ᠤᠮᠠᠷᠠᠲᠤ ᠬᠢᠯᠢ ᠶᠢᠨ ᠰᠤᠶᠤᠯ — ᠦᠦᠰᠢᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠦᠷᠲᠡᠭᠡ︶
ᠨᠡᠶᠢᠲᠡᠯᠡᠭᠰᠡᠨ ᠴᠠᠭ᠄
2024/10/16
      ᠦᠦᠰᠢᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ︶ ᠢ 2020 ᠣᠨ ᠳᠤ ᠪᠠᠶᠢᠭᠤᠯᠵᠤ᠂ ᠦᠦᠰᠢᠨ ᠬᠤᠰᠢᠭᠤᠨ ᠤ ᠰᠣᠶᠣᠯ ᠤᠨ ᠪᠦᠲᠦᠭᠡᠯᠳᠡ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠶᠡᠷᠦᠩᠬᠡᠢ ᠲᠠᠯᠠᠪᠠᠶ ᠨᠢ 900 ᠭᠠᠷᠤᠢ ᠲᠡᠭᠰᠢ ᠳᠥᠷᠪᠡᠯᠵᠢᠨ ᠮᠧᠲᠷ ᠪᠤᠢ᠃ ᠤᠯᠠᠮᠵᠢᠯᠠᠯᠲᠤ ᠭᠠᠷ ᠤᠷᠠᠯᠠᠯ ᠤᠨ ᠡᠬᠢ ᠪᠠᠶᠠᠯᠢᠭ ᠪᠠ ᠲᠥᠷᠥᠯ ᠵᠦᠢᠯ ᠢ ᠡᠮᠬᠢᠯᠡᠨ ᠨᠡᠶᠢᠯᠡᠭᠦᠯᠵᠤ᠂ ᠬᠠᠮᠢᠶ᠎ᠠ ᠪᠦᠬᠦᠢ ᠪᠠᠶᠢᠭᠤᠯᠤᠮᠵᠢ᠂ ᠠᠵᠤ ᠠᠬᠤᠶᠢᠯᠠᠯ ᠪᠠ ᠤᠯᠠᠮᠵᠢᠯᠠᠨ ᠵᠠᠯᠭᠠᠮᠵᠢᠯᠠᠭᠴᠢ ᠶᠢ ᠬᠤᠯᠪᠤᠵᠤ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ᠂ ᠲᠥᠷᠥᠯ ᠵᠦᠢᠯ ᠪᠠ ᠤᠯᠠᠮᠵᠢᠯᠠᠨ ᠵᠠᠯᠭᠠᠮᠵᠢᠯᠠᠭᠴᠢ ᠳᠤ ᠮᠡᠷᠭᠡᠵᠢᠯ ᠤᠨ ᠵᠢᠯᠣᠭᠤᠳᠤᠯᠭ᠎ᠠ᠂ ᠮᠡᠳᠡᠭᠡ ᠵᠠᠩᠭᠢ ᠶᠢᠨ ᠯᠠᠪᠯᠠᠯᠳᠠ᠂ ᠵᠢᠷᠤᠵᠤ ᠲᠥᠯᠥᠪᠯᠡᠨ ᠦᠢᠯᠡᠳᠬᠦ᠂  ᠭᠠᠳᠠᠭᠰᠢ ᠪᠠᠨ ᠳᠡᠯᠭᠡᠷᠡᠭᠦᠯᠦᠨ ᠲᠠᠨᠢᠯᠴᠠᠭᠤᠯᠬᠤ ᠵᠡᠷᠭᠡ ︽ᠳᠥᠷᠪᠡᠨ ᠲᠦᠷᠦᠯ︾ ᠤᠨ ᠦᠢᠯᠡᠴᠢᠯᠡᠭᠡ ᠬᠠᠩᠭᠠᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠶᠢᠨ ᠲᠥᠯᠥᠭᠡ ᠪᠠᠶᠢᠭᠤᠯᠤᠭᠰᠠᠨ ᠶᠤᠮ᠃ ᠦᠦᠰᠢᠨ ᠬᠤᠰᠢᠭᠤᠨ ᠳᠤ ᠤᠳᠤᠬᠠᠨ ᠳᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠶᠢᠨ ᠲᠦᠷᠦᠯ ᠵᠦᠢᠯ 2᠂ ᠣᠷᠣᠨ ᠤ ᠲᠠᠰ ᠤᠨ ᠲᠦᠷᠦᠯ ᠵᠦᠢᠯ 21᠂ ᠬᠤᠲᠠ ᠶᠢᠨ ᠲᠠᠰ ᠤᠨ ᠲᠦᠷᠦᠯ ᠵᠦᠢᠯ 56᠂ ᠬᠤᠰᠢᠭᠤᠨ ᠤ ᠲᠠᠰ ᠤᠨ ᠲᠦᠷᠦᠯ ᠵᠦᠢᠯ 80 ᠪᠠᠶᠢᠵᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 2 ᠬᠥᠮᠥᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 31 ᠬᠥᠮᠥᠨ᠂ ᠬᠤᠲᠠ ᠶᠢᠨ ᠲᠠᠰ ᠤᠨ 78 ᠬᠥᠮᠥᠨ᠂ ᠬᠤᠰᠢᠭᠤᠨ ᠤ ᠲᠠᠰ ᠤᠨ 181 ᠬᠥᠮᠥᠨ ᠪᠠᠶᠢᠵᠤ᠂ ᠨᠡᠶᠢᠲᠡᠮ ᠪᠠᠶᠢᠴᠠᠭᠠᠯᠲᠠ ᠪᠠᠷ ᠪᠥᠬᠦ ᠬᠤᠰᠢᠭᠤᠨ ᠳᠤ ᠣᠲᠣ 400 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠰᠦᠪᠡᠭᠴᠢ ᠪᠣᠶ᠃ 
dd34e61c4eecc11f5fc3d7c7d9d8f4a.jpg
     
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ