ᠤᠮᠠᠷᠠᠲᠤ ᠬᠢᠯᠢ ᠶᠢᠨ ᠰᠤᠶᠤᠯ —— ᠵᠢᠦ ᠳ᠋ᠠ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠰᠬᠦᠯᠡᠩ ᠤᠨ ᠣᠷᠳᠣᠨ
ᠨᠡᠶᠢᠲᠡᠯᠡᠭᠰᠡᠨ ᠴᠠᠭ᠄
2024/10/29
      ᠵᠢᠦ ᠳ᠋ᠠ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠰᠬᠦᠯᠡᠩ ᠤᠨ ᠣᠷᠳᠣᠨ ᠨᠢ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠰᠡᠪᠬᠦᠯ ᠭᠠᠴᠠᠭ᠎ᠠ ᠳᠤ ᠪᠠᠶᠢᠷᠢᠯᠠᠵᠤ᠂ ᠭᠠᠯᠠᠭᠤᠲᠤ ᠪᠠᠯᠭᠠᠰᠤ ᠠᠴᠠ 7 ᠺᠢᠯᠤᠮᠧᠲᠷ ᠵᠠᠶᠢᠲᠠᠢ ᠪᠠᠶᠢᠳᠠᠭ᠃ 2018 ᠣᠨ ᠠᠴᠠ ᠡᠬᠢᠯᠡᠨ ᠪᠠᠶᠢᠭᠤᠯᠵᠤ᠂ ᠦᠵᠡᠰᠬᠦᠯᠡᠩ ᠤᠨ ᠣᠷᠳᠣᠨ ᠤ ᠦᠵᠡᠭᠦᠯᠭᠡ ᠶᠢᠨ ᠲᠣᠭᠤᠷᠢᠭ ᠤᠨ ᠶᠡᠷᠦᠩᠬᠡᠢ ᠲᠠᠯᠠᠪᠠᠶ ᠨᠢ 1000 ᠳᠡᠭᠰᠢ ᠲᠦᠷᠪᠡᠯᠵᠢᠨ ᠮᠧᠲᠷ ᠪᠠᠶᠢᠵᠤ᠂ ᠣᠷᠳᠣᠨ ᠤ ᠳᠣᠲᠣᠷᠠᠬᠢ ᠦᠵᠡᠭᠦᠯᠭᠡ ᠶᠢᠨ ᠪᠤᠳᠠᠰ ᠢ ᠲᠤᠯᠤᠭᠠᠨ ᠶᠡᠭᠡ ᠲᠥᠷᠥᠯ ᠳᠤ ᠬᠤᠪᠢᠶᠠᠵᠤ᠂ ᠡᠷᠲᠡᠨ ᠤ ᠳ᠋ᠧᠩ ᠤᠨ ᠰᠣᠶᠣᠯ ᠤᠨ ᠭᠤᠣᠯ ᠰᠡᠳᠦᠪᠲᠦ ᠣᠷᠳᠣᠨ᠂ ᠰᠣᠶᠣᠯ ᠤᠨ ᠡᠭᠦᠳᠦᠯᠲᠡ ᠶᠢᠨ ᠦᠵᠡᠭᠦᠯᠭᠡ ᠶᠢᠨ ᠲᠣᠭᠤᠷᠢᠭ᠂ ᠬᠤᠪᠢᠰᠬᠠᠯ ᠤᠨ ᠰᠣᠶᠣᠯ ᠤᠨ ᠦᠵᠡᠭᠦᠯᠭᠡ ᠶᠢᠨ ᠲᠣᠭᠤᠷᠢᠭ᠂ ᠦᠦᠰᠢᠨ ᠬᠤᠰᠢᠭᠤᠨ ᠤ ᠲᠠᠷᠢᠶᠠᠯᠠᠩ ᠤᠨ ᠮᠠᠰᠢᠨ ᠤᠰᠤᠨ ᠠᠰᠢᠭᠯᠠᠯᠲᠠ ᠶᠢᠨ ᠮᠠᠰᠢᠨ ᠮᠧᠬᠠᠨᠢᠭ ᠤᠨ ᠦᠵᠡᠭᠦᠯᠭᠡ ᠶᠢᠨ ᠲᠣᠭᠤᠷᠢᠭ᠂ ᠦᠦᠰᠢᠨ ᠬᠤᠰᠢᠭᠤᠨ ᠤ ᠮᠠᠯ ᠲᠠᠷᠢᠶᠠᠯᠠᠩ ᠠᠵᠤ ᠠᠬᠤᠢ ᠶᠢᠨ ᠰᠣᠶᠣᠯ ᠤᠨ ᠦᠵᠡᠭᠦᠯᠭᠡ ᠶᠢᠨ ᠲᠣᠭᠤᠷᠢᠭ᠂ ᠬᠠᠭᠤᠴᠢᠨ ᠡᠳ᠋ᠯᠡᠯ ᠤᠨ ᠦᠵᠡᠭᠦᠯᠭᠡ ᠶᠢᠨ ᠲᠣᠭᠤᠷᠢᠭ᠂ ᠤᠳᠬ᠎ᠠ ᠤᠷᠠᠯᠢᠭ ᠤᠨ ᠰᠣᠶᠣᠯ ᠵᠢᠴᠢ ᠡᠷᠲᠡᠨ ᠤ ᠡᠳ᠋ᠯᠡᠯ ᠤᠨ ᠲᠥᠷᠥᠯ ᠤᠨ ᠦᠵᠡᠭᠦᠯᠭᠡ ᠶᠢᠨ ᠲᠣᠭᠤᠷᠢᠭ ᠵᠡᠷᠭᠡ ᠪᠣᠶ᠃       ᠵᠢᠦ ᠳ᠋ᠠ ᠵᠠᠩ ᠦᠢᠯᠡ ᠶᠢᠨ ᠰᠣᠶᠣᠯ ᠤᠨ ᠦᠵᠡᠰᠬᠦᠯᠡᠩ ᠤᠨ ᠣᠷᠳᠣᠨ ᠳᠤ ᠣᠳᠣ 6000 ᠭᠠᠷᠤᠢ ᠦᠵᠡᠭᠦᠯᠭᠡ ᠶᠢᠨ ᠪᠤᠳᠠᠰ ᠪᠤᠶ᠃ ᠳᠡᠯᠭᠡᠨ ᠦᠵᠡᠭᠦᠯᠦᠭᠰᠡᠨ ᠡᠳ᠋ ᠪᠣᠳᠠᠰ ᠨᠢ ᠭᠤᠣᠯᠳᠠᠭᠤ ᠦᠦᠰᠢᠨ ᠬᠤᠰᠢᠭᠤ ᠪᠠᠷ ᠭᠤᠣᠯ ᠪᠣᠯᠭᠠᠨ ᠦᠪᠦᠷ ᠮᠣᠩᠭᠤᠯ᠂ ᠱᠠᠨᠰᠢ᠂ ᠱᠠᠨ ᠰᠢ ᠣᠷᠣᠨ ᠤ ᠠᠷᠠᠳ ᠤᠨ ᠳᠤᠮᠳᠠᠬᠢ ᠡᠳ᠋ ᠪᠣᠳᠠᠰ ᠢ ᠪᠠᠭᠲᠠᠭᠠᠵᠤ ᠪᠠᠶᠢᠳᠠᠭ᠃ ᠪᠦᠬᠦ ᠦᠵᠡᠭᠦᠯᠭᠡ ᠶᠢᠨ ᠵᠦᠢᠯᠡᠰ ᠨᠢ ᠦᠦᠰᠢᠨ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠪᠠ ᠰᠣᠶᠣᠯ ᠤᠨ ᠠᠵᠢᠯᠯᠠᠭ᠎ᠠ ᠵᠢᠴᠢ ᠠᠳᠠᠯᠢ ᠪᠤᠰᠤ ᠲᠡᠦᠬᠡᠨ ᠴᠠᠭ ᠦᠶ᠎ᠡ ᠶᠢᠨ ᠬᠥᠭᠵᠢᠯᠲᠡ ᠶᠢᠨ ᠶᠠᠪᠤᠴᠠ ᠶᠢ ᠲᠤᠰᠬᠠᠵᠤ ᠪᠠᠶᠢᠳᠠᠭ᠃
93e1a599d191cd24ebeb99e64b7baba.jpg
 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ