ᠬᠤᠰᠢᠭᠤ ᠳᠡᠳ᠋ ᠳᠠᠷᠤᠭ᠎ᠠ᠄ ᠴᠢᠯᠠᠭᠤ
ᠨᠡᠶᠢᠲᠡᠯᠡᠭᠰᠡᠨ ᠴᠠᠭ᠄
2024/11/1
W020240123354119067206.jpg   
                                           ᠲᠤᠰᠢᠶᠠᠯ᠄      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄       ᠬᠤᠰᠢᠭᠤ ᠳᠠᠷᠤᠭ᠎ᠠ ᠶᠢ ᠬᠠᠪᠰᠤᠷᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠠ ᠶᠠ ᠳ᠋ᠦᠩ ᠢ ᠬᠠᠪᠰᠤᠷᠤᠨ ᠠᠵᠢᠯ ᠥᠷᠨᠢᠭᠦᠯᠵᠦ᠂ ᠬᠤᠰᠢᠭᠤᠨ ᠤ ᠤᠯᠤᠰ ᠤᠨ ᠥᠮᠴᠢᠯᠡᠯᠲᠤ ᠡᠳ᠋ ᠬᠥᠷᠥᠩᠭᠡ ᠶᠢᠨ  ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠲᠠᠢ ᠭᠤᠣᠯᠳᠠᠯᠭ᠎ᠠ ᠲᠠᠢ ᠬᠠᠷᠢᠯᠴᠠᠵᠤ᠂ ᠪᠠᠶᠢᠭᠤᠯᠤᠮᠵᠢ ᠲᠣᠭᠲᠠᠯᠴᠠᠭ᠎ᠠ ᠶᠢᠨ ᠲᠠᠯ᠎ᠠ ᠪᠠᠷ ᠬᠢ ᠠᠵᠢᠯ ᠢ ᠲᠡᠬᠦᠯᠳᠡᠷᠵᠢᠬᠦᠯᠦᠨ᠎ᠡ᠃      ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠣᠮᠣ ᠳ᠋ᠠᠶᠢᠲ᠋ᠠ ᠶᠢᠨ ᠲᠥᠪ︶ ᠶᠢ ᠬᠤᠪᠢᠶᠠᠷᠢᠯᠠᠨ ᠬᠠᠮᠢᠶᠠᠷᠤᠨ᠎ᠠ᠃      ᠲᠣᠪᠴᠢ ᠨᠠᠮᠲᠠᠷ ᠄      ᠴᠢᠯᠠᠭᠤ᠂ ᠡᠷᠡᠭᠲᠡᠢ᠂ ᠮᠣᠩᠭᠤᠯ ᠦᠨᠳᠦᠰᠦᠲᠡᠨ᠂ 1984 ᠣᠨ ᠤ 2 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠬᠥᠮᠥᠨ᠂ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ 2005 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2007 ᠣᠨ ᠤ 7 ᠰᠠᠷ᠎ᠠ ᠳᠤ ᠡᠬᠢᠯᠡᠨ ᠠᠵᠢᠯᠯᠠᠪᠠ᠂ ᠤᠳᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠲᠤᠰᠢᠶᠠᠯ ᠢ ᠡᠬᠦᠷᠭᠡᠯᠡᠵᠤ ᠪᠤᠢ᠃       2003.09 — 2007.07 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠡᠯᠧᠺᠲᠷᠣᠨ ᠮᠡᠳᠡᠭᠡ ᠵᠠᠩᠭᠢ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠤᠷᠤᠯᠴᠠᠪᠠ︔       2008.09 — 2011.09 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠬᠢᠯᠭᠠᠨ ᠬᠦᠴᠦᠨ ᠤ ᠳᠡᠭᠡᠳᠦ ᠰᠤᠷᠭᠠᠭᠤᠯᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠢᠶᠠᠯ ᠢ ᠡᠬᠦᠷᠭᠡᠯᠡᠪᠡ︔       2011.08 — 2018.02 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠪᠡ ︵2010.09 — 2013.06 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠢᠶᠠᠷ ᠰᠤᠷᠤᠯᠴᠠᠵᠤ᠂ ᠬᠠᠤᠯᠢ ᠶᠢᠨ ᠤᠬᠠᠭᠠᠨ ᠤ ᠮᠠᠰᠲ᠋ᠧᠷ ᠴᠣᠯᠠ ᠬᠠᠮᠠᠭᠠᠯᠠᠪᠠ︶︔       2018.02 — 2024.01 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠮᠤᠷ ᠢ ᠬᠠᠮᠠᠭᠠᠯᠠᠬᠤ ᠭᠠᠵᠠᠷ ᠤᠨ ᠳᠡᠳ᠋ ᠳᠠᠷᠤᠭ᠎ᠠ᠂ ᠨᠠᠮ ᠤᠨ ᠬᠤᠷᠢᠶᠠᠨ ᠤ ᠰᠤᠷᠤᠭᠴᠢᠳ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠰᠤᠷᠤᠭᠴᠢᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ ︵ᠡᠨᠡ ᠬᠤᠭᠤᠴᠠᠭᠠᠨ ᠳᠤ 2020.07 — 2020.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠢᠯᠵᠢᠭᠦᠯᠦᠨ ᠪᠣᠯᠪᠠᠰᠤᠷᠠᠭᠤᠯᠪᠠ︶︔        2024.01 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠨ᠎ᠠ᠃     
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ