ᠦᠦᠰᠢᠨ ᠵᠠᠰᠠᠭ ᠠᠯᠪᠠᠨ ᠵᠠᠬᠢᠳᠠᠯ〔2024〕43 ᠳ᠋ᠤᠭᠠᠷ ᠲᠣᠭᠠᠲᠤ | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠬᠠᠮᠢᠶ᠎ᠠ ᠪᠦᠬᠦᠢ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠤᠨ | ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠬᠡ᠂ 2025 ᠣᠨ ᠳᠤ ᠮᠠᠨ ᠤ ᠬᠤᠰᠢᠭᠤ ᠨᠢᠭᠡ ᠪᠦᠯᠦᠭ ᠭᠤᠣᠯᠳᠠᠯᠭ᠎ᠠ ᠲᠠᠢ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠷᠠᠳ ᠣᠯᠠᠨ ᠤ ᠪᠠᠴᠢᠮ ᠪᠡᠷᠬᠡ ᠰᠠᠨᠠᠭᠠᠰᠢᠷᠠᠵᠤ | ᠬᠦᠰᠡᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ | ᠠᠷᠠᠳ ᠤᠨ ᠰᠡᠳᠬᠢᠯ ᠳᠤ ᠨᠡᠶᠢᠴᠡᠬᠦᠯᠬᠦ ᠠᠵᠢᠯ ᠢ ᠰᠠᠶᠢᠲᠤᠷ ᠬᠢᠵᠤ ᠣᠯᠠᠨ ᠲᠦᠮᠡᠨ ᠤ ᠰᠡᠳᠬᠢᠯ ᠳᠤ ᠬᠦᠷᠭᠡᠵᠤ᠂ ᠠᠷᠠᠳ ᠣᠯᠠᠨ ᠢ ᠴᠢᠨᠠᠷ ᠰᠠᠶᠢᠲᠠᠢ | ᠬᠥᠭᠵᠢᠯᠲᠡ ᠶᠢᠨ ᠳᠤᠮᠳᠠ ᠦᠨᠳᠦᠷ ᠴᠢᠨᠠᠷ ᠳᠡᠰ ᠪᠦᠬᠦᠢ ᠠᠮᠢᠳᠤᠷᠠᠯ ᠢ ᠬᠠᠮᠲᠤᠪᠡᠷ ᠡᠳ᠋ᠯᠡᠭᠦᠯᠬᠦ ᠪᠠᠷ ᠪᠠᠶᠢᠨ᠎ᠠ᠃ | ᠡᠳᠦᠭᠡ ᠨᠡᠶᠢᠭᠡᠮ ᠠᠴᠠ ᠦᠦᠰᠢᠨ ᠬᠤᠰᠢᠭᠤᠨ ᠤ 2025 ᠣᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠢᠯᠡ ᠪᠠᠷ ᠡᠯᠰᠡᠵᠦ ᠪᠠᠶᠢᠨ᠎ᠠ᠂ ᠰᠣᠩᠭᠤᠭᠳᠠᠭᠰᠠᠨ ᠲᠥᠷᠥᠯ ᠵᠦᠢᠯ ᠤᠨ ᠰᠠᠨᠠᠭᠤᠯᠭ᠎ᠠ ᠶᠢ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠪᠠᠲᠤᠯᠠᠭᠤᠯᠤᠨ ᠲᠣᠭᠲᠠᠭᠠᠵᠤ᠂ ᠥᠷᠭᠡᠨ ᠣᠯᠠᠨ ᠠᠷᠠᠳ ᠲᠦᠮᠡᠨ ᠪᠠ ᠡᠯ᠎ᠡ ᠡᠲᠡᠭᠡᠳ ᠤᠨ ᠬᠥᠮᠥᠰ ᠢᠳᠡᠪᠬᠢᠲᠡᠢ ᠪᠠᠷ | ᠣᠷᠣᠯᠴᠠᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ | ᠃ | ᠨᠢᠭᠡ᠂ ᠡᠯᠰᠡᠬᠦ ᠴᠠᠭ | ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 10 ᠰᠠᠷ᠎ᠠ ᠶᠢᠨ 28 ᠤ ᠡᠳᠦᠷ ᠪᠣᠯᠲᠠᠯ᠎ᠠ᠃ | ᠬᠤᠶᠠᠷ᠂ ᠡᠯᠰᠡᠬᠦ ᠠᠭᠤᠯᠭ᠎ᠠ | ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠠᠶᠤᠯᠬᠦᠢ ᠶᠢᠨ ᠲᠦᠬᠦᠭᠡᠷᠦᠮᠵᠢ᠂ ᠰᠣᠶᠣᠯ | ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠤᠳᠠ ᠶᠢᠨ ᠢᠵᠢ ᠪᠦᠷᠢᠳᠦᠯ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠵᠢᠴᠢ | ᠠᠷᠠᠳ ᠤᠨ ᠠᠮᠢᠳᠤᠷᠠᠯ ᠳᠤ ᠬᠤᠯᠪᠣᠭᠳᠠᠬᠤ ᠪᠤᠰᠤᠳ ᠴᠢᠬᠤᠯᠠ ᠶᠡᠭᠡ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠤᠭᠤᠷᠢᠨ ᠳᠤ ᠡᠯᠰᠡᠨ᠎ᠡ᠃ ᠰᠠᠨᠠᠯ ᠪᠠ | ᠰᠠᠨᠠᠭᠤᠯᠭ᠎ᠠ ᠶᠢᠨ ᠠᠭᠤᠯᠭ᠎ᠠ ᠶᠢᠨ ᠬᠤᠪᠢ ᠳᠤ ᠤᠴᠢᠷ ᠶᠠᠪᠤᠳᠠᠯ ᠨᠢ ᠲᠣᠳᠣᠷᠬᠠᠢ᠂ ᠦᠭᠡ ᠥᠭᠦᠯᠡᠪᠦᠷᠢ ᠨᠢ ᠲᠣᠪᠴᠢ ᠠᠪᠰᠠᠷᠬᠠᠨ᠂ ᠡᠮᠬᠢ ᠵᠢᠷᠤᠮ ᠨᠢ | ᠲᠣᠳᠣᠷᠬᠠᠢ ᠪᠠᠶᠢᠬᠤ ᠬᠡᠷᠡᠭᠲᠡᠢ᠃ | ᠭᠤᠷᠪᠠ᠂ ᠡᠯᠰᠡᠬᠦ ᠱᠠᠭᠠᠷᠳᠠᠯᠭ᠎ᠠ | ︵ᠨᠢᠭᠡ︶ ᠬᠡᠷᠡᠭᠴᠡᠭᠡ ᠱᠠᠭᠠᠷᠳᠠᠯᠭ᠎ᠠ ᠶᠢᠨ ᠴᠢᠨᠠᠷ ᠢᠶᠠᠷ ᠴᠢᠩᠭ᠎ᠠ᠃ ᠲᠠᠨᠢᠯᠴᠠᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠨᠢ ᠠᠷᠠᠳ ᠣᠯᠠᠨ ᠤ ᠬᠦᠰᠡᠯ ᠱᠠᠭᠠᠷᠳᠠᠯᠭ᠎ᠠ ᠪᠠᠷ ᠴᠢᠩᠭ᠎ᠠ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠴᠢᠨᠠᠷ ᠢᠶᠠᠷ ᠴᠢᠩᠭ᠎ᠠ᠂ ᠬᠦᠷᠲᠡᠮᠵᠢ ᠶᠢᠨ | ᠮᠡᠳᠡᠷᠡᠮᠵᠢ ᠪᠠᠷ ᠴᠢᠩᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠢ ᠮᠥᠷᠲᠡᠭᠡᠨ ᠨᠡᠶᠢᠭᠡᠮ ᠤᠨ ᠦᠷ᠎ᠡ ᠠᠰᠢᠭ ᠢᠶᠠᠷ ᠨᠡᠯᠢᠶᠡᠳ ᠲᠣᠪᠣᠶᠢᠮ᠎ᠠ ᠠᠷᠠᠳ ᠤᠨ | ᠠᠮᠢᠳᠤᠷᠠᠯ ᠤᠨ ᠲᠥᠷᠥᠯ ᠤᠨ ᠣᠯᠠᠨ ᠨᠡᠶᠢᠲᠡ ᠶᠢᠨ ᠠᠵᠢᠯ ᠦᠢᠯᠡᠰ ᠤᠨ ᠲᠥᠷᠥᠯ ᠵᠦᠢᠯ ᠪᠠᠶᠢᠬᠤ ᠬᠡᠷᠡᠭᠲᠡᠢ᠃ | ︵ᠬᠤᠶᠠᠷ︶ ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷ ᠢᠶᠠᠷ ᠥᠷᠭᠡᠨ᠃ ᠲᠠᠨᠢᠯᠴᠠᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠨᠢ ᠨᠡᠯᠢᠶᠡᠳ ᠴᠢᠩᠭ᠎ᠠ ᠲᠥᠯᠥᠭᠡᠯᠡᠬᠦ ᠴᠢᠨᠠᠷ ᠪᠠ ᠥᠷᠭᠡᠨ ᠳᠡᠯᠭᠡᠷ ᠠᠰᠢᠭ ᠬᠦᠷᠳᠡᠬᠦ ᠬᠡᠪᠴᠢᠶ᠎ᠡ ᠲᠠᠢ ᠪᠠᠶᠢᠵᠤ᠂ ᠠᠰᠢᠭ ᠬᠦᠷᠳᠡᠬᠡᠬᠦ | ᠬᠡᠪᠴᠢᠶ᠎ᠡ ᠪᠠᠷ ᠥᠷᠭᠡᠨ᠂ ᠲᠦᠭᠡᠮᠡᠯ ᠠᠰᠢᠭ ᠬᠦᠷᠳᠡᠭᠡᠬᠦ ᠬᠡᠮᠵᠢᠶ᠎ᠡ ᠪᠠᠷ ᠥᠨᠳᠥᠷ ᠵᠡᠷᠭᠡ ᠣᠨᠴᠠᠯᠢᠭ ᠢ ᠢᠯᠡᠷᠡᠭᠦᠯᠬᠦ ᠬᠡᠷᠡᠭᠲᠡᠢ᠃ | ︵ᠭᠤᠷᠪᠠ︶ ᠪᠣᠯᠣᠮᠵᠢᠲᠤ ᠴᠢᠨᠠᠷ ᠢᠶᠠᠷ ᠥᠨᠳᠥᠷ᠃ ᠲᠠᠨᠢᠯᠴᠠᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠨᠢ ᠮᠠᠨ ᠤ | ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠣᠯᠣᠨ ᠤᠯᠠᠨ ᠲᠦᠮᠡᠨ ᠤ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠴᠢᠳᠠᠯ ᠤᠨ ᠬᠢᠷᠢ ᠪᠠᠷ ᠢᠶᠠᠨ | ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠲᠠᠨᠢᠯᠴᠠᠭᠤᠯᠬᠤ ᠳᠦᠷᠦᠯ ᠵᠦᠢᠯ ᠨᠢ ᠡᠮᠬᠢ ᠳᠢᠭᠯᠢᠮ ᠲᠠᠢ ᠲᠣᠳᠣᠷᠬᠠᠢ ᠪᠠᠶᠢᠬᠤ ᠬᠡᠷᠡᠭᠲᠡᠢ᠂ | ᠵᠠᠷᠴᠢᠮ ᠳᠡᠭᠡᠷ᠎ᠡ ᠪᠠᠨ ᠳᠤᠰ ᠵᠢᠯ ᠳᠤ ᠪᠠᠨ ᠪᠡᠶᠡᠯᠡᠭᠦᠯᠵᠦ ᠳᠡᠶᠢᠯᠬᠦ᠂ ᠦᠨᠡᠬᠡᠷ ᠵᠢᠯ ᠠᠯᠤᠰᠯᠠᠨ ᠬᠡᠷᠡᠭᠵᠢᠭᠦᠯᠬᠦ ᠴᠢᠬᠤᠯᠠᠲᠠᠢ ᠳᠦᠷᠦᠯ ᠵᠦᠢᠯ ᠪᠠᠶᠢᠵᠤ ᠣᠨ ᠤ | ᠱᠠᠲᠤᠴᠢ ᠴᠢᠨᠠᠷᠲᠠᠢ ᠬᠠᠷᠠᠯᠲᠠ ᠶᠢ ᠲᠣᠳᠣᠷᠬᠠᠶᠢᠯᠠᠬᠤ ᠬᠡᠷᠡᠭᠲᠡᠢ᠃ ᠲᠥᠷᠥᠯ ᠵᠦᠢᠯ ᠤᠨ ᠰᠠᠨᠠᠭᠤᠯᠭ᠎ᠠ ᠶᠢᠨ ᠵᠦᠢᠯ ᠨᠢ ᠡᠷᠬᠡᠪᠰᠢ ᠤᠯᠤᠰ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠠ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠵᠦ᠂ ᠮᠠᠨ ᠤ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠯ᠎ᠡ ᠰᠠᠯᠠᠭ᠎ᠠ ᠮᠥᠴᠢᠷ ᠨᠢ 10 ᠳ᠋ᠤᠭᠠᠷ ᠰᠠᠷ᠎ᠠ ᠶᠢᠨ 28 ᠤ | ᠡᠳᠦᠷ ᠠᠴᠠ ᠡᠮᠦᠨ᠎ᠡ᠂ ᠰᠠᠨᠠᠭᠤᠯᠭ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠵᠠᠰᠠᠭ ᠤᠨ ᠣᠷᠳᠣᠨ ᠤ ᠬᠤᠪᠢᠶᠠᠷᠢᠯᠠᠨ | ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠬᠢᠨᠠᠨ ᠬᠠᠷᠭᠤᠭᠤᠯᠤᠭᠤᠯᠤᠭᠰᠠᠨ ᠤ ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | 213 ᠳᠠᠰᠤᠭ ᠲᠤ ᠬᠦᠷᠭᠡᠨ᠎ᠡ᠃ | ᠳᠥᠷᠪᠡ᠂ ᠡᠯᠰᠡᠬᠦ ᠠᠷᠭ᠎ᠠ ᠮᠠᠶ᠋ᠢᠭ | ︽2025 ᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠡᠯᠰᠡᠬᠦ ᠰᠠᠨᠠᠭᠤᠯᠭ᠎ᠠ ᠶᠢᠨ ᠬᠦᠰᠦᠨᠦᠭᠲᠦ︾ ᠶᠢ ᠲᠠᠭᠯᠠᠵᠤ᠂ ᠳᠣᠣᠷᠠᠬᠢ ᠠᠷᠭ᠎ᠠ ᠮᠠᠶ᠋ᠢᠭ ᠢᠶᠠᠷ ᠬᠠᠷᠢᠭᠤ ᠲᠤᠰᠬᠠᠨ᠎ᠠ᠄ ᠬᠠᠷᠢᠯᠴᠠᠬᠤ ᠬᠥᠮᠥᠨ᠄ ᠰᠢᠦᠢ | ᠶᠠᠩ᠂ ᠬᠠᠷᠢᠯᠴᠠᠬᠤ ᠤᠲᠠᠰᠤ᠄ 0477 ︱ 7582280︔ ᠢᠮᠧᠯ᠄ wsqzfb2022@163.com︔ ᠬᠠᠶ᠋ᠢᠭ᠄ ᠦᠦᠰᠢᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 213 ᠲᠠᠰᠤᠭ᠃ | ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠢᠳᠡᠪᠬᠢᠲᠡᠢ ᠪᠠᠷ ᠣᠷᠣᠯᠴᠠᠵᠤ᠂ ᠠᠷᠭ᠎ᠠ ᠤᠬᠠᠭᠠᠨ ᠭᠠᠷᠭᠠᠬᠤ ᠶᠢ ᠪᠢᠳᠡ ᠴᠢᠩ | ᠰᠡᠳᠬᠢᠯ ᠠᠴᠠ ᠪᠠᠨ ᠬᠦᠰᠡᠵᠦ ᠪᠠᠶᠢᠨ᠎ᠠ᠃ ᠵᠠᠰᠠᠭ ᠤᠨ ᠤᠷᠳᠤᠨ ᠤ ᠠᠯᠪᠠᠨ ᠭᠡᠷ ᠨᠢ ᠰᠠᠨᠠᠭᠤᠯᠭ᠎ᠠ ᠨᠢᠭᠡᠪᠦᠷᠢ ᠶᠢ ᠨᠠᠷᠢᠨ ᠬᠢᠨᠠᠮᠠᠭᠠᠢ ᠰᠤᠳᠤᠯᠤᠨ | ᠰᠢᠢᠳᠪᠦᠷᠢᠯᠡᠵᠦ᠂ ︽ᠠᠷᠠᠳ ᠤᠨ ᠠᠮᠢᠳᠤᠷᠠᠯ ᠤᠨ ᠠᠷᠪᠠᠨ ᠪᠣᠳᠠᠲᠤ ᠶᠠᠪᠤᠳᠠᠯ︾ ᠢᠶᠠᠷ ᠤᠯᠠᠨ ᠲᠦᠮᠡᠨ ᠤ ᠬᠦᠰᠡᠯ ᠰᠠᠨᠠᠭ᠎ᠠ ᠶᠢ ᠨᠡᠩ ᠰᠠᠶᠢᠨ ᠲᠤᠰᠬᠠᠵᠤ᠂ | ᠠᠷᠠᠳ ᠲᠦᠮᠡᠨ ᠤ ᠬᠦᠰᠡᠯ ᠰᠠᠨᠠᠭ᠎ᠠ ᠶᠢ ᠨᠡᠩ ᠰᠠᠶᠢᠨ ᠢᠯᠡᠷᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠥᠷᠭᠡᠨ ᠤᠯᠠᠨ ᠠᠷᠠᠳ | ᠲᠦᠮᠡᠨ ᠳᠤ ᠨᠡᠶᠢᠳᠡᠮ ᠬᠦᠷᠲᠡᠭᠡᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠨ᠎ᠡ᠃ | | ᠳᠠᠭᠠᠯᠳᠤᠭᠤᠯᠤᠯ᠄ 2025 ᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠡᠯᠰᠡᠬᠦ ᠰᠠᠨᠠᠭᠤᠯᠭ᠎ᠠ ᠶᠢᠨ ᠬᠦᠰᠦᠨᠦᠭᠲᠦ | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2024 ᠣᠨ ᠤ 10 ᠰᠠᠷ᠎ᠠ ᠶᠢᠨ 14 ᠤ ᠡᠳᠦᠷ | | ᠳᠠᠭᠠᠯᠳᠤᠭᠤᠯᠤᠯ | | | | |