠᠭ᠎ᠠ ᠶᠢ ᠤᠯᠠᠨ ᠳᠤ ᠲᠠᠭᠤᠷᠢᠰᠢᠭᠤᠯᠤᠭᠰᠠᠨ ᠪᠠᠶᠢᠨ᠎ᠠ᠃ ᠤᠲᠤ ᠠᠯᠲᠠᠨᠸᠠᠴᠢᠷ | ᠬᠡᠲᠦᠶᠢᠪᠡᠷ ᠨᠠᠰᠤ ᠠᠬᠢᠭᠰᠠᠨ ᠴᠤ ᠤᠢ ᠮᠤᠲᠤ ᠶᠢ ᠬᠠᠶᠢᠷᠠᠯᠠᠨ ᠬᠠᠮᠠᠭᠠᠯᠠᠵᠤ ᠨᠤᠲᠤᠭ ᠤᠨ ᠢᠶᠠᠨ ᠤᠯᠠᠨ ᠲᠦᠮᠡᠨ ᠢ ᠲᠠᠶᠢᠴᠢᠯᠠᠨ ᠦᠢᠵᠢᠭᠤᠯᠤᠯᠲᠠ ᠶᠢᠨ | ᠠᠵᠢᠯ ᠢ ᠵᠤᠷᠢᠭᠰᠠᠭᠠᠷ ᠪᠤᠢ᠃ | | | ᠰᠤᠷᠪᠤᠯᠵᠢᠯᠠᠭᠴᠢ᠄ ᠪᠠᠶᠠᠨᠳᠠᠯᠠᠢ |