ᠬᠤᠸᠠᠳᠤᠯᠤᠭᠠᠢ ᠭᠠᠴᠠᠭ᠎ᠠ ᠨᠤᠳᠤᠭ ᠤᠨ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠤᠨ ᠨᠤᠮᠢᠨ ᠲᠠᠩᠰᠤᠭ ᠬᠦᠭᠵᠢᠯᠳᠡ ᠪᠠᠨ ᠲᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/10/25
      ᠤᠶᠢᠷ᠎ᠠ ᠶᠢᠨ ᠡᠳᠤᠷ᠂ ᠲᠤᠭ ᠪᠠᠯᠭᠠᠰᠤᠨ ᠤ ᠬᠤᠸᠠᠳᠤᠯᠤᠭᠠᠢ ᠭᠠᠴᠠᠭ᠎ᠠ ᠭᠤᠷᠪᠠᠳᠤᠭᠠᠷ ᠤᠯᠠᠷᠢᠯ ᠤᠨ ᠮᠠᠯᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠸᠠᠳᠤᠯᠤᠭᠠᠢ ᠭᠠᠴᠠᠭ᠎ᠠ ᠨᠤᠳᠤᠭᠲᠠᠢ ᠡᠷᠳᠡᠮᠳᠡᠨ ᠴᠢᠳᠠᠪᠤᠷᠢᠳᠡᠨ᠂ ᠠᠵᠤ ᠠᠬᠤᠶᠢᠯᠠᠯᠳᠠᠳ ᠤᠨ ᠭᠡᠰᠡᠭ ᠲᠦᠯᠥᠭᠡᠯᠡᠭᠴᠢ᠂ ᠬᠤᠯᠪᠤᠭᠳᠠᠯ ᠪᠦᠭᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠵᠢᠴᠢ ᠮᠠᠯᠴᠢᠨ ᠲᠠᠷᠢᠶᠠᠴᠢᠳ ᠤᠷᠤᠯᠴᠠᠭᠰᠠᠨ ᠪᠠᠶᠢᠨ᠎ᠠ᠃      ᠬᠤᠷᠠᠯ ᠳᠤ ᠭᠠᠴᠠᠭᠠᠨ ᠤ ᠲᠠᠯ᠎ᠠ ᠠᠴᠠ ᠮᠠᠯᠴᠢᠨ ᠲᠠᠷᠢᠶᠠᠴᠢᠳ ᠲᠤ ᠭᠠᠴᠠᠭᠠᠨ ᠤ ᠤᠳᠤᠭᠢ ᠪᠠᠶᠢᠳᠠᠯ᠂ ᠢᠷᠡᠭᠡᠳᠤᠢ ᠶᠢᠨ ᠬᠦᠭᠵᠢᠯᠳᠡ ᠶᠢᠨ ᠪᠠᠶᠢᠳᠠᠯ ᠵᠡᠷᠭᠡ ᠲᠠᠯ᠎ᠠ ᠠᠴᠠ ᠨᠠᠷᠢᠨ ᠶᠠᠷᠢᠵᠦ᠂ ᠴᠢᠳᠠᠪᠤᠷᠢᠳᠡᠨ ᠤ ᠲᠦᠯᠥᠭᠡᠯᠡᠭᠴᠢ ᠠᠴᠠ ᠨᠣᠳᠤᠭ ᠤᠷᠤᠨ ᠤ ᠪᠦᠳᠤᠭᠡᠨ ᠪᠠᠶᠢᠭᠤᠯᠤᠯᠳᠠ᠂ ᠭᠠᠴᠠᠭᠠᠨ ᠤ ᠬᠦᠭᠵᠢᠯᠳᠡ ᠳᠤ ᠭᠡᠷᠭᠢᠨ ᠦᠪᠡᠷ ᠤᠨ ᠬᠤᠪᠢ ᠨᠡᠮᠡᠷᠢ ᠦᠵᠡᠭᠦᠯᠭᠦ ᠲᠤᠬᠠᠢ ᠬᠠᠷᠡᠯᠳᠡ ᠵᠤᠷᠢᠯᠳᠠ ᠪᠠᠨ ᠢᠯᠡᠳᠬᠡᠭᠰᠡᠨ ᠪᠠᠶᠢᠨ᠎ᠠ᠃      ᠤᠶᠢᠷ᠎ᠠ ᠶᠢᠨ ᠵᠢᠯ ᠳᠤ᠂ ᠬᠤᠸᠠᠳᠤᠯᠤᠭᠠᠢ ᠭᠠᠴᠠᠭ᠎ᠠ ᠭᠠᠳᠠᠭᠰᠢ ᠭᠠᠷᠤᠭᠰᠠᠨ ᠨᠤᠲᠤᠭ ᠤᠨ ᠴᠢᠳᠠᠪᠤᠷᠢᠲᠠᠨ ᠪᠠ ᠭᠠᠴᠠᠭ᠎ᠠ ᠲᠣᠰᠬᠤᠨ ᠤ ᠪᠤᠶᠠᠨᠰᠠᠭ ᠰᠡᠳᠬᠢᠯᠲᠡᠨ ᠢᠶᠠᠷ ᠪᠦᠷᠢᠯᠳᠦᠭᠰᠡᠨ ︽ᠬᠠᠯᠠᠮᠵᠢ︾ ᠰᠠᠶᠢᠨ ᠳᠤᠷᠠᠴᠤᠳ ᠤᠨ ᠪᠦᠯᠬᠦᠮ ᠢ ᠡᠭᠦᠰᠭᠡᠨ ᠪᠠᠶᠢᠭᠤᠯᠵᠤ᠂ ᠡᠯ᠎ᠡ ᠠᠵᠢᠯ ᠲᠥᠷᠥᠯ ᠤᠨ ᠴᠢᠳᠠᠪᠤᠷᠢᠲᠠᠨ ᠤ ᠲᠠᠪᠠᠭᠤᠯᠢᠭ ᠢ ᠪᠠᠳᠠᠷᠠᠭᠤᠯᠤᠨ ᠮᠠᠯᠴᠢᠨ ᠲᠠᠷᠢᠶᠠᠴᠢᠳ ᠤᠨ ᠲᠠᠷᠢᠵᠤ ᠲᠡᠵᠢᠭᠡᠬᠦ ᠠᠴᠠ ᠠᠵᠤ ᠠᠮᠢᠳᠤᠷᠠᠯ ᠤᠨ ᠡᠯ᠎ᠡ ᠲᠠᠯ᠎ᠠ ᠶᠢᠨ ᠬᠦᠴᠢᠷᠳᠡᠯ ᠢ ᠰᠡᠳᠬᠢᠯ ᠨᠢᠭᠡᠳᠦᠨ ᠬᠠᠮᠲᠤ ᠳᠠᠭᠠᠨ ᠰᠢᠢᠳᠪᠦᠷᠢᠯᠡᠵᠦ  ︽ᠳᠤᠤᠭᠠᠷᠪᠠᠯ ᠳᠠᠭᠤ ᠨᠢᠭᠡᠲᠡᠶ ᠳᠤᠭᠲᠤᠷᠪᠠᠯ ᠬᠦᠴᠦ ᠨᠢᠭᠡᠲᠡᠶ︾ ᠪᠠᠷ ᠬᠥᠳᠡᠭᠡ ᠲᠣᠰᠬᠤᠨ ᠤ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠵᠤ ᠭᠠᠴᠠᠭ᠎ᠠ ᠲᠤᠰᠬᠤᠨ ᠤ ᠠᠷᠡᠳ ᠤᠨ ᠠᠮᠢᠳᠤᠷᠠᠯ ᠳᠤ ᠲᠤᠰᠠᠯᠠᠨ ᠬᠠᠮᠲᠤ ᠶᠢᠨ ᠠᠵᠤ ᠠᠬᠤᠶ ᠪᠠᠨ ᠬᠥᠭᠵᠢᠭᠦᠯᠵᠦ ᠬᠤᠣᠰ ᠠᠰᠢᠭ ᠬᠦᠷᠲᠡᠵᠤ ᠪᠠᠶᠢᠨ᠎ᠠ᠃                             ᠰᠤᠷᠪᠤᠯᠵᠢᠯᠠᠭᠴᠢ᠄ ᠪᠤᠶᠠᠨᠳᠤ   ᠲᠠᠸᠠᠩᠨᠤᠷᠪᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ