ᠰᠢᠷᠬᠤᠰᠤ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2024/10/11
      ᠰᠢᠷᠬᠤᠰᠤ ᠵᠢᠭᠤᠯᠴᠢᠯᠠᠯ ᠤᠨ ᠣᠷᠣᠨ ᠨᠢ ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠳᠤ ᠪᠠᠶᠢᠷᠢᠯᠠᠵᠤ᠂ ᠰᠢᠷᠬᠤᠰᠤ ᠰᠣᠶᠣᠯ ᠤᠨ ᠪᠠᠭᠤᠷᠢ ᠶᠢᠨ ᠵᠢᠭᠤᠯᠴᠢᠯᠠᠯ ᠤᠨ ᠣᠷᠣᠨ ︵︽ᠪᠣᠷᠣᠳᠣᠬᠤᠢ ᠬᠥᠮᠥᠨ︾ ᠤ ᠪᠠᠭᠤᠷᠢ︶ ᠪᠠ ᠪᠠᠲᠤ ᠶᠢᠨ ᠳᠤᠬᠤᠢ ᠶᠢᠨ ᠵᠢᠭᠤᠯᠴᠢᠯᠠᠯ ᠤᠨ ᠣᠷᠣᠨ ᠢᠶᠠᠷ ᠪᠦᠷᠢᠯᠳᠦᠵᠤ ᠤᠯᠤᠰ ᠤᠨ AAAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠦᠬᠦ ᠤᠯᠤᠰ ᠤᠨ ᠲᠠᠪᠤᠳᠤᠭᠠᠷ ᠪᠦᠯᠦᠭ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ  ᠤᠨ ᠬᠠᠮᠠᠭᠠᠯᠠᠯᠲᠠ ᠶᠢᠨ ᠨᠢᠭᠡᠴᠢ ᠪᠤᠯᠤᠨ᠎ᠠ᠃ ᠶᠡᠭᠡ ᠬᠠᠪᠴᠢᠯ ᠨᠢ 8 ᠶᠡᠭᠡ ᠳᠤᠬᠤᠢ ᠪᠠᠷ ᠪᠦᠷᠢᠯᠳᠦᠵᠦ᠂ ᠭᠤᠣᠯ ᠬᠥᠨᠳᠡᠢ ᠶᠢᠨ ᠪᠦᠬᠦ ᠣᠷᠳᠣ ᠨᠢ 34 ᠺᠢᠯᠣᠮᠧᠲᠷ ᠪᠤᠢ᠃ ᠡᠨᠡ ᠨᠢ ᠣᠲᠣ ᠠᠴᠠ 10 ︱ 5 ᠲᠦᠮᠡᠨ ᠵᠢᠯ ᠤᠨ ᠡᠮᠤᠨᠡᠬᠢ ᠦᠯᠡᠳᠡᠭᠳᠡᠯ ᠪᠠᠶᠢᠵᠤ ᠳᠤᠮᠳᠠᠳᠤ ᠤᠯᠤᠰ ᠪᠠ ᠳᠡᠯᠡᠬᠡᠢ ᠶᠢᠨ ᠬᠠᠭᠤᠴᠢ ᠰᠤᠳᠤᠯᠤᠯ ᠤᠨ ᠬᠦᠷᠢᠶᠡᠨ ᠳᠤ ᠴᠢᠬᠤᠯᠠ ᠶᠡᠭᠡ ᠨᠥᠯᠥᠭᠡᠯᠡᠬᠦ ᠬᠦᠴᠦᠨ ᠲᠠᠢ ᠬᠠᠭᠤᠴᠢᠨ ᠴᠢᠯᠠᠭᠤᠨ ᠵᠡᠪᠰᠡᠭ ᠤᠨ ᠳᠤᠮᠳᠠᠴᠢ ᠦᠶ᠎ᠡ ᠶᠢᠨ ᠰᠣᠶᠣᠯ ᠤᠨ ᠪᠠᠭᠤᠷᠢ ᠪᠤᠯᠤᠨ᠎ᠠ᠂ ᠵᠧᠦ ᠺᠧᠦ ᠳ᠋ᠢᠶᠠᠨ ᠤ ︽ᠪᠡᠭᠡᠵᠢᠩ ᠬᠥᠮᠥᠨ︾ ᠤ ᠪᠠᠭᠤᠷᠢ ᠶᠢ ᠳᠠᠷᠠᠭᠠᠯᠠᠭᠰᠠᠨ ᠲᠡᠦᠬᠡ ᠶᠢᠨ ᠴᠢᠬᠤᠯᠠ ᠦᠯᠡᠳᠡᠭᠳᠡᠯ ᠪᠦᠬᠡᠳ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠰᠦᠯ ᠤᠨ ᠴᠢᠬᠤᠯᠠ ᠭᠤᠯᠤᠮᠲᠠ ᠪᠣᠯᠤᠭᠰᠠᠨ ᠪᠠᠶᠢᠨ᠎ᠠ ᠭᠡᠵᠦ ᠦᠵᠡᠵᠦ ᠪᠣᠶ᠃ ᠣᠳᠣ ᠪᠣᠯᠲᠠᠯ᠎ᠠ ᠨᠡᠶᠢᠲᠡ 500 ᠭᠠᠷᠤᠢ ᠵᠦᠢᠯ ᠤᠨ ᠬᠥᠮᠥᠨ ᠲᠥᠷᠥᠯᠬᠢᠲᠡᠨ ᠤ ᠴᠢᠯᠠᠭᠤᠵᠢᠮᠠᠯ᠂ ᠴᠢᠯᠠᠭᠤᠨ ᠵᠡᠪᠰᠡᠭ ᠵᠡᠷᠭᠡ ᠦᠯᠡᠳᠡᠭᠳᠡᠯ ᠢ ᠢᠯᠡᠷᠡᠭᠦᠯᠵᠦ᠂ 40 ᠭᠠᠷᠤᠢ ᠵᠦᠢᠯ ᠤᠨ ᠬᠠᠯᠠᠬᠤ ᠰᠢᠨ᠎ᠡ ᠶᠢᠨ ᠦᠶ᠎ᠡ ᠶᠢᠨ ᠰᠡᠬᠦᠯᠴᠢ ᠶᠢᠨ ᠬᠤᠭᠤᠴᠠᠭᠠᠨ ᠤ ᠬᠥᠬᠦᠲᠡᠨ ᠠᠮᠢᠲᠠᠨ ᠵᠢᠴᠢ ᠰᠢᠪᠠᠭᠤᠨ ᠤ ᠲᠥᠷᠥᠯ ᠤᠨ ᠴᠢᠯᠠᠭᠤᠵᠢᠮᠠᠯ ᠢ ᠢᠯᠡᠷᠡᠭᠦᠯᠵᠡᠢ᠃
640.jpg
640.png
      ᠪᠠᠲᠤ ᠶᠢᠨ ᠳᠤᠬᠤᠢ ᠶᠢᠨ ᠵᠢᠭᠤᠯᠴᠢᠯᠠᠯ ᠤᠨ ᠣᠷᠣᠨ ᠨᠢ ᠰᠢᠷᠬᠤᠰᠤᠨ ᠪᠠᠯᠭᠠᠰᠤᠨ ᠤ ᠬᠢᠵᠠᠭᠠᠷ ᠲᠠᠬᠢ ᠰᠢᠷᠬᠤᠰᠤᠨ ᠭᠤᠣᠯ ᠤᠨ ᠳᠡᠭᠡᠳᠦ ᠤᠷᠤᠰᠬᠠᠯ ᠳᠤ ᠪᠠᠶᠢᠷᠢᠯᠠᠵᠤ᠂ ᠰᠢᠷᠬᠤᠰᠤᠨ ᠭᠤᠣᠯ ᠠᠳᠡ ᠠᠴᠠ ᠲᠤᠬᠤᠶᠢᠷᠠᠨ ᠤᠷᠤᠰᠴᠤ ᠬᠤᠶᠠᠷ ᠵᠠᠯᠭᠠᠯᠳᠤᠭᠰᠠᠨ ᠨᠠᠭᠤᠷ ᠤᠨ ᠳᠤᠬᠤᠢ ᠶᠢ ᠪᠤᠶ ᠪᠣᠯᠭᠠᠵᠠᠢ᠂ ᠡᠨᠡ ᠪᠣᠯ ᠳᠠᠷᠤᠢ ᠪᠠᠲᠤ ᠶᠢᠨ ᠳᠤᠬᠤᠢ ᠪᠣᠯᠣᠨ᠎ᠠ᠃ ᠰᠢᠷᠬᠤᠰᠤᠨ ᠭᠤᠣᠯ ᠨᠢ ᠭᠦᠨ ᠮᠦᠷᠲᠡᠭᠡᠨ ᠥᠷᠭᠡᠨ ᠪᠠᠶᠢᠵᠤ᠂ ᠰᠠᠪᠠ ᠭᠠᠵᠠᠷ ᠲᠤ ᠬᠥᠮᠥᠰ ᠵᠢᠭᠠᠰᠤ ᠲᠡᠵᠢᠭᠡᠵᠦ᠂ ᠵᠢᠮᠢᠰ ᠤᠨ ᠮᠣᠳᠣ ᠵᠠᠶᠢᠯᠠᠵᠤ᠂ ᠲᠤᠲᠤᠷᠭ᠎ᠠ ᠲᠠᠷᠢᠳᠠᠭ ᠠᠴᠠ ᠣᠷᠳᠣᠰ ᠤᠨ ︽ᠠᠮᠤ ᠵᠢᠭᠠᠰᠣᠨ ᠤ ᠨᠤᠲᠤᠭ︾᠂ ︽ᠴᠡᠴᠡᠭ ᠵᠢᠮᠢᠰ ᠤᠨ ᠨᠤᠲᠤᠭ︾ ᠪᠣᠯᠵᠤ᠂ ︽ᠪᠣᠭᠤᠮᠲᠠ ᠶᠢᠨ ᠭᠠᠳᠠᠨᠠᠬᠢ ᠪᠢᠴᠢᠬᠠᠨ ᠵᠢᠶᠠᠩᠨᠠᠨ︾ ᠭᠡᠵᠤ ᠠᠯᠳᠠᠷᠰᠢᠭᠰᠠᠨ ᠶᠤᠮ᠃ ᠪᠠᠲᠤ ᠶᠢᠨ ᠳᠤᠬᠤᠢ ᠶᠢᠨ  ᠤᠰᠤᠨ ᠴᠥᠭᠦᠷᠥᠮ ᠤᠨ ᠪᠠᠭᠲᠠᠭᠠᠮᠵᠢ ᠨᠢ 1.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠰᠠᠪᠠ ᠭᠠᠵᠠᠷ ᠤᠨ ᠲᠠᠯᠠᠪᠠᠢ ᠨᠢ 4321 ᠲᠡᠭᠰᠢ ᠳᠥᠷᠪᠡᠯᠵᠢᠨ ᠺᠢᠯᠤᠮᠧᠲᠷ ᠲᠤ ᠬᠦᠷᠴᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠠᠮᠤᠭ ᠤᠨ ᠶᠡᠭᠡ ᠤᠰᠤᠨ ᠴᠥᠭᠦᠷᠥᠮ ᠪᠠᠶᠢᠵᠤ᠂ ᠴᠠᠬᠢᠯᠭᠠᠨ ᠭᠠᠷᠭᠠᠬᠤ᠂ ᠤᠰᠤᠯᠠᠬᠤ᠂ ᠦᠶᠡᠷ ᠢ ᠰᠡᠷᠭᠡᠶᠢᠯᠡᠬᠦ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠪᠠ ᠵᠢᠭᠤᠯᠴᠢᠯᠠᠨ ᠲᠣᠭᠤᠷᠢᠬᠤ ᠶᠢ ᠨᠢᠭᠡ ᠴᠣᠭᠴᠠᠵᠢᠭᠤᠯᠵᠠᠢ᠃ ᠪᠠᠲᠤ ᠶᠢᠨ ᠳᠤᠬᠤᠢ ᠪᠣᠯ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠮᠥᠨ᠂ ᠠᠯᠢ ᠡᠷᠲᠡ ᠳᠡᠭᠡᠷ᠎ᠡ ᠵᠠᠭᠤᠨ ᠤ ᠭᠤᠴᠢᠭᠠᠳ ᠣᠨ ᠤ ᠦᠶ᠎ᠡ ᠳᠤ ᠤᠯᠠᠭᠠᠨᠬᠦᠦ᠂ ᠰᠦᠩ ᠷᠧᠨ ᠴᠢᠦ᠋ᠩ᠂ ᠭᠤᠤ ᠭᠠᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠠᠳᠡ ᠬᠤᠪᠢᠰᠬᠠᠯ ᠤᠨ ᠣᠴᠢ ᠶᠢ ᠦᠯᠡᠳᠡᠭᠡᠭᠰᠡᠨ ᠠᠴᠠ ᠪᠠᠲᠤ ᠶᠢᠨ ᠳᠤᠬᠤᠢ ᠶᠢᠨ ᠫᠠᠷᠲ᠋ᠢᠽᠠᠨ ᠠᠩᠭᠢ ᠶᠢᠨ ᠦᠯᠢᠭᠡᠷ ᠤᠳᠤ ᠪᠣᠯᠲᠠᠯ᠎ᠠ ᠥᠷᠭᠡᠨ ᠢᠶᠠᠷ ᠤᠯᠠᠮᠵᠢᠯᠠᠭᠳᠠᠭᠰᠠᠭᠠᠷ ᠢᠷᠡᠭᠰᠡᠨ ᠪᠠᠶᠢᠨ᠎ᠠ᠃
3.jpg
4.jpg
5.jpg
 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ