ᠮᠠᠨ ᠤ ᠬᠤᠰᠢᠭᠤ ᠲᠠᠷᠢᠶᠠᠨ ᠭᠠᠵᠠᠷ ᠢ ᠵᠣᠬᠢᠰᠲᠠᠢ ᠪᠠᠷ ᠲᠥᠯᠥᠪᠵᠢᠭᠦᠯᠥᠨ ᠨᠢᠭᠡᠳᠭᠡᠵᠥ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠥ ᠪᠠᠶᠢᠨ᠎ᠠ
ᠨᠡᠶᠢᠲᠡᠯᠡᠭᠰᠡᠨ ᠴᠠᠭ᠄
2024/10/8
      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠭᠠᠵᠠᠷ ᠰᠢᠷᠣᠢ ᠶᠢᠨ ᠡᠬᠢ ᠪᠠᠶᠠᠯᠢᠭ ᠲᠠᠭᠠᠨ ᠲᠥᠰᠢᠭᠯᠡᠨ ᠭᠠᠵᠠᠷ ᠰᠢᠷᠣᠢ ᠪᠠᠨ ᠵᠣᠬᠢᠰᠲᠠᠢ ᠪᠠᠷ ᠲᠥᠯᠥᠪᠵᠢᠭᠦᠯᠵᠦ ᠲᠠᠷᠢᠮᠠᠯ ᠤᠨ ᠪᠦᠳᠣᠴᠡ ᠳᠤ ᠳᠣᠭᠢᠷᠠᠭᠤᠯᠣᠯᠲᠠ ᠬᠢᠵᠤ ᠳᠠᠭᠠᠭᠠᠴᠢᠯᠠᠨ ᠡᠵᠡᠩᠨᠡᠭᠦᠯᠬᠦ ᠬᠡᠯᠪᠡᠷᠢ ᠪᠠᠷ ᠣᠨᠴᠠᠯᠢᠭᠲᠤ ᠲᠠᠷᠢᠮᠠᠯ ᠪᠣᠯᠣᠨ ᠭᠡᠪᠴᠢᠶᠡᠵᠢᠭᠰᠡᠨ ᠲᠠᠷᠢᠶᠠᠯᠠᠩ ᠢ ᠭᠦᠭᠵᠢᠭᠦᠯᠥᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠥ ᠪᠠᠶᠢᠨ᠎ᠠ᠃      ᠣᠶᠢᠷ᠎ᠠ ᠶᠢᠨ ᠬᠤᠭᠤᠴᠠᠭᠠᠨ ᠳᠤ᠂ ᠦᠥᠰᠢᠨᠵᠤᠤ ᠪᠠᠯᠭᠠᠰᠣ ᠶᠢᠨ ᠦᠥᠰᠢᠨᠵᠤᠤ ᠭᠠᠴᠠᠭᠠᠨ ᠤ ᠲᠤᠳᠤᠪᠢᠯᠢᠭ᠌ ᠤᠨ ᠳᠠᠷᠢᠭᠰᠠᠨ ᠬᠢᠲᠠᠳ ᠡᠮ ᠤᠨ ᠮᠠᠲ᠋ᠧᠷᠢᠶᠠᠯ ᠤᠨ ᠤᠷᠭᠤᠴᠠ ᠮᠠᠰᠢ ᠰᠠᠶᠢᠨ ᠪᠠᠶᠢᠵᠤ᠂ ᠠᠵᠢᠯᠴᠢᠳ ᠬᠤᠶᠠᠳᠠᠭᠢ ᠤᠳᠠᠭ᠎ᠠ ᠡᠪᠡᠰᠦ ᠠᠷᠢᠯᠭᠠᠵᠤ ᠪᠠᠶᠢᠯ᠎ᠠ᠃ ᠡᠨᠡ ᠵᠢᠯ ᠲᠤᠳᠤᠪᠢᠯᠢᠭ᠌ ᠤᠨ ᠬᠢᠨ 400 ᠭᠠᠷᠤᠢ ᠮᠦ ᠭᠠᠵᠠᠷ ᠲᠠᠭᠠᠨ ᠬᠢᠲᠠᠳ ᠡᠮ ᠤᠨ ᠮᠠᠲ᠋ᠧᠷᠢᠶᠠᠯ ᠲᠡᠷᠢᠵᠠᠢ᠃ ᠲᠡᠷᠡ᠄ ︽ᠨᠢᠭᠡ ᠮᠦ ᠭᠠᠵᠠᠷ ᠠᠴᠠ ᠪᠠᠷᠤᠭ ᠲᠦᠮᠡ ᠭᠠᠷᠤᠢ ᠲᠥᠭᠦᠷᠢᠭ ᠤᠨ ᠤᠷᠤᠯᠭ᠎ᠠ ᠣᠯᠣᠨ᠎ᠠ᠂ ᠵᠢᠱᠢᠯᠲᠡ ᠪᠠᠷ 3000 ᠭᠠᠷᠤᠢ ᠵᠢᠩ ᠡᠮ ᠤᠨ ᠮᠠᠲ᠋ᠧᠷᠢᠶᠠᠯ ᠬᠤᠷᠢᠶᠠᠵᠥ᠂ ᠡᠷᠳᠡᠨᠢ ᠰᠢᠰᠢ ᠲᠠᠷᠢᠭᠰᠠᠨ ᠠᠴᠠ ᠣᠷᠣᠯᠭ᠎ᠠ ᠶᠡᠭᠡ ᠪᠤᠯᠬᠤ ᠶᠤᠮ ᠪᠠᠶᠢᠨ᠎ᠠ︾ ᠬᠡᠵᠥ ᠪᠠᠶᠢᠯ᠎ᠠ᠃      ᠣᠶᠢᠷ᠎ᠠ ᠶᠢᠨ ᠵᠢᠯ ᠠᠴᠠ ᠨᠠᠭᠠᠰᠢ᠂ ᠦᠦᠰᠢᠨᠵᠤᠤ ᠪᠠᠯᠭᠠᠰᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠤᠯᠪᠣᠭᠠᠲᠤ ᠴᠣᠭᠴᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ ᠦᠦᠰᠢᠨᠵᠤᠤ᠂ ᠬᠤᠯᠪᠣᠭᠠᠯᠵᠢ ᠵᠡᠷᠭᠡ ᠭᠠᠴᠠᠭ᠎ᠠ ᠲᠣᠰᠬᠤᠨ ᠤ 2000 ᠭᠠᠷᠤᠢ ᠮᠦ ᠭᠠᠵᠠᠷ ᠰᠢᠷᠣᠢ ᠶᠢ ᠳᠥᠯᠣᠪᠵᠢᠭᠦᠯᠥᠨ ᠨᠢᠭᠡᠳᠭᠡᠵᠥ᠂ ᠬᠤᠲᠠ᠂ ᠬᠤᠰᠢᠭᠤ ᠬᠤᠶᠠᠷ ᠱᠠᠲᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠠᠵᠤ ᠠᠬᠤᠶᠢᠯᠠᠯ ᠲᠠᠢ ᠬᠠᠮᠲᠤᠷᠠᠨ ᠬᠤᠨᠴᠢᠷ᠂ ᠠᠬᠢ᠂ ᠴᠤᠭᠤᠷ᠂ ᠭᠠᠯᠠᠭᠤᠨ ᠲᠠᠪᠠᠭ ᠵᠡᠷᠭᠡ ᠶᠢ ᠳᠠᠷᠢᠵᠤ᠂ ᠲᠠᠷᠢᠮᠠᠯ ᠤᠨ ᠠᠵᠤ ᠦᠢᠯᠡᠰ ᠤᠨ ᠲᠠᠰ ᠳᠡᠪᠰᠢᠬᠦᠯᠭᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠲᠤᠬᠠᠢ ᠶᠢᠨ ᠭᠠᠵᠠᠷ ᠤᠨ ᠲᠠᠷᠢᠮᠠᠯ ᠤᠨ ᠠᠵᠣ ᠦᠢᠯᠡᠰ ᠤᠨ ᠪᠦᠲᠦᠴᠡ ᠶᠢ ᠨᠠᠩ ᠰᠢᠯᠢᠳᠡᠭᠵᠢᠭᠦᠯᠵᠥ ᠴᠢᠳᠠᠭᠰᠠᠨ ᠪᠠᠶᠢᠨ᠎ᠠ᠃      ᠦᠦᠰᠢᠨᠵᠤᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠭᠤᠣ ᠺᠠᠩ᠄ ︽ᠭᠠᠴᠠᠭ᠎ᠠ ᠲᠣᠰᠬᠤᠨ ᠤ ᠨᠠᠮ ᠤᠨ ᠡᠭᠦᠷ᠂ ᠬᠤᠯᠪᠤᠭᠠᠯᠠᠨ ᠳᠠᠭᠠᠭᠠᠴᠢᠯᠠᠬᠤ ᠪᠠᠶᠢᠭᠤᠯᠭ᠎ᠠ ᠨᠢᠭᠡᠴᠢ ᠬᠠᠮᠲᠣᠷᠠᠨ ᠮᠠᠯᠴᠢᠨ ᠲᠠᠷᠢᠶᠠᠴᠢᠨ ᠡᠷᠦᠬᠡ ᠪᠣᠯᠣᠨ ᠠᠵᠤ ᠠᠬᠤᠶᠢᠯᠠᠯ ᠲᠠᠢ ᠬᠤᠯᠪᠤᠭᠠᠯᠠᠬᠤ ᠬᠡᠪ ᠵᠠᠭᠪᠤᠷ ᠢᠶᠠᠷ 2000 ᠮᠦ ᠰᠢᠬᠠᠮ ᠭᠠᠵᠠᠷ ᠰᠢᠷᠣᠢ ᠶᠢ ᠨᠢᠭᠡᠳᠬᠡᠵᠦ ᠬᠤᠨᠴᠢᠷ ᠳᠠᠷᠢᠵᠠᠢ᠃ ᠣᠳᠣᠬᠠᠨ ᠳᠤ᠂ ᠬᠤᠨᠴᠢᠷ ᠤᠨ ᠤᠷᠭᠤᠴᠠ ᠰᠠᠶᠢᠨ᠂ ᠣᠷᠣᠯᠭ᠎ᠠ ᠮᠠᠰᠢ ᠰᠠᠶᠢᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠭᠠᠴᠠᠭᠠᠨ ᠤ ᠨᠠᠮ ᠤᠨ ᠡᠭᠦᠷ ᠤᠨ ᠬᠢᠨ ᠦᠷᠭᠦᠯᠵᠢᠯᠡᠨ ᠭᠠᠵᠠᠷ ᠰᠢᠷᠣᠢ ᠶᠢ ᠨᠢᠭᠡᠳᠬᠡᠵᠦ᠂ ᠬᠤᠨᠴᠢᠷ ᠲᠠᠷᠢᠬᠤ ᠲᠠᠯᠠᠪᠠᠢ ᠶᠢ ᠥᠷᠭᠡᠳᠬᠡᠨ᠂ ᠮᠠᠯᠴᠢᠨ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ︾ ᠭᠡᠵᠤ ᠪᠠᠶᠢᠯ᠎ᠠ᠃      ᠰᠦᠯᠳᠡ ᠰᠤᠮᠤᠨ ᠤ ᠨᠠᠷᠢᠠᠭᠤᠤᠯ ᠲᠣᠰᠬᠤᠨ ᠲᠠᠷᠢᠶᠠᠴᠢᠨ ᠡᠷᠣᠬᠡ ᠶᠢᠨ ᠡᠷᠳᠡᠨᠢ ᠰᠢᠰᠢ ᠶᠢᠨ ᠲᠠᠷᠢᠶ᠎ᠠ ᠶᠢ ᠨᠢᠭᠡᠳᠣᠯᠲᠠᠢ ᠳᠥᠯᠥᠪᠵᠢᠭᠦᠯᠥᠨ ᠨᠡᠶᠢᠯᠡᠭᠦᠯᠥᠨ ᠲᠠᠷᠢᠬᠤ ᠲᠥᠷᠣᠯ ᠵᠦᠢᠯ ᠢ ᠭᠡᠷᠡᠭᠵᠢᠭᠦᠯᠵᠥ᠂ ᠪᠦᠬᠦ ᠲᠣᠰᠬᠤᠨ ᠤ 65% ᠶᠢᠨ ᠭᠠᠵᠠᠷ ᠰᠢᠷᠣᠢ ᠶᠢ ᠨᠢᠭᠡᠳᠭᠡᠨ᠂ ᠠᠵᠤ ᠠᠬᠤᠶᠢᠯᠠᠯ ᠠᠴᠠ ᠨᠢᠭᠡᠳᠦᠯᠲᠡᠢ ᠳᠠᠷᠢᠵᠤ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠠᠷᠪᠢᠯᠠᠨ ᠭᠠᠮᠨᠠᠭᠰᠠᠨ ᠡᠵᠡᠩᠨᠡᠯᠲᠡ ᠶᠢ ᠪᠡᠶᠡᠯᠡᠭᠦᠯᠦᠭᠰᠡᠨ ᠢᠶᠠᠷ ᠡᠷᠳᠡᠨᠢ ᠰᠢᠰᠢ ᠶᠢᠨ ᠤᠨᠠᠯᠲᠠ ᠮᠦ ᠪᠦᠷᠢ ᠳᠤ 1500 ᠵᠢᠩ ᠪᠠᠶᠢᠭᠰᠠᠨ ᠠᠴᠠ ᠪᠠᠨ 2000 ᠵᠢᠩ ᠪᠣᠯᠵᠠᠢ᠃ ᠨᠠᠷᠢᠠᠭᠤᠤᠯ ᠲᠣᠰᠬᠤᠨ ᠤ ᠨᠠᠮ ᠤᠨ ᠡᠭᠦᠷ ᠤᠨ ᠱᠦᠵᠢ ᠰᠡᠷᠬᠦᠯᠡᠩ᠄ ︽ᠭᠠᠵᠠᠷ ᠰᠢᠷᠣᠢ ᠶᠢ ᠨᠢᠭᠡᠳᠭᠡᠬᠦ ᠪᠠᠷ ᠳᠠᠮᠵᠢᠭᠤᠯᠤᠨ᠂ ᠵᠢᠵᠢᠭ ᠲᠠᠷᠢᠶᠠᠨ ᠭᠠᠵᠠᠷ ᠢ ᠶᠡᠭᠡ ᠲᠠᠷᠢᠶ᠎ᠠ ᠪᠣᠯᠭᠠᠵᠤ᠂ ᠬᠥᠳᠡᠯᠮᠦᠷᠢ ᠬᠦᠴᠦᠨ ᠢ ᠠᠷᠪᠢᠯᠠᠵᠠᠢ᠃ ᠪᠢᠳᠡ ᠳᠠᠷᠠᠭᠠᠴᠢ ᠶᠢᠨ ᠠᠯᠬᠤᠮ ᠳᠤ ᠭᠠᠵᠠᠷ ᠰᠢᠷᠣᠢ ᠶᠢ ᠨᠢᠭᠡᠳᠬᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠤᠨ᠎ᠠ︾ ᠭᠡᠵᠤ ᠪᠠᠶᠢᠯ᠎ᠠ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠮᠠᠯᠴᠢᠨ ᠲᠠᠷᠢᠶᠠᠴᠢᠳ ᠤᠨ ᠳᠠᠷᠠᠬᠠᠢ ᠪᠣᠳᠠᠷᠬᠠᠢ ᠡᠵᠡᠩᠨᠡᠵᠤ ᠪᠠᠶᠢᠭ᠎ᠠ ᠲᠠᠷᠢᠶᠠᠨ ᠭᠠᠵᠠᠷ ᠢ ᠨᠡᠶᠢᠯᠠᠭᠦᠯᠥᠨ ᠨᠢᠭᠡᠳᠭᠡᠵᠥ᠂ ᠨᠢᠭᠡᠳᠦᠯᠲᠡᠢ ᠪᠠᠷ ᠳᠦᠯᠥᠪᠵᠢᠭᠦᠯᠥᠨ ᠬᠠᠮᠢᠶᠠᠷᠴᠣ᠂ ᠪᠡᠷᠢᠮᠵᠢᠶᠠᠵᠢᠭᠤᠯᠵᠥ ᠭᠡᠪᠴᠢᠶᠡᠵᠢᠭᠰᠡᠨ ᠳᠣᠮᠣ ᠬᠡᠪᠴᠢᠶᠠᠨ ᠤ ᠲᠠᠷᠢᠶᠠᠨ ᠭᠠᠵᠠᠷ ᠢ ᠬᠦᠭᠵᠢᠭᠦᠯᠣᠨ᠂ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠢ ᠬᠡᠪᠴᠢᠶᠡᠵᠢᠭᠦᠯᠦᠨ ᠠᠵᠢᠯᠯᠠᠭᠤᠯᠬᠤ ᠶᠢ ᠠᠬᠢᠭᠤᠯᠵᠤ᠂ ᠠᠮᠤ ᠪᠤᠳᠠᠭᠠᠨ ᠤ ᠤᠨᠠᠯᠲᠠ ᠪᠣᠯᠣᠨ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠳᠤ ᠰᠠᠭᠤᠷᠢ ᠲᠠᠯᠪᠢᠬᠰᠠᠨ ᠪᠠᠶᠢᠨ᠎ᠠ᠃                                ᠵᠣᠬᠢᠶᠠᠭᠴᠢ᠄ ᠤᠶᠢᠯᠡᠰ  ᠰᠣᠯᠣᠩᠭ᠎ᠠ 
ᠢᠷᠡᠯᠲᠡ᠄ ᠤᠷᠳᠤᠰ ᠮᠤᠩᠭᠤᠯ ᠰᠦᠯᠵᠢᠶ᠎ᠡ