ᠲᠣᠭᠤᠷᠢᠮ ᠤᠨ ᠰᠦᠮ᠎ᠡ ᠶᠢᠨ ᠵᠢᠭᠤᠯᠴᠢᠯᠠᠯ ᠤᠨ ᠣᠷᠣᠨ ᠪᠣᠯ ᠤᠯᠤᠰ ᠤᠨ AA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠣᠨ᠎ᠠ᠂ ᠦᠦᠰᠢᠨ | ᠬᠤᠰᠢᠭᠤᠨ ᠤ ᠰᠦᠯᠳᠡ ᠰᠤᠮᠤᠨ ᠤ ᠲᠤᠭᠤᠷᠢᠮ ᠭᠠᠴᠠᠭ᠎ᠠ ᠳᠤ ᠪᠠᠶᠢᠷᠢᠯᠠᠵᠤ᠂ ᠦᠦᠰᠢᠨ ᠬᠤᠰᠢᠭᠤᠨ ᠤ ᠵᠠᠰᠠᠭ ᠤᠨ ᠣᠷᠳᠣᠨ ᠠᠴᠠ 17.8 ᠺᠢᠯᠤᠮᠧᠲᠷ ᠵᠠᠶᠢᠲᠠᠢ | ᠪᠠᠶᠢᠵᠤ᠂ ᠪᠦᠬᠦ ᠬᠤᠰᠢᠭᠤᠨ ᠤ ᠬᠠᠮᠤᠭ ᠡᠷᠲᠡᠨ ᠤ ᠲᠥᠪᠡᠳ ᠠᠴᠠ ᠤᠯᠠᠮᠵᠢᠯᠠᠭᠰᠠᠨ ᠰᠦᠮ᠎ᠡ ᠶᠢᠨ ᠨᠢᠭᠡ ᠪᠣᠯᠣᠨ᠎ᠠ᠃ ᠲᠣᠭᠤᠷᠢᠮ ᠤᠨ ᠰᠦᠮ᠎ᠡ ᠶᠢ ᠴᠢᠩ | ᠤᠯᠤᠰ ᠤᠨ ᠡᠩᠬᠡ ᠠᠮᠤᠭᠤᠯᠠᠩ ᠤᠨ ᠳᠥᠴᠢᠨ ᠲᠠᠪᠤᠳᠤᠭᠠᠷ ᠣᠨ ︵1706 ᠣᠨ︶ ᠳᠤ ᠨᠢᠭᠡᠳᠦᠭᠡᠷ ᠦᠶ᠎ᠡ ᠶᠢᠨ ᠭᠡᠭᠡᠨ ᠯᠠᠪᠠᠢ·ᠲᠠᠩᠭᠤᠳ ᠡᠭᠦᠳᠦᠨ | ᠪᠠᠶᠢᠭᠤᠯᠪᠠ᠃ ᠠᠩᠬ᠎ᠠ ᠪᠠᠶᠢᠭᠤᠯᠤᠭᠳᠠᠭᠰᠠᠨ ᠠᠴᠠ ᠨᠠᠭᠠᠰᠢ ᠭᠤᠷᠪᠠᠨ ᠵᠠᠭᠤ ᠭᠠᠷᠤᠢ ᠵᠢᠯ ᠤᠨ ᠲᠡᠦᠬᠡ ᠶᠢ ᠥᠩᠭᠡᠷᠡᠭᠦᠯᠵᠦ᠂ ᠤᠷᠢᠳ ᠬᠤᠵᠢᠳ ᠲᠠᠪᠤ ᠤᠳᠠᠭ᠎ᠠ | ᠶᠡᠭᠡ ᠬᠡᠪᠴᠢᠶ᠎ᠡ ᠪᠠᠷ ᠵᠠᠰᠠᠨ ᠰᠡᠯᠪᠢᠵᠦ᠂ ᠣᠷᠳᠣ ᠬᠠᠷᠰᠢ ᠨᠢ ᠰᠦᠷ ᠵᠢᠪᠬᠤᠯᠠᠩᠲᠠᠢ᠂ ᠪᠦᠲᠦᠴᠡ ᠨᠢ ᠲᠥᠪ ᠴᠢᠩᠭ᠎ᠠ ᠪᠠᠶᠢᠵᠤ᠂ ᠰᠦᠮ᠎ᠡ ᠪᠣᠯᠣᠨ ᠣᠶ ᠮᠣᠳᠣ᠂ | ᠣᠷᠳᠣ ᠬᠠᠷᠰᠢ ᠵᠡᠷᠭᠡᠴᠡᠨ ᠨᠡᠩ ᠰᠦᠷ ᠵᠢᠪᠬᠤᠭ᠎ᠠ ᠲᠠᠢ ᠪᠣᠯᠤᠭᠰᠠᠨ ᠪᠠᠶᠢᠨ᠎ᠠ᠃ ᠡᠵᠡᠯᠡᠬᠦ ᠶᠡᠷᠦᠩᠬᠡᠢ ᠲᠠᠯᠠᠪᠠᠶ ᠨᠢ 2.8 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ ᠪᠠᠷᠢᠯᠭ᠎ᠠ ᠶᠢᠨ ᠪᠠᠶᠢᠭᠤᠯᠤᠮᠵᠢ ᠶᠢ ᠭᠤᠣᠯᠳᠠᠭᠤ ᠳᠤᠭᠠᠩ ᠰᠦᠮ᠎ᠡ ᠬᠡᠶᠢᠳ ᠪᠠ ᠭᠡᠭᠡᠨ ᠤ ᠬᠦᠷᠢᠶᠡᠯᠡᠩ ᠭᠡᠵᠦ ᠬᠤᠪᠢᠶᠠᠳᠠᠭ᠂ ᠲᠡᠭᠦᠨ ᠤ ᠡᠵᠡᠯᠡᠬᠦ ᠲᠠᠯᠠᠪᠠᠶ | ᠨᠢ ᠲᠤᠰ ᠲᠤᠰ 3792 ᠲᠡᠭᠰᠢ ᠳᠥᠷᠪᠡᠯᠵᠢᠨ ᠮᠧᠲᠷ ᠪᠠ 2609 ᠲᠡᠭᠰᠢ ᠳᠥᠷᠪᠡᠯᠵᠢᠨ ᠮᠧᠲᠷ ᠪᠤᠢ᠃ ᠡᠭᠦᠨ ᠠᠴᠠ ᠭᠠᠳᠠᠨ᠎ᠠ᠂ ᠰᠦᠮ᠎ᠡ ᠬᠡᠶᠢᠳ ᠤᠨ ᠡᠷᠭᠢᠨ | ᠲᠣᠭᠤᠷᠢᠨ ᠳᠤ ᠪᠠᠰᠠ 369 ᠮᠦ ᠡᠪᠡᠰᠦ ᠪᠡᠯᠴᠢᠭᠡᠷ ᠲᠠᠢ᠃ ᠲᠣᠭᠤᠷᠢᠮ ᠤᠨ ᠰᠦᠮ᠎ᠡ ᠪᠣᠯ ᠥᠪᠡᠷᠲᠡᠭᠡᠨ ᠵᠠᠰᠠᠬᠤ ᠣᠷᠣᠨ ᠤ ᠳᠡᠰ ᠤᠨ ᠱᠠᠰᠢᠨ ᠰᠤᠷᠲᠠᠬᠤᠨ ᠤ | ᠬᠡᠷᠡᠭ ᠶᠠᠪᠤᠳᠠᠯ ᠤᠨ ᠲᠡᠷᠢᠭᠦᠨ ᠤ ᠬᠠᠮᠲᠤ᠂ ᠪᠣᠯᠪᠠᠰᠤᠨ ᠨᠢᠭᠡᠴᠢ ᠪᠠ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠰᠠᠭᠤᠷᠢᠨ ᠭᠠᠵᠠᠷ ᠪᠣᠯᠣᠨ᠎ᠠ᠃ | ᠲᠣᠭᠤᠷᠢᠮ ᠤᠨ ᠰᠦᠮ᠎ᠡ ᠨᠢ ᠪᠥᠬᠦ ᠬᠤᠰᠢᠭᠤᠨ ᠤ ᠲᠥᠪᠡᠳ ᠤᠨ ᠪᠤᠷᠬᠠᠨ ᠱᠠᠰᠢᠨ ᠤ ᠴᠢᠬᠤᠯᠠ ᠠᠵᠢᠯᠯᠠᠭᠠᠨ ᠤ ᠲᠠᠯᠠᠪᠤᠷ ᠤᠨ ᠨᠢᠭᠡ ᠪᠣᠯᠬᠤ ᠪᠠᠷ ᠪᠠᠷᠠᠬᠤ ᠦᠭᠡᠢ᠂ | ᠲᠤᠭ ᠠᠴᠠ ᠰᠢᠷᠬᠤᠰᠤ ᠪᠠᠭᠤᠷᠢ ᠬᠦᠷᠬᠦ ᠰᠣᠶᠣᠯ ᠵᠢᠭᠤᠯᠴᠢᠯᠠᠯ ᠤᠨ ᠵᠠᠮ ᠱᠤᠭᠤᠮ ᠤᠨ ᠴᠢᠬᠤᠯᠠ ᠨᠢᠬᠡᠨ ᠦᠵᠡᠮᠵᠢ ᠶᠢᠨ ᠴᠡᠭ ᠪᠣᠯᠤᠨ᠎ᠠ᠃ | | | | | | |