ᠭᠠᠯᠠᠭᠤᠳᠤ ᠪᠠᠯᠭᠠᠰᠤ ᠣᠯᠠᠮᠵᠢᠯᠠᠯᠲᠤ ᠰᠠᠭᠠᠯᠢ ᠶᠢᠨ ᠦᠢᠯᠡᠰ ᠢ ᠭᠥᠭᠵᠢᠭᠦᠯᠵᠥ ᠣᠷᠣᠯᠭ᠎ᠠ ᠪᠠᠨ ᠨᠡᠮᠡᠭᠳᠡᠭᠦᠯᠵᠥ ᠪᠠᠶᠢᠨ᠎ᠠ
ᠨᠡᠶᠢᠲᠡᠯᠡᠭᠰᠡᠨ ᠴᠠᠭ᠄
2024/10/11
      ᠭᠠᠯᠠᠭᠤᠳᠤ ᠪᠠᠯᠭᠠᠰᠤ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠬᠠᠮᠲᠤ ᠪᠠᠷ ᠪᠠᠶᠠᠵᠢᠵᠦ ᠬᠠᠮᠲᠤ ᠪᠠᠷ ᠡᠳ᠋ᠯᠡᠬᠦ︾ ᠴᠢᠨᠠᠷ ᠰᠠᠶᠢᠲᠠᠢ ᠬᠥᠭᠵᠢᠯᠲᠡ ᠪᠠᠷ ᠵᠢᠯᠣᠭᠤᠳᠤᠮᠵᠢ ᠪᠣᠯᠭᠠᠵᠤ᠂ ᠣᠨᠴᠠᠯᠢᠭᠲᠤ ᠠᠵᠣ ᠣᠶᠢᠯᠠᠰ ᠢ ᠭᠡᠰᠡᠭ ᠬᠤᠪᠢᠶᠠᠨ ᠬᠤᠯᠪᠣᠭᠠᠯᠠᠨ ᠭᠦᠭᠵᠢᠭᠦᠯᠵᠥ᠂ ︽ᠰᠦᠨ ᠤ ᠢᠷᠡᠯᠳᠡ᠂ ᠬᠠᠳᠠᠭᠠᠯᠠᠨ ᠵᠥᠭᠡᠭᠡᠪᠦᠷᠢᠯᠡᠬᠦ᠂ ᠴᠠᠭᠠᠨ ᠢᠳᠡᠭᠡᠨ ᠢ ᠪᠣᠯᠪᠠᠰᠤᠷᠠᠭᠤᠯᠬᠤ᠂ ᠵᠠᠬ᠎ᠠ ᠳᠡᠯᠭᠡᠭᠦᠷ ᠲᠤ ᠪᠣᠷᠣᠯᠠᠭᠤᠯᠬᠤ︾ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶᠡᠵᠢᠯ ᠢ ᠴᠢᠬᠤᠯᠴᠢᠯᠠᠨ ᠠᠳᠬᠤᠵᠤ ᠣᠯᠠᠮᠵᠢᠯᠠᠯᠲᠤ ᠰᠠᠭᠠᠯᠢ ᠶᠢᠨ ᠦᠢᠯᠡᠰ ᠢ ᠣᠳᠣᠬᠢᠴᠢᠯᠡᠨ ᠭᠦᠭᠵᠢᠭᠦᠯᠵᠥ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠯ᠎ᠠ᠃         ᠭᠠᠯᠠᠭᠤᠳᠤ ᠪᠠᠯᠭᠠᠰᠤᠨ ᠤ ᠬᠦᠬᠡᠨᠠᠭᠤᠷ ᠭᠠᠴᠠᠭᠠᠨ ᠤ ︽ᠴᠡᠴᠡᠨ︾ ᠰᠠᠭᠠᠯᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠰᠢᠨ᠎ᠡ ᠰᠣᠷᠭᠤᠭ ᠦᠨᠢᠶᠡᠨ ᠰᠦ ᠨᠢ ᠱᠦᠭᠦᠬᠦ᠂ ᠴᠡᠪᠡᠷᠯᠡᠬᠦ᠂ ᠡᠭᠡᠳᠡᠭᠦᠯᠬᠦ᠂ ᠦᠨᠳᠦᠷ ᠬᠤᠷᠳᠤᠴᠠ ᠪᠠᠷ ᠰᠠᠯᠭᠠᠬᠤ ᠵᠡᠷᠭᠡ ᠦᠢᠯᠡᠳᠪᠦᠷᠢᠯᠡᠯ ᠤᠨ ᠠᠯᠬᠤᠮ ᠳᠠᠷᠠᠭ᠎ᠠ ᠪᠠᠷ ᠳᠡᠮᠵᠢᠨ ᠠᠶᠢᠷᠠᠭ᠂ ᠬᠤᠷᠤᠳ᠂ ᠥᠷᠥᠮ᠎ᠡ᠂ ᠰᠢᠷ᠎ᠠ ᠲᠤᠰᠣ ᠵᠡᠷᠭᠡ ᠴᠠᠭᠠᠨ ᠢᠳᠡᠭᠡᠨ ᠣᠶᠢᠯᠡᠳᠪᠣᠷᠢᠯᠡᠨ ᠭᠠᠷᠭᠠᠳᠠᠭ ᠪᠠᠶᠢᠨ᠎ᠠ᠃ ᠥᠪᠥᠷ ᠮᠣᠩᠭᠤᠯ ᠤᠨ ︽ᠴᠡᠴᠡᠨ︾ ᠰᠠᠭᠠᠯᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠲᠠᠮᠤᠷᠪᠠᠳᠤ ᠭᠡᠯᠡᠭᠦ ᠳᠤ ᠪᠠᠨ᠄ ︽ᠣᠳᠣᠬᠠᠨ ᠳᠤ ᠡᠳᠦᠷ ᠪᠦᠷᠢ 400 — 500 ᠵᠢᠩ ᠦᠨᠢᠶᠡᠨ ᠰᠦ ᠬᠤᠳᠠᠯᠳᠤᠨ ᠠᠪᠴᠤ᠂ ᠦᠢᠯᠡᠳᠪᠦᠷᠢᠯᠡᠭᠰᠡᠨ ᠠᠶᠢᠷᠠᠭ᠂ ᠥᠷᠥᠮ᠎ᠡ᠂ ᠰᠢᠷ᠎ᠠ ᠲᠤᠰᠤ᠂ ᠳᠠᠰᠢᠮᠠᠭ ᠵᠡᠷᠭᠡ ᠪᠠᠨ ᠣᠶᠢᠷ᠎ᠠ ᠬᠠᠪᠢ ᠶᠢᠨ ᠬᠤᠰᠢᠭᠤ ᠰᠢᠶᠡᠨ ᠳᠤ ᠪᠣᠷᠣᠯᠠᠭᠤᠯᠵᠤ᠂ ᠡᠳᠦᠷ ᠲᠤ 4 — 5 ᠮᠢᠩᠭᠠᠨ ᠲᠥᠭᠦᠷᠢᠭ ᠤᠨ ᠣᠷᠣᠯᠭ᠎ᠠ ᠤᠯᠳᠠᠭ︾ ᠭᠡᠵᠤ ᠶᠠᠷᠢᠯ᠎ᠠ ᠃      ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠤᠯᠠᠮᠵᠢᠯᠠᠯᠲᠤ ᠠᠷᠭ᠎ᠠ ᠪᠠ ᠰᠢᠨ᠎ᠡ ᠶᠢ ᠡᠭᠦᠳᠬᠦ ᠶᠢ ᠤᠶᠠᠯᠳᠤᠭᠤᠯᠬᠤ ᠬᠡᠷᠡᠭᠲᠡᠢ ᠪᠠᠶᠢᠳᠠᠭ᠃ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠠᠯᠴᠢᠨ ᠮᠥᠷᠡᠨ ᠣᠯᠠᠨ ᠵᠢᠯ ᠤᠨ ᠲᠤᠷᠰᠢ ᠤᠯᠠᠮᠵᠢᠯᠠᠯᠲᠤ ᠴᠠᠭᠠᠨ ᠢᠳᠡᠭᠡᠨ ᠬᠢᠬᠦ ᠶᠢ ᠪᠠᠷᠢᠮᠲᠠᠯᠠᠭᠰᠠᠭᠠᠷ ᠢᠷᠡᠵᠥ᠂ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢᠨ ᠬᠡᠪᠴᠢᠶ᠎ᠡ ᠶᠢ ᠴᠤ ᠤᠯᠠᠨ ᠤᠳᠠᠭ᠎ᠠ ᠰᠢᠨᠠᠴᠢᠯᠠᠨ ᠦᠷᠭᠡᠳᠭᠡᠵᠥ ᠪᠠᠶᠢᠭᠤᠯᠤᠭᠰᠠᠨ ᠪᠠᠶᠢᠨ᠎ᠠ᠃ ᠨᠢᠳᠤᠨᠤᠨ ᠡᠯ᠎ᠡ ᠱᠠᠳᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠡᠳᠡᠨ ᠤ ᠰᠠᠭᠠᠯᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠤᠯᠠᠮᠵᠢᠯᠠᠯᠲᠤ ᠰᠠᠭᠠᠯᠢ ᠬᠢᠬᠦ ᠤᠷ᠎ᠠ ᠮᠡᠷᠭᠡᠵᠢᠯ ᠢ ᠬᠠᠮᠠᠭᠠᠯᠠᠨ ᠬᠥᠭᠵᠢᠭᠦᠯᠬᠦ ᠶᠢᠨ ᠲᠥᠯᠥᠭᠡ᠂ ᠲᠡᠳᠡᠨ ᠤ ᠬᠢᠨ ᠢ ᠭᠤᠣᠯᠳᠠᠯᠭ᠎ᠠ ᠲᠠᠢ ᠪᠠᠷ ᠳᠡᠮᠵᠢᠬᠦ ᠡᠷᠦᠬᠡ ᠳᠤ ᠣᠷᠣᠭᠤᠯᠵᠤ᠂ 30 ᠲᠦᠮᠡᠨ ᠲᠥᠭᠦᠷᠢᠭ ᠤᠨ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠰᠬᠠᠶ ᠵᠦᠢᠯ ᠤᠨ ᠨᠥᠬᠦᠪᠥᠷᠢ ᠪᠡᠯᠡ ᠮᠥᠩᠭᠦ ᠶᠢ ᠣᠯᠭᠤᠵᠤ᠂ ᠮᠥᠷᠡᠨ ᠭᠤᠷᠪᠠᠳᠤᠭᠠᠷ ᠡᠭᠡᠯᠵᠢ ᠶᠢᠨ ᠰᠠᠭᠠᠯᠢ ᠶᠢᠨ ᠦᠢᠯᠡᠳᠪᠦᠷᠢ ᠪᠠᠨ ᠥᠷᠭᠡᠳᠬᠡᠨ ᠪᠠᠶᠢᠭᠤᠯᠵᠤ᠂ ᠰᠢᠨ᠎ᠡ ᠦᠢᠯᠡᠳᠪᠦᠷᠢ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠲᠡᠳᠡᠨ ᠤ ᠬᠢᠨ ᠤ ᠡᠳᠦᠷ ᠤᠨ ᠦᠢᠯᠡᠳᠪᠦᠷᠢᠯᠡᠭᠰᠡᠨ ᠦᠷᠦᠮ᠎ᠡ 1200 ᠬᠡᠰᠡᠭ ᠲᠤ ᠬᠦᠷᠴᠦ᠂ ᠡᠳᠦᠷ ᠲᠤ 5000 ᠵᠢᠩ ᠰᠦ ᠭᠡᠷᠡᠭᠯᠡᠭᠦ ᠪᠤᠯᠵᠤ᠂  ᠣᠶᠢᠷ᠎ᠠ ᠬᠠᠪᠢ ᠶᠢᠨ 50 ᠰᠢᠬᠠᠮ ᠮᠠᠯᠴᠢᠨ ᠲᠠᠷᠢᠶᠠᠴᠢᠨ ᠡᠷᠦᠬᠡ ᠶᠢᠨ ᠰᠠᠭᠠᠯᠢ ᠶᠢᠨ ᠦᠨᠢᠶ᠎ᠡ ᠲᠡᠵᠢᠭᠡᠬᠦ  ᠶᠢ  ᠵᠣᠷᠢᠭᠵᠢᠭᠤᠯᠤᠨ᠂ 10 ᠭᠠᠷᠤᠶ ᠬᠥᠮᠦᠨ ᠳᠤ ᠠᠵᠢᠯ ᠣᠯᠭᠤᠭᠰᠠᠨ ᠪᠠᠶᠢᠨ᠎ᠠ᠃       ᠰᠠᠭᠠᠯᠢ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠶᠢᠨ ᠵᠢᠯ ᠳᠤ᠂ ᠭᠠᠯᠠᠭᠤᠲᠤ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠤᠰᠬᠠᠶ ᠪᠠᠯᠠ ᠮᠥᠩᠭᠦ ᠶᠢ ᠭᠤᠶᠣᠪᠴᠢᠯᠠᠨ ᠣᠯᠬᠤ ᠪᠠᠷ ᠳᠠᠮᠵᠢᠨ᠂ 2023 ᠠᠴᠠ ᠣᠳᠣᠬᠠᠨ ᠪᠣᠯᠳᠠᠯ᠎ᠠ᠂ 390 ᠰᠢᠯᠢᠳᠡᠭ ᠡᠭᠦᠯᠳᠡᠷ ᠤᠨ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠥ᠂ ᠦᠨᠢᠶᠡᠨ ᠰᠦ ᠶᠢᠨ ᠭᠠᠷᠤᠯᠲᠠ 2022 ᠣᠨ ᠤ 81.7 ᠲᠦᠮᠡᠨ ᠺᠢᠯᠣᠭ᠍ᠷᠠᠮ ᠪᠠᠶᠢᠭᠰᠠᠨ ᠠᠴᠠ ᠤᠳᠤᠬᠠᠨ ᠤ 300 ᠲᠦᠮᠡᠨ ᠺᠢᠯᠣᠭ᠍ᠷᠠᠮ ᠪᠣᠯᠵᠤ ᠨᠡᠮᠡᠭᠳᠡᠪᠡ᠃ ᠭᠠᠯᠠᠭᠤᠳᠤ ᠪᠠᠯᠭᠠᠰᠤ ᠪᠠᠰᠠ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠬᠦᠲᠦᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ  ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ ᠡᠭᠡᠳᠡᠭᠰᠡᠨ ᠰᠦ ᠶᠢᠨ ᠮᠦᠰᠦᠮᠦᠯᠵᠢ᠂ ᠠᠶᠢᠷᠠᠭ ᠲᠠᠢ ᠪᠣᠣᠪᠤ᠂ ᠬᠠᠭᠤᠷᠤᠭᠰᠠᠨ ᠠᠮᠤ ᠲᠠᠢ ᠰᠦᠨ ᠰᠢᠬᠢᠷ ᠵᠡᠷᠭᠡ ᠴᠠᠭᠠᠨ ᠢᠳᠡᠭᠡᠨ ᠤ ᠪᠦᠳᠣᠭᠡᠭᠳᠡᠭᠦᠨ ᠢ ᠰᠢᠨ᠎ᠡ ᠪᠠᠷ ᠭᠠᠷᠭᠠᠵᠤ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠵᠤ ᠦᠢᠯᠡᠳᠬᠦᠨ ᠤ ᠥᠷᠲᠡᠭ ᠢ ᠳᠡᠭᠡᠭᠰᠢᠯᠡᠭᠦᠯᠦᠭᠰᠡᠨ ᠪᠠᠶᠢᠨ᠎ᠠ᠃ ᠵᠢᠱᠢᠯᠲᠡ ᠪᠠᠷ 2025 ᠣᠨ ᠪᠣᠯᠬᠤ ᠳᠤ᠂ ᠰᠠᠭᠠᠯᠢ ᠶᠢᠨ ᠪᠦᠲᠦᠭᠡᠭᠳᠡᠬᠦᠨ ᠤ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢ 700 ᠲᠦᠮᠡᠨ ᠺᠢᠯᠣᠭ᠍ᠷᠠᠮ ᠠᠴᠠ ᠳᠡᠭᠡᠭᠰᠢ ᠳᠤ ᠬᠦᠷᠦᠭᠦᠯᠵᠦ᠂ ᠨᠠᠩ ᠣᠯᠠᠨ ᠮᠠᠯᠵᠢᠯ ᠤᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠠᠶᠢᠨ᠎ᠠ                                 ᠰᠣᠷᠪᠤᠯᠵᠢᠯᠠᠭᠴᠢ᠄ ᠠᠯᠤᠰ    ᠸᠠᠩ ᠴᠢ   ᠸᠠᠩ ᠽᠧ ᠢᠦᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ