ᠦᠦᠰᠢᠨ ᠬᠤᠰᠢᠭᠤᠨ ᠤ ᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2024/10/17
      ᠨᠢᠭᠡ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ       ᠪᠠᠢ ᠰᠢᠤᠸᠠᠢ ᠹᠧᠩ ︵ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ︶       ᠰᠡᠯᠡᠩᠭᠡ ︵ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ︶      ᠵᠤ᠋ ᡁᠢ ᠵᠥᠩ ︵ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠷ ᠨᠡᠷ᠎ᠡ ᠳᠤᠷᠠᠳᠤᠭᠳᠠᠭᠴᠢ︶      ᠪᠥᠬᠡᠴᠢᠨ ︵ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ︶       ᠰᠠᠷᠠᠨ᠎ᠠ ︵ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠤᠰᠢᠭᠤ ᠬᠢᠨᠠᠨ ᠪᠠᠶᠢᠴᠠᠭᠠᠬᠤ ᠵᠥᠪᠯᠡᠯ ᠠᠴᠠ ᠲᠤᠮᠢᠯᠠᠭᠰᠠᠨ ᠲᠤᠭ ᠪᠠᠯᠭᠠᠰᠤᠨ ᠤ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ︶      ᠶᠠᠩ ᠵᠢᠶᠦ᠋ᠨ ︵ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠠᠰᠠᠭ ᠤᠨ ᠣᠷᠳᠣᠨ ᠤ ᠪᠠᠯᠭᠠᠰᠤᠨ ᠳᠡᠳ᠋ ᠳᠠᠷᠤᠭ᠎ᠠ︶       ᠦ᠋ ᠰᠢᠶᠣᠣ ᠹᠧᠩ ︵ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ︶       ᠢᠦᠢ ᠬᠤᠸᠠ ︵ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ︶       ᠶᠠᠩ ᠴᠢᠶᠠᠨ ᠰᠢᠦᠢ ︵ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ︶       ᠪᠠᠢ ᠬᠤᠢ ᠷᠦᠩ ︵ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ︶        ᠰᠦᠷᠦᠩᠭᠤᠸ᠎ᠠ ︵ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠲᠦᠷ ᠡᠭᠦᠷᠭᠡᠯᠡᠨ᠎ᠡ︶      ᠢᠯᠴᠢᠨ ︵ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠤᠯᠲᠡ ᠶᠢᠨ ᠲᠥᠪ ᠤᠨ ᠡᠷᠬᠢᠯᠡᠭᠴᠢ︶       ᠤᠳᠤᠨᠴᠢᠮᠡᠭ ︵ᠪᠠᠯᠭᠠᠰᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ︶       ᠹᠧᠩ ᠼᠦᠩ ︵ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠵᠢᠭᠠᠨ ᠵᠢᠯᠣᠭᠤᠳᠤᠭᠴᠢ︶       ᠭᠦᠸᠧ ᠫᠢᠩ ︵ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ︶       ᠵᠢᠷᠭᠠᠯ ︵ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ︶       ᠸᠠᠩ ᠳ᠋ᠧᠩ ᠰᠢᠶᠠᠩ ︵ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ︶       ᠸᠠᠩ ᠪᠦᠦ ᠭᠠᠩ ︵ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ︶       ᠰᠡᠴᠡᠨᠳᠠᠯᠠᠢ ︵ᠳᠡᠳ᠋ ᠰᠠᠯᠠᠭᠠᠨ ᠳᠡᠰ ᠤᠨ ᠡᠷᠬᠢᠯᠡᠭᠴᠢ︶       ᠯᠢᠦ ᠬᠤᠢ ︵ᠳᠡᠳ᠋ ᠰᠠᠯᠠᠭᠠᠨ ᠳᠡᠰ ᠤᠨ ᠡᠷᠬᠢᠯᠡᠭᠴᠢ︶      ᠬᠤᠶᠠᠷ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ       ⒈ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠵᠦ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠶᠢ ᠬᠡᠷᠡᠭᠵᠢᠭᠦᠯᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ᠃        ⒉ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃        ⒊ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ ᠵᠡᠷᠭᠡ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠠ ᠨᠠᠮ ᠤᠨ ᠭᠡᠰᠢᠭᠦᠨ ᠡᠯᠰᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠬᠠᠷᠢᠶᠠᠲᠤ ᠣᠷᠣᠨ ᠤ ᠨᠡᠶᠢᠭᠡᠮ ᠤᠨ ᠪᠠᠶᠢᠭᠤᠯᠭ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠤᠯᠤᠰ ᠲᠦᠷᠦ ᠰᠣᠶᠣᠯ ᠤᠨ ᠠᠮᠢᠳᠤᠷᠠᠯ ᠳᠤ ᠢᠳᠡᠪᠬᠢᠲᠡᠢ ᠣᠷᠣᠯᠴᠠᠬᠤ ᠶᠢ ᠵᠣᠬᠢᠴᠠᠭᠤᠯᠤᠨ ᠵᠢᠯᠣᠭᠤᠳᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠡᠷᠭᠡ ᠠᠵᠢᠯ ᠢ ᠬᠠᠷᠢᠭᠤᠴᠠᠨ᠎ᠠ︔ ᠬᠠᠷᠢᠶᠠᠯᠠᠯ ᠤᠨ ᠬᠡᠪᠴᠢᠶᠡᠨ ᠳᠠᠬᠢ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠪᠤᠰᠤᠳ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠵᠢᠯᠣᠭᠤᠳᠬᠤ ᠪᠠ ᠵᠢᠷᠤᠮᠵᠢᠭᠤᠯᠤᠨ᠎ᠠ᠃        ⒋ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠠᠵᠢᠯ ᠢ ᠬᠠᠷᠢᠭᠤᠴᠠᠨ᠎ᠠ᠃ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠯᠲᠠ ᠶᠢ ᠬᠡᠷᠡᠭᠵᠢᠭᠦᠯᠵᠦ ᠬᠠᠷ᠎ᠠ ᠪᠦᠯᠦᠭᠲᠡᠨ ᠬᠠᠷᠭᠢᠰ ᠬᠦᠴᠦᠨ᠂ ᠣᠪᠣᠭ ᠲᠦᠷᠦᠯ ᠤᠨ ᠬᠠᠷᠭᠢᠰ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ᠂ ︽ᠲᠣᠰᠬᠤᠨ ᠤ ᠡᠵᠡᠷᠬᠡᠭᠴᠢ︾ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠦᠨᠳᠦᠰᠦᠨ ᠱᠠᠲᠤᠨ ᠤ ᠺᠠᠳ᠋ᠷ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠡᠵᠡᠷᠬᠡᠬᠦ ᠶᠢ ᠴᠢᠩᠭ᠎ᠠ ᠰᠡᠷᠭᠡᠶᠢᠯᠡᠨ᠎ᠡ᠃        ⒌ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠣᠯᠠᠨ ᠲᠦᠮᠡᠨ ᠤ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠯᠮᠦᠷᠢ ᠠᠵᠢᠯ ᠣᠯᠭᠤᠯᠲᠠ᠂ ᠲᠥᠯᠥᠪᠯᠡᠭᠡᠲᠦ ᠦᠷᠡᠵᠢᠯ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠬᠠᠷᠠᠭᠠᠯᠵᠠᠬᠤ᠂ ᠵᠡᠮᠳᠡᠭᠴᠦᠳ ᠢ ᠲᠤᠰᠠᠯᠠᠬᠤ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ︽ᠬᠠᠮᠤᠭ ᠤᠯᠠᠨ ᠳᠠᠭᠠᠨ ᠨᠢᠭᠡ ᠯᠡ ᠤᠳᠠᠭ᠎ᠠ ᠭᠦᠶᠦᠯᠬᠡᠬᠦ︾ ᠥᠭᠡᠷᠡᠴᠢᠯᠡᠯᠲᠡ ᠪᠠᠷ ᠵᠢᠯᠣᠭᠤᠳᠤᠯᠭ᠎ᠠ ᠪᠣᠯᠭᠠᠵᠤ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠴᠢᠩᠭᠠᠷᠠᠭᠤᠯᠤᠨ᠎ᠠ᠃        ⒍ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠶᠢᠨ ᠠᠵᠢᠯ ᠢ ᠬᠠᠷᠢᠭᠤᠴᠠᠵᠤ ᠰᠠᠶᠢᠲᠤᠷ ᠬᠢᠨ᠎ᠡ︔ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠰᠠᠶᠢᠲᠤᠷ ᠬᠠᠮᠢᠶᠠᠷᠴᠤ᠂ ᠱᠠᠰᠢᠨ ᠰᠤᠷᠲᠠᠬᠤᠨ ᠢ ᠠᠰᠢᠭᠯᠠᠨ ᠦᠨᠳᠦᠰᠦᠨ ᠱᠠᠲᠤᠨ ᠤ ᠤᠯᠠᠨ ᠨᠡᠶᠢᠲᠡ ᠶᠢᠨ ᠤᠴᠢᠷ ᠶᠠᠪᠤᠳᠠᠯ ᠳᠤ ᠭᠠᠷ ᠲᠦᠷᠦᠭᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠪᠠ ᠬᠢᠯᠢ ᠶᠢᠨ ᠭᠠᠳᠠᠨ᠎ᠠ ᠨᠡᠪᠴᠢᠯᠲᠡ ᠬᠢᠬᠦ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠨ᠎ᠠ᠃        ⒎ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃        ⒏ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ᠂ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠢᠨᠠᠨ ᠪᠤᠳᠤᠵᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠬᠠᠮᠠᠭᠠᠯᠠᠯᠲᠠ ᠪᠠ ᠬᠠᠮᠢᠶᠠᠷᠤᠯᠲᠠ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠠᠮᠢᠳᠡᠠ ᠤ ᠬᠢᠵᠢᠭ ᠢ ᠰᠡᠷᠭᠡᠶᠢᠯᠡᠬᠦ ᠪᠠ ᠬᠦᠨᠳᠦ ᠶᠡᠭᠡ ᠬᠢᠵᠢᠭ ᠤᠨ ᠪᠠᠶᠢᠳᠠᠯ ᠢ ᠬᠢᠨᠠᠨ ᠡᠵᠡᠮᠳᠡᠬᠦ ᠠᠵᠢᠯ ᠢ ᠬᠠᠷᠢᠭᠤᠴᠠᠨ ᠴᠢᠩᠭᠠᠳᠬᠠᠵᠤ᠂ ᠠᠮᠢᠳᠡᠠ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠪᠠ ᠬᠢᠵᠢᠭ ᠡᠪᠡᠳᠴᠢᠨ ᠢ ᠱᠠᠲᠤ ᠬᠤᠪᠢᠶᠠᠨ ᠬᠠᠮᠢᠶᠠᠷᠬᠤ ᠳᠦᠷᠢᠮ ᠢ ᠨᠠᠶᠢᠳᠠᠪᠤᠷᠢᠵᠢᠭᠤᠯᠤᠨ᠎ᠠ︔ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠵᠢᠴᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠦᠨᠳᠦᠰᠦᠨ ᠬᠠᠳᠤᠯᠠᠩ ᠪᠡᠯᠴᠢᠭᠡᠷ᠂ ᠦᠨᠳᠦᠰᠦᠨ ᠲᠠᠷᠢᠶᠠᠨ ᠭᠠᠵᠠᠷ᠂ ᠲᠠᠷᠢᠶᠠᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠬᠠᠷᠢᠶᠠᠲᠤ ᠣᠷᠣᠨ ᠤ ᠳᠣᠲᠣᠷᠠᠬᠢ ᠤᠢ ᠰᠢᠭᠤᠢ ᠶᠢᠨ ᠬᠠᠮᠢᠶᠠᠷᠤᠯᠲᠠ ᠶᠢ ᠴᠢᠩᠭᠠᠳᠬᠠᠨ᠎ᠠ︔ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠬᠥᠮᠥᠨ ᠮᠠᠯ ᠤᠨ ᠤᠤᠭᠤᠬᠤ ᠤᠰᠤᠨ ᠤ ᠨᠥᠬᠦᠴᠡᠯ ᠢ ᠰᠠᠶᠢᠵᠢᠷᠠᠭᠤᠯᠵᠤ ᠬᠥᠷᠥᠰᠥ ᠰᠢᠷᠣᠢ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠤᠨ ᠬᠥᠷᠥᠰᠥ ᠰᠢᠷᠣᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠬᠤᠷᠢᠭᠯᠠᠨ᠎ᠠ᠃        ⒐ᠬᠠᠷᠢᠶᠠᠲᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠵᠢᠴᠢ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠭᠡᠨᠡᠳᠲᠡ ᠶᠢᠨ ᠪᠠᠴᠢᠮ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠪᠠᠶᠢᠭᠤᠯᠵᠤ ᠠᠶᠤᠯᠬᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ ᠵᠡᠷᠭᠡ ᠭᠠᠢ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠪᠠᠴᠢᠮ ᠪᠠᠶᠢᠳᠠᠯ ᠢ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃        ⒑ᠬᠠᠷᠢᠶᠠᠲᠤ ᠣᠷᠣᠨ ᠤ ᠳᠣᠲᠣᠷᠠᠬᠢ ᠪᠠᠯᠭᠠᠰᠤᠨ ᠤ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠢ᠂ ᠣᠯᠠᠨ ᠨᠡᠶᠢᠲᠡ ᠶᠢᠨ ᠲᠦᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃        ⒒ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠠᠬᠢᠭᠤᠯᠬᠤ ᠶᠢ ᠬᠠᠷᠢᠭᠤᠴᠠᠨ᠎ᠠ︔ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠵᠢᠯᠣᠭᠤᠳᠤᠯᠭ᠎ᠠ ᠶᠢᠨ ᠠᠵᠢᠯ ᠢ ᠬᠠᠷᠢᠭᠤᠴᠠᠨ᠎ᠠ︔ ᠨᠠᠰᠤᠲᠠᠶᠢᠴᠤᠳ᠂ ᠡᠮᠡᠭᠲᠡᠶᠢᠴᠦᠳ᠂ ᠨᠠᠰᠤᠨ ᠳᠤ ᠦᠯᠦ ᠬᠦᠷᠦᠭᠰᠡᠳ ᠪᠠ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃        ⒓ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠤᠮᠤ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ᠂ ᠡᠯ᠎ᠡ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠵᠣᠬᠢᠴᠠᠭᠤᠯᠤᠨ ᠬᠠᠮᠵᠢᠯᠴᠠᠵᠤ ᠪᠠᠶᠢᠭᠠᠳ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠡᠷᠭᠡ ᠬᠠᠮᠢᠶ᠎ᠠ ᠪᠦᠬᠦᠢ ᠡᠷᠬᠡ ᠶᠢ ᠬᠡᠷᠡᠭᠵᠢᠭᠦᠯᠦᠨ᠎ᠡ᠃        ⒔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠷᠢᠶᠠᠲᠤ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠦᠪᠵᠢᠭᠦᠯᠭᠡ ᠪᠠ ᠬᠠᠷᠢᠶᠠᠲᠤ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂  ᠰᠠᠭᠤᠭᠠᠯᠢ ᠲᠣᠭᠤᠷᠢᠭ ᠤᠨ ᠲᠥᠯᠦᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠰᠠᠶᠢᠲᠤᠷ ᠬᠢᠨ᠎ᠡ︔ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠠᠮᠢᠶᠠᠷᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃        ⒕ᠲᠣᠰ ᠬᠠᠷᠢᠶᠠᠲᠤ ᠣᠷᠣᠨ ᠤ ᠨᠡᠶᠢᠭᠡᠮ ᠤᠨ ᠬᠦᠷᠢᠶ᠎ᠡ ᠴᠠᠷᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ᠂ ᠨᠠᠮ ᠤᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠵᠡᠷᠭᠡ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠬᠦ᠂ ᠵᠢᠭᠰᠠᠭᠠᠨ ᠪᠠᠶᠢᠴᠠᠭᠠᠬᠤ᠂ ᠠᠷᠢᠯᠭᠠᠬᠤ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠮᠠᠲ᠋ᠧᠷᠢᠶᠠᠯ᠂ ᠦᠵᠡᠯ ᠤᠬᠠᠮᠰᠠᠷ ᠤᠨ ᠬᠡᠯᠪᠡᠷᠢ᠂ ᠵᠠᠬᠢᠳᠠᠯ ᠰᠣᠷᠪᠤᠯᠵᠢᠯᠠᠯ ᠵᠡᠷᠭᠡ ᠠᠵᠢᠯ ᠢ ᠬᠠᠷᠢᠭᠤᠴᠠᠨ᠎ᠠ᠃        ⒖ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠭᠤᠷᠪᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠵᠢᠴᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ       ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ       ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ       ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ       ︵ᠳᠥᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ       ︵ᠲᠠᠪᠤ︶ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ       ︵ᠵᠢᠷᠭᠤᠭ᠎ᠠ︶ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ       ︵ᠳᠣᠯᠤᠭ᠎ᠠ︶ ᠦᠦᠰᠢᠨ ᠬᠤᠰᠢᠭᠤᠨ ᠤ ᠲᠤᠭ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ       ︵ᠨᠠᠢᠮᠠ︶ ᠦᠦᠰᠢᠨ ᠬᠤᠰᠢᠭᠤᠨ ᠤ ᠲᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ       ︵ᠶᠢᠰᠦ︶ ᠦᠦᠰᠢᠨ ᠬᠤᠰᠢᠭᠤᠨ ᠤ ᠲᠤᠭ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ      ᠠᠵᠢᠯᠯᠠᠬᠤ ᠬᠠᠶ᠋ᠢᠭ᠄ ᠣᠷᠳᠣᠰ ᠬᠤᠲᠠ ᠶᠢᠨ ᠦᠦᠰᠢᠨ ᠬᠤᠰᠢᠭᠤᠨ ᠤ ᠲᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       ᠠᠵᠢᠯᠯᠠᠬᠤ ᠴᠠᠭ᠄ 8᠄ 30 ︱ 12᠄ 00   14᠄ 30 ︱ 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶       ᠬᠠᠷᠢᠯᠴᠠᠬᠤ ᠠᠷᠭ᠎ᠠ ᠬᠡᠯᠪᠡᠷᠢ᠄ 0477 ︱ 7510072 ︵ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ︶ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ