ᠳᠡᠳ᠋ ᠱᠦᠵᠢ᠄ ᠸᠠᠩ ᠵᠢᠶᠤᠤ
ᠨᠡᠶᠢᠲᠡᠯᠡᠭᠰᠡᠨ ᠴᠠᠭ᠄
2024/10/31
W020231030529884036727.jpg
           ᠲᠤᠰᠢᠶᠠᠯ᠄       ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ      ᠠᠵᠢᠯ ᠤᠨ ᠬᠤᠪᠢᠶᠠᠷᠢᠯᠠᠯ᠄       ᠸᠠᠩ ᠵᠢᠶᠠᠨ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠭᠠᠳᠠᠭᠠᠲᠤ ᠠᠷᠠᠯᠵᠢᠶ᠎ᠠ ᠬᠠᠷᠢᠶᠠᠲᠤ ᠶᠢᠨ ᠶᠠᠪᠤᠳᠠᠯ᠂ ᠣᠯᠠᠨ ᠲᠦᠮᠡᠨ ᠤ ᠪᠦᠯᠬᠦᠮ᠂ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠤᠯᠤᠰ ᠲᠥᠷᠥ ᠬᠠᠤᠯᠢ ᠴᠠᠭᠠᠵᠠ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠰᠤᠷᠭᠠᠨ ᠬᠥᠮᠦᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠤᠯᠤᠰ ᠤᠨ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠨᠠᠮ ᠤᠨ ᠬᠤᠷᠢᠶᠠᠨ  ᠤ ᠤᠯᠤᠰ ᠤᠨ ᠠᠮᠤᠷ ᠲᠦᠪᠰᠢᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃      ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠬᠤᠪᠢᠶᠠᠷᠢᠯᠠᠨ ᠬᠠᠮᠢᠶᠠᠷᠤᠨ᠎ᠠ᠃       ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠦᠦᠰᠢᠨ ᠬᠤᠰᠢᠭᠤᠨ ᠤ ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠳᠡᠰ᠂ ᠬᠤᠰᠢᠭᠤ ᠠᠷᠠᠳ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯ ᠢ ᠬᠠᠷᠢᠯᠴᠠᠨ᠎ᠠ᠃      ᠲᠣᠪᠴᠢ ᠨᠠᠮᠲᠠᠷ᠄       ᠸᠠᠩ ᠵᠢᠶᠣᠣ᠂ ᠡᠷᠡᠭᠲᠡᠢ᠂ ᠮᠣᠩᠭᠤᠯ ᠦᠨᠳᠦᠰᠦᠲᠡᠨ᠂ 1982 ᠣᠨ ᠤ 7 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠬᠥᠮᠥᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠡᠬᠦᠷᠭᠡᠯᠡᠵᠦ ᠪᠠᠶᠢᠨ᠎ᠠ᠃       2002.09 — 2006.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠢᠳᠡᠭᠡᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠤᠷᠤᠯᠴᠠᠪᠠ︔       2006.07 — 2006.12 ᠠᠵᠢᠯ ᠬᠦᠯᠢᠶᠡᠪᠡ︔       2006.12 — 2012.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠠᠵᠢᠯᠯᠠᠵᠤ᠂ 2007 ᠣᠨ ᠤ 10 ᠰᠠᠷ᠎ᠠ ᠳᠤ ᠪᠡᠭᠡᠵᠢᠩ ᠳᠤ ᠰᠠᠭᠤᠭ᠎ᠠ ᠬᠠᠷᠢᠯᠴᠠᠬᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ 2010 ᠣᠨ ᠤ 9 ᠰᠠᠷ᠎ᠠ ᠳᠤ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ︔       2012.04 — 2017.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠡᠯᠲᠡᠰ ᠲᠤ ᠠᠵᠢᠯᠯᠠᠵᠤ᠂ 2012 ᠣᠨ ᠤ 12 ᠰᠠᠷ᠎ᠠ ᠳᠤ ᠶᠡᠷᠦᠩᠬᠡᠶᠢᠯᠡᠭᠰᠡᠨ ᠰᠠᠯᠠᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔       2017.11 — 2021.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2020 ᠣᠨ ᠤ 5 ᠰᠠᠷ᠎ᠠ ᠳᠤ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠪᠡ︔        2021.02 — 2023.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔       2023.09 — ᠡᠳᠤᠭᠡ ᠪᠤᠯᠳᠠᠯ᠎ᠠ ᠥᠪᠥᠷ ᠮᠣᠩᠭᠤᠯ ᠤᠨ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ ᠪᠤᠢ᠃
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ