ᠦᠦᠰᠢᠨ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠨ ᠨᠠᠮᠤᠷ ᠤᠨ ᠬᠤᠷᠢᠶᠠᠯᠲᠠ ᠶᠢᠨ ᠭᠤᠤᠯ ᠰᠡᠳᠤᠪᠲᠤ ᠠᠵᠢᠯᠯᠠᠭ᠎ᠠ ᠥᠷᠨᠢᠭᠦᠯᠦᠯ᠎ᠡ
ᠨᠡᠶᠢᠲᠡᠯᠡᠭᠰᠡᠨ ᠴᠠᠭ᠄
2024/10/22
      ᠣᠶᠢᠷ᠎ᠠ ᠶᠢᠨ ᠡᠳᠤᠷ᠂ ᠦᠦᠰᠢᠨ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠨ ︽ᠬᠦᠳᠡᠯᠮᠦᠷᠢ ᠶᠢᠨ ᠭᠤᠸ᠎ᠠ ᠰᠠᠶᠢᠬᠠᠨ ᠢ ᠮᠡᠳᠡᠷᠡᠵᠦ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠡᠳ᠋ᠯᠡᠬᠦ︾ ᠨᠠᠮᠤᠷ ᠤᠨ ᠬᠤᠷᠢᠶᠠᠯᠲᠠ ᠶᠢᠨ ᠭᠤᠤᠯ ᠰᠡᠳᠤᠪᠲᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃      ᠠᠵᠢᠯᠯᠠᠭ᠎ᠠ ᠶᠢ ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭᠠᠨ ᠳᠤ ᠶᠠᠪᠤᠭᠳᠠᠭᠤᠯᠵᠤ᠂ ᠪᠠᠭᠰᠢ᠂ ᠭᠡᠷ ᠤᠨ ᠠᠬᠠᠮᠠᠳ ᠪᠣᠯᠣᠨ ᠰᠤᠷᠤᠭᠴᠢ ᠨᠡᠶᠢᠲᠡ ᠲᠠᠪᠢᠭᠠᠳ ᠬᠦᠮᠦᠨ ᠤᠷᠤᠯᠴᠠᠪᠠ᠃ ᠰᠤᠷᠤᠭᠴᠢᠳ ᠢ ᠮᠤᠳᠤ ᠬᠠᠳᠠᠭᠠᠰᠤᠯᠠᠬᠤ᠂ ᠨᠠᠪᠴᠢ ᠤᠬᠢᠶᠠᠬᠤ  ᠵᠡᠷᠭᠡ ᠠᠵᠢᠯ ᠬᠥᠳᠡᠯᠮᠦᠷᠢ ᠳᠤ ᠤᠷᠤᠯᠴᠠᠭᠤᠯᠤᠨ᠂ ᠲᠡᠳᠡᠨ ᠳᠤ ᠬᠦᠳᠡᠯᠮᠦᠷᠢ ᠶᠢ ᠬᠠᠶᠢᠷᠠᠯᠠᠬᠤ᠂ ᠬᠦᠳᠡᠯᠮᠦᠷᠢ ᠶᠢᠨ ᠦᠷ᠎ᠡ ᠪᠦᠲᠦᠭᠡᠯ ᠢᠶᠠᠨ ᠨᠠᠨᠳᠢᠩᠨᠠᠬᠤ ᠰᠠᠶᠢᠬᠠᠨ ᠲᠠᠨᠢᠯᠲᠠ ᠲᠠᠢ ᠪᠠᠶᠢᠬᠤ ᠶᠢ ᠰᠤᠷᠲᠠᠯᠴᠢᠯᠠᠭᠰᠠᠨ ᠪᠠᠶᠢᠨ᠎ᠠ᠃
3.实验小学实践课.PNG
3.实验小学实践课1.PNG
                                            ᠰᠤᠷᠪᠤᠯᠵᠢᠯᠠᠭᠴᠢ᠄ ᠲᠠᠨ᠎ᠠ   ᠷᠢᠸᠠᠳᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ