︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︵ᠳᠣᠷᠣᠭᠰᠢ ︽ᠵᠠᠰᠠᠭ ᠤᠨ | ᠣᠷᠳᠣᠨ ᠤ ᠠᠯᠪᠠᠨ ᠮᠡᠳᠡᠭᠡ︾ ᠭᠡᠵᠦ ᠲᠣᠪᠴᠢᠯᠠᠪᠠ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠠ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠡᠶᠢᠲᠡᠯᠡᠬᠦ ᠬᠠᠤᠯᠢ ᠪᠠᠷ ᠲᠣᠭᠲᠠᠭᠠᠭᠰᠠᠨ ᠠᠴᠢᠶᠠᠯᠠᠪᠤᠷᠢ ᠪᠣᠯᠣᠨ᠎ᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠵᠠᠷᠯᠢᠭ ᠨᠡᠶᠢᠲᠡᠯᠡᠬᠦ ᠡᠷᠬᠡ ᠰᠦᠷᠲᠦ ᠠᠷᠭ᠎ᠠ ᠵᠠᠮ ᠪᠣᠯᠣᠨ᠎ᠠ᠃ ᠣᠯᠠᠨ | ᠨᠡᠶᠢᠲᠡ ᠶᠢᠨ ᠴᠠᠭ ᠲᠤᠬᠠᠢ ᠳᠤ ᠨᠢ ᠯᠠᠪᠯᠠᠨ ᠦᠵᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢ | ᠯᠠᠪᠯᠠᠨ ᠦᠵᠡᠬᠦ ᠠᠷᠭ᠎ᠠ ᠵᠠᠮ ᠢ ᠳᠣᠣᠷᠠᠬᠢ ᠮᠡᠲᠦ ᠵᠠᠷᠯᠠᠶ᠎ᠠ᠃ | ᠨᠢᠭᠡ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ | ᠨᠡᠶᠢᠲᠡ ᠣᠯᠠᠨ ᠢᠶᠠᠷ ᠢᠶᠠᠨ ᠲᠣᠰ ᠭᠠᠵᠠᠷ ᠣᠷᠣᠨ ᠤ ᠪᠠᠨ ᠲᠠᠩᠰᠠ ᠡᠪᠬᠡᠮᠡᠯ ᠤᠨ ᠣᠷᠳᠣᠨ᠂ ᠨᠣᠮ ᠤᠨ ᠰᠠᠩ᠂ ᠵᠠᠰᠠᠭ ᠤᠨ ᠶᠠᠪᠤᠳᠠᠯ ︵ᠵᠠᠰᠠᠭ ᠵᠠᠬᠢᠷᠭᠠᠨ︶ | ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠲᠠᠯᠠᠪᠤᠷ ᠲᠤ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠴᠠᠭᠠᠰᠤᠨ ᠬᠡᠪᠯᠡᠯ ᠳᠤ ᠨᠡᠶᠢᠲᠡᠯᠡᠭᠰᠡᠨ | ᠠᠭᠤᠯᠭ᠎ᠠ ᠶᠢ ᠯᠠᠪᠯᠠᠨ ᠦᠵᠡᠵᠦ ᠪᠣᠯᠣᠨ᠎ᠠ᠃ | ᠬᠤᠶᠠᠷ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠡᠯᠧᠺᠲᠷᠣᠨ ᠬᠡᠪᠯᠡᠯ | ᠨᠡᠶᠢᠲᠡ ᠣᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ︾ ᠸᠢᠴᠠᠲ ᠤᠨ ᠨᠡᠶᠢᠲᠡ ᠶᠢᠨ ᠲᠠᠪᠴᠠᠩ ᠳᠠᠬᠢ ︽ᠵᠠᠰᠠᠭ ᠤᠨ | ᠣᠷᠳᠣᠨ ᠤ ᠠᠯᠪᠠᠨ ᠮᠡᠳᠡᠭᠡ︾ ᠲᠤᠰᠬᠠᠢ ᠪᠤᠯᠤᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ | ᠬᠤᠯᠪᠣᠭᠠᠲᠤ ᠬᠤᠷᠠᠯ ᠪᠠ ᠥᠪᠥᠷ ᠮᠣᠩᠭᠤᠯ ᠤᠨ ᠨᠣᠮ ᠤᠨ ᠰᠠᠩ ᠵᠡᠷᠭᠡ ᠰᠠᠯᠠᠭ᠎ᠠ ᠮᠥᠴᠢᠷ ᠨᠢᠭᠡᠴᠢ ᠶᠢᠨ ᠸᠢᠴᠠᠲ ᠤᠨ ᠨᠡᠶᠢᠲᠡ ᠶᠢᠨ ᠲᠠᠪᠴᠠᠩ ᠵᠢᠴᠢ | ︽ᠮᠥᠩᠬᠡ ᠰᠤᠪᠠᠭ︾᠂ ︽ᠲᠠᠯ᠎ᠠ ᠨᠤᠲᠤᠭ ᠤᠨ ᠡᠭᠦᠯᠡ︾᠂ ︽ᠪᠧᠨ ᠲᠧᠩ ᠬᠠᠮ ᠵᠠᠭᠤᠴᠢᠯᠠᠭᠤᠷ︾ ᠵᠡᠷᠭᠡ APP ᠲᠠᠬᠢ ︽ᠵᠠᠰᠠᠭ ᠤᠨ ᠣᠷᠳᠣᠨ ᠤ ᠠᠯᠪᠠᠨ | ᠮᠡᠳᠡᠭᠡ︾ ᠲᠤᠰᠬᠠᠢ ᠪᠤᠯᠤᠩ ᠢᠶᠠᠷ ᠤᠩᠰᠢᠨ ᠡᠷᠢᠵᠦ᠂ ᠳᠠᠮᠵᠢᠭᠤᠯᠤᠨ ᠲᠠᠷᠬᠠᠭᠠᠵᠤ᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠡᠯᠧᠺᠲᠷᠣᠨ ᠬᠡᠪᠯᠡᠯ ᠳᠤ | ᠨᠡᠶᠢᠲᠡᠯᠡᠭᠰᠡᠨ ᠠᠭᠤᠯᠭ᠎ᠠ ᠶᠢ ᠪᠠᠭᠤᠯᠭᠠᠨ ᠳᠠᠷᠤᠮᠠᠯᠯᠠᠵᠤ ᠪᠣᠯᠣᠨ᠎ᠠ᠃ | | 2024 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | |