ᠮᠠᠨ ᠤ ᠬᠤᠰᠢᠭᠤᠨ ᠤ ᠲᠥᠯᠥᠭᠡᠯᠡᠭᠴᠢᠳ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠨᠠᠷᠢᠨ ᠭᠢᠨᠠᠮᠠᠭᠠᠢ ᠵᠥᠪᠯᠠᠯ᠎ᠠ
ᠨᠡᠶᠢᠲᠡᠯᠡᠭᠰᠡᠨ ᠴᠠᠭ᠄
2024/1/18
      1 ᠰᠠᠷ᠎ᠠ ᠶᠢᠨ 17 ᠤ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠶ ᠬᠢᠨᠠᠨ ᠵᠥᠪᠯᠡᠪᠡ᠃ ᠲᠥᠯᠥᠭᠡᠯᠡᠭᠴᠢᠳ ᠥᠩᠭᠡᠷᠡᠭᠰᠡᠨ ᠨᠢᠭᠡ ᠵᠢᠯ ᠤᠨ ᠬᠤᠳᠠ ᠶᠢᠨ ᠵᠠᠰᠠᠭ ᠤᠨ ᠣᠷᠳᠣᠨ ᠤ ᠬᠢᠭᠰᠡᠨ ᠠᠵᠢᠯ ᠪᠣᠯᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ ᠤᠷᠳᠤᠰ ᠤᠨ ᠴᠢᠨᠠᠷ ᠰᠠᠶᠢᠲᠠᠢ ᠬᠥᠭᠵᠢᠯᠲᠡ ᠳᠤ ᠮᠠᠰᠢ ᠤᠯᠠᠨ ᠰᠠᠨᠠᠯ ᠰᠠᠨᠠᠭᠤᠯᠭ᠎ᠠ ᠳᠤᠷᠠᠳᠴᠠᠢ᠃
1.jpg
2.jpg
      ᠺᠦᠩ ᠹᠠᠨ ᠹᠸᠢ ᠲᠥᠯᠥᠭᠡᠯᠡᠭᠴᠢ ᠶᠠᠷᠢᠬᠤ ᠳᠠᠭᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠠᠵᠢᠯ ᠤᠨ ᠳ᠋ᠦᠩᠨᠡᠯᠳᠡ ᠪᠤᠰᠤᠳᠴᠢ ᠦᠨᠡᠨ ᠪᠣᠳᠠᠲᠠᠢ᠂ 2024 ᠣᠨ ᠤ ᠭᠤᠣᠯᠳᠠᠯᠭ᠎ᠠ ᠲᠠᠢ ᠠᠵᠢᠯ ᠤᠨ ᠬᠠᠷᠠᠯᠲᠠ ᠲᠣᠳᠣᠷᠬᠠᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠵᠣᠷᠢᠭᠵᠢᠭᠤᠯᠤᠭᠰᠠᠨ ᠰᠠᠶᠢᠨ ᠢᠯᠡᠳᠬᠡᠯ ᠪᠣᠯᠵᠠᠢ᠃ ᠣᠳᠣᠬᠠᠨ ᠳᠤ᠂ ᠦᠤᠰᠢᠨ ᠬᠤᠰᠢᠭᠤ ᠶᠠᠭ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠵᠢᠷ ᠠᠯᠲᠠᠨ ᠠᠵᠠ ᠲᠣᠬᠢᠶᠠᠯᠳᠤ ᠬᠤᠭᠤᠴᠠᠭ᠎ᠠ ᠪᠠ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ᠂ ᠰᠢᠨ᠎ᠡ ᠳᠠᠪᠠᠭᠤᠯᠢᠭ ᠢ ᠪᠤᠢ ᠪᠣᠯᠭᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠪᠤᠯᠬᠤᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ ᠤᠷᠳᠤᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠢ ᠪᠠᠶᠢᠭᠤᠯᠣᠨ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠪᠠᠶᠢᠯᠳᠤᠬᠤ ᠪᠤᠳᠤᠯᠭ᠎ᠠ ᠪᠠ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠠᠰᠢᠭ ᠬᠦᠷᠳᠡᠭᠰᠡᠨ ᠲᠦᠷᠦᠭᠳᠡᠯ ᠢ  ᠲᠡᠭᠡᠭᠰᠢᠯᠠᠭᠦᠯᠤᠨ ᠦᠨᠳᠦᠰᠦᠨ ᠱᠠᠲᠤᠨ ᠤ ᠵᠠᠰᠠᠯᠲᠠ ᠶᠢ ᠠᠳᠬᠤᠵᠤ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃
3.jpg     
      ᠡᠷᠳᠡᠨᠢᠪᠢᠯᠢᠭ ᠲᠥᠯᠥᠭᠡᠯᠡᠭᠴᠢ ᠶᠠᠷᠢᠬᠤ ᠳᠠᠭᠠᠨ᠂ ᠢᠯᠡᠳᠬᠡᠯ ᠤᠨ ᠭᠤᠣᠯ ᠰᠡᠳᠦᠪ ᠲᠣᠳᠣᠷᠬᠠᠢ᠂ ᠰᠡᠳᠬᠢᠴᠡ ᠲᠤᠳᠤ᠂ ᠠᠷᠭ᠎ᠠ ᠬᠡᠮᠵᠢᠶ᠎ᠡ ᠡᠷᠴᠢᠮ ᠲᠠᠢ ᠪᠠᠶᠢᠵᠤ ᠬᠥᠮᠦᠰ ᠤᠨ ᠰᠡᠳᠬᠢᠯ ᠢ ᠵᠣᠷᠢᠭᠵᠢᠭᠤᠯᠤᠭᠰᠠᠨ᠂ ᠤᠷᠮ᠎ᠠ ᠵᠣᠷᠢᠭ ᠢ ᠬᠥᠪᠴᠢᠯᠡᠭᠰᠡᠨ ᠰᠠᠶᠢᠨ ᠢᠯᠡᠳᠬᠡᠯ ᠪᠤᠯᠤᠯ᠎ᠠ᠃ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠬᠤ ᠪᠥᠭᠡᠳ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠥᠭᠡᠷᠡᠴᠢᠯᠡᠯᠲᠡ ᠶᠢᠨ ᠬᠥᠳᠡᠯᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠬᠦᠷᠢᠶ᠎ᠡ ᠴᠠᠷᠠᠭᠠᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠤᠨ ᠨᠢᠭᠡᠳᠦᠭᠡᠷ ᠠᠵᠤ ᠦᠢᠯᠡᠰ ᠤᠨ ᠭᠡᠯᠭᠢᠶᠠᠵᠢᠯ  ᠢ ᠲᠡᠭᠡᠭᠰᠢᠯᠡᠬᠦᠯᠬᠦ ᠶᠢ ᠠᠭᠢᠭᠤᠯᠤᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠬᠦᠯᠵᠦ ᠤᠭᠢ ᠰᠠᠶᠢᠨ ᠠᠯᠠᠰᠢᠨ ᠥᠭᠡᠷ ᠤᠨ ᠠᠵᠤ ᠥᠢᠯᠡᠰ ᠤᠨ ᠭᠡᠯᠭᠢᠶᠠᠵᠢᠯ ᠤᠨ ᠰᠠᠭᠤᠷᠢᠨ ᠢ ᠪᠠᠶᠢᠭᠤᠯᠵᠤ ᠲᠣᠰ ᠭᠠᠵᠠᠷ ᠣᠷᠣᠨ ᠤ ᠡᠨᠧᠷᠭᠢ ᠶᠢᠨ ᠠᠵᠤ ᠠᠬᠤᠶᠢᠯᠠᠯ ᠤᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢ ᠨᠡᠮᠡᠭᠳᠡᠭᠦᠯᠬᠦ ᠶᠢ ᠵᠣᠷᠢᠭᠵᠢᠭᠤᠯᠤᠨ ᠲᠠᠷᠢᠶᠠᠯᠠᠩ ᠮᠠᠯ ᠠᠵᠤ ᠠᠬᠤᠶ ᠬᠢᠭᠡᠳ ᠠᠵᠤ ᠦᠢᠯᠡᠳᠪᠦᠷᠢ᠂ ᠰᠡᠯᠡᠭᠦᠴᠡᠯ ᠵᠢᠭᠤᠯᠴᠢᠯᠠᠯ ᠵᠡᠷᠭᠡ ᠣᠯᠠᠨ ᠡᠰᠢᠵᠢᠭᠰᠡᠨ ᠡᠵᠡᠩᠨᠡᠯᠲᠡ ᠶᠢᠨ ᠬᠡᠯᠪᠡᠷᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠶ᠃ ᠬᠤᠲᠠ ᠶᠢᠨ ᠱᠠᠲᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠡᠲᠤ ᠲᠡᠮᠳᠡᠭ ᠢ ᠡᠭᠦᠳᠴᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ ᠡᠯᠡᠰᠦ ᠶᠢ ᠵᠠᠰᠠᠬᠤ ᠵᠠᠭᠪᠤᠷ ᠢ ᠲᠡᠭᠦᠯᠳᠡᠷᠵᠢᠭᠦᠯᠵᠦ ᠡᠯᠡᠰᠦ ᠶᠢ ᠵᠠᠰᠠᠬᠤ ᠪᠠ ᠪᠠᠶᠠᠵᠢᠭᠤᠯᠬᠤ᠂ ᠨᠣᠭᠤᠭᠠᠷᠠᠭᠤᠯᠤᠯᠲᠠ ᠭᠢᠭᠦ ᠪᠠ ᠣᠷᠣᠯᠭ᠎ᠠ ᠶᠢ ᠨᠡᠮᠡᠭᠳᠡᠭᠦᠯᠬᠦ ᠬᠤᠤᠰ ᠠᠮᠵᠢᠯᠲᠠ ᠶᠢ ᠪᠠᠶᠠᠯᠠᠭᠦᠯᠤᠨ ᠣᠷᠣᠰᠢᠨ ᠰᠠᠭᠤᠷᠢᠰᠢᠬᠤ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠡᠭᠦᠳᠦᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠡᠢ᠃
4.jpg     
      ᠴᠤ ᠰᠢᠶᠤᠤ ᠬᠤᠸᠠ ᠲᠥᠯᠥᠭᠡᠯᠡᠭᠴᠢ ᠶᠠᠷᠢᠬᠤ ᠳᠠᠭᠠᠨ᠂ ᠬᠤᠲᠠ ᠶᠢᠨ ᠱᠠᠲᠤᠨ ᠤ ᠳᠠᠪᠬᠤᠷᠭ᠎ᠠ ᠳᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ ᠰᠢᠨ᠎ᠡ ᠡᠨᠧᠷᠭᠢ ᠬᠢᠭᠡᠳ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠤᠨ ᠪᠥᠬᠦ ᠤᠯᠤᠰ ᠤᠨ ᠤᠰᠤᠲᠥ᠋ᠷᠥᠭᠴᠢ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠬᠤ ᠬᠡᠷᠡᠭᠲᠡᠶ᠃ ᠠᠵᠤ ᠠᠬᠤᠶᠢᠯᠠᠯ ᠤᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠪᠠ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠤᠮᠳᠠᠬᠢ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠴᠡᠪᠡᠷ ᠡᠨᠧᠷᠭᠢ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠠᠯᠬᠤᠮ ᠠᠯᠬᠤᠮ ᠢᠶᠠᠷ ᠪᠠᠶᠢᠭᠤᠯᠵᠤ ᠠᠵᠤ ᠦᠢᠯᠡᠰ ᠤᠨ ᠳᠡᠭᠡᠳᠦ ᠲᠡᠰᠵᠢᠭᠰᠡᠨ᠂ ᠪᠣᠬᠢᠷᠲᠤᠯ ᠦᠭᠡᠢ᠂ ᠤᠶᠤᠨᠴᠢᠯᠠᠭᠰᠠᠨ᠂ ᠠᠭᠤᠰᠤᠯᠴᠠᠭᠰᠠᠨ ᠲᠡᠰᠢ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃
5.jpg     
      ᠠᠯᠲᠠᠨᠪᠠᠭᠠᠲᠤᠷ ᠲᠥᠯᠥᠭᠡᠯᠡᠭᠴᠢ ᠶᠠᠷᠢᠬᠤ ᠳᠠᠭᠠᠨ᠂ ᠦᠤᠰᠢᠨ ᠬᠤᠰᠢᠭᠤ ᠳᠡᠭᠡᠳᠦ ᠲᠠᠰ ᠤᠨ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠪᠦᠲᠦᠴᠡ ᠶᠢ ᠳᠣᠭᠢᠷᠠᠭᠤᠯᠬᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠲᠤᠲᠠᠭᠳᠠᠯ ᠢ ᠨᠥᠬᠦᠪᠥᠷᠢᠯᠡᠬᠦ᠂ ᠪᠠᠶᠠᠵᠢᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ ᠦᠢᠯᠡᠳᠪᠦᠷᠢᠯᠡᠬᠦ᠂ ᠨᠢᠲᠤᠯᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠥᠬᠦ ᠠᠵᠤ ᠦᠢᠯᠡᠰ ᠤᠨ  ᠭᠡᠯᠭᠢᠶᠠᠵᠢᠯ ᠢ ᠪᠠᠶᠢᠭᠤᠯᠵᠤ ᠴᠢᠨᠠᠷ ᠰᠠᠶᠢᠲᠠᠶ᠂ ᠨᠠᠷ᠎ᠠ ᠲᠡᠮᠳᠡᠭᠳᠤ᠂ ᠳᠡᠭᠡᠳᠦ ᠲᠠᠰ ᠤᠨ ᠵᠠᠬ᠎ᠠ ᠳᠡᠯᠭᠡᠭᠦᠷ ᠢᠶᠠᠷ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
6.jpg     
      ᠰᠢᠨ᠎ᠡ ᠲᠥᠯᠥᠭᠡᠯᠡᠭᠴᠢ ᠶᠠᠷᠢᠬᠤ ᠳᠠᠭᠠᠨ᠂ ᠡᠨᠡ ᠵᠢᠯ ᠪᠣᠯ ᠦᠤᠰᠢᠨ ᠬᠤᠰᠢᠭᠤᠨ ᠤ ︽ᠰᠢᠨ᠎ᠡ ᠠᠶᠠᠨ ᠢ ᠨᠡᠭᠡᠭᠡᠵᠦ᠂ ᠡᠮᠤᠨ᠎ᠡ ᠡᠩᠨᠡᠬᠡᠨ ᠳᠤ ᠤᠷᠤᠵᠦ᠂ ᠭᠤᠣᠯᠳᠠᠯᠭᠠᠲᠤ ᠣᠷᠣᠨ ᠢ ᠪᠦᠲᠦᠭᠡᠨ ᠪᠠᠶᠢᠭᠤᠯᠵᠦ᠂ ᠵᠠᠭᠤᠨ ᠬᠦᠴᠦᠷᠬᠡᠭ ᠰᠢᠶᠠᠨ ᠳᠤ ᠰᠢᠪᠲᠤᠯᠤᠯᠲᠠ ᠬᠢᠬᠦ ︾ ᠰᠢᠪᠲᠤᠯᠤᠯᠲᠠ ᠶᠢᠨ ᠵᠢᠯ ᠪᠣᠯᠤᠨ᠎ᠠ᠂ ᠦᠤᠰᠢᠨ ᠬᠤᠰᠢᠭᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠬᠤᠲᠠ ᠶᠢᠨ ᠱᠠᠲᠤᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 30 ᠲᠥᠷᠥᠯ ᠵᠦᠢᠯ ᠢ ᠬᠡᠷᠡᠭᠵᠢᠭᠦᠯᠵᠦ ᠮᠢᠩᠭᠠᠨ ᠳ᠋ᠦᠩᠰᠢᠭᠤᠷ ᠲᠠᠰ ᠤᠨ ᠲᠥᠷᠥᠯ ᠵᠦᠢᠯ ᠤᠨ ᠰᠦᠷᠦᠭᠵᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠬᠤ ᠶᠢ ᠪᠠᠲᠤᠯᠠᠬᠤ  ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠵᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠪᠠ ᠮᠢᠩᠭᠠᠨ ᠳ᠋ᠦᠩᠰᠢᠭᠤᠷ ᠲᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠤᠮᠳᠠᠬᠢ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠬᠤ ᠬᠡᠷᠡᠭᠲᠡᠶ᠃ ᠳᠡᠭᠡᠳᠦ ᠲᠠᠰ ᠤᠨ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠰᠤ ᠴᠠᠬᠢᠯᠭᠠᠨ ᠰᠢᠲᠠᠮᠠᠬᠠᠢ ᠬᠡᠢ ᠴᠢᠮᠡᠭᠡ ᠬᠤᠯᠪᠤᠭ᠎ᠠ ᠳᠤᠯᠠᠭᠠᠯᠠᠭ᠎ᠠ ᠶᠢᠨ ︽ᠲᠠᠪᠤᠨ ᠶᠡᠭᠡ ᠪᠠᠲᠤᠯᠠᠭ᠎ᠠ︾ ᠶᠢ ᠰᠠᠶᠢᠲᠤᠷ ᠠᠳᠬᠤᠵᠤ ᠣᠳᠣᠬᠠᠨ ᠤ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠣᠯᠠᠨ ᠦᠦᠰᠢᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠡᠢ᠃                                    ᠰᠣᠷᠪᠤᠯᠵᠢᠯᠠᠭᠴᠢ᠄ ᠠᠯᠤᠰ᠂ ᠸᠠᠩ ᠴᠢ᠂ ᠢᠦᠢ ᠵᠢᠶᠧ ᠮᠧᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ