ᠮᠠᠨ ᠤ ᠬᠤᠰᠢᠭᠤ ᠬᠥᠳᠡᠭᠡ ᠲᠣᠰᠬᠤᠨ ᠤ ᠵᠠᠰᠠᠮᠠᠯ ᠵᠠᠮ ᠤᠨ ︽ᠠᠯᠠᠭᠠᠨ ᠲᠡᠭᠡᠷᠡᠭᠢ ᠬᠠᠮᠠᠭᠠᠯᠠᠯᠳᠠ︾ ᠶᠢᠨ ᠵᠠᠭᠪᠤᠷ ᠢ ᠭᠡᠷᠡᠭᠵᠢᠭᠦᠯᠪᠡ
ᠨᠡᠶᠢᠲᠡᠯᠡᠭᠰᠡᠨ ᠴᠠᠭ᠄
2024/11/12
      ᠮᠠᠨ ᠤ ᠬᠤᠰᠢᠭᠤ᠂ ᠪᠦᠬᠦ ᠤᠯᠤᠰ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ  ︽ᠵᠠᠮ ᠤᠨ ᠳᠠᠷᠤᠭ᠎ᠠ ᠶᠢᠨ ᠲᠦᠷᠢᠮ︾  ᠢᠶᠠᠷ ᠭᠤᠤᠯ ᠰᠡᠳᠦᠪ ᠪᠣᠯᠭᠠᠵᠤ᠂ ︽ᠤᠶᠤᠨᠲᠤ ᠵᠠᠮ ᠤᠨ ᠳᠠᠷᠤᠭ᠎ᠠ︾ APP  ᠪᠠᠷ ᠠᠴᠢᠶᠠᠯᠠᠪᠤᠷᠢ ᠪᠣᠯᠭᠠᠵᠤ᠂ ︽1 ᠲᠥᠪ᠂ 6 ᠲᠤᠤᠷ ᠴᠡᠭ᠂ 61 ᠲᠤᠤᠷᠵᠢᠯ︾ ᠤᠨ ᠣᠯᠠᠨ ᠲᠠᠰ ᠳᠠᠪᠬᠤᠷᠭ᠎ᠠ᠂ ᠪᠥᠬᠦ ᠲᠠᠯ᠎ᠠ ᠶᠢᠨ ᠲᠤᠤᠷᠵᠢᠭᠰᠠᠨ ᠠᠷᠠᠴᠢᠯᠠᠨ ᠬᠠᠮᠠᠭᠠᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠡᠯ᠎ᠡ ᠱᠠᠲᠤᠨ ᠤ ᠵᠠᠮ ᠤᠨ ᠳᠠᠷᠤᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠦᠦ᠋ᠰᠢᠨ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠵᠠᠭᠪᠤᠷ ᠢ ᠬᠡᠷᠡᠭᠵᠢᠭᠦᠯᠬᠦ ᠳᠤ ᠬᠦᠴᠦᠨ ᠨᠡᠮᠡᠷᠢᠯᠡᠭᠰᠡᠨ ᠪᠠᠶᠢᠨ᠎ᠠ᠃
1.png
2.png
      ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠠᠵᠢᠯᠲᠠᠨ ︽ᠤᠶᠤᠨᠲᠤ ᠵᠠᠮ ᠤᠨ ᠳᠠᠷᠤᠭ᠎ᠠ︾ APP ᠳᠡᠭᠡᠷ᠎ᠡ ᠠᠴᠠ ᠪᠤᠳᠠᠳᠤ ᠵᠢᠷᠤᠭ ᠲᠠᠢ ᠵᠠᠮ ᠤᠨ ᠭᠠᠳᠠᠷᠭᠤ ᠶᠢ ᠰᠡᠯᠪᠢᠨ ᠵᠠᠰᠠᠬᠤ ᠭᠤᠶᠤᠴᠢᠯᠠᠯ ᠤᠨ ᠬᠠᠭᠤᠳᠠᠰᠤ ᠶᠢ ᠲᠤᠰᠴᠠᠢ᠃ ᠭᠤᠶᠤᠴᠢᠯᠠᠯ ᠤᠨ ᠬᠠᠭᠤᠳᠠᠰᠤ ᠶᠢ ᠲᠤᠰᠤᠭᠰᠠᠨ ᠤ ᠳᠠᠷᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠯᠪᠣᠭᠳᠠᠯ ᠪᠥᠬᠦᠶ ᠬᠥᠮᠦᠰ ᠪᠠ ᠮᠠᠰᠢᠨ ᠮᠧᠬᠠᠨᠢᠭ ᠢ ᠲᠡᠷᠡ ᠳᠠᠷᠤᠶ ᠳᠤᠨᠢ ᠵᠣᠬᠢᠶᠠᠨ ᠪᠠᠶᠢᠭᠤᠯᠤᠨ ᠬᠦᠳᠡᠯᠭᠡᠵᠦ ᠡᠪᠳᠡᠷᠡᠭᠰᠠᠨ ᠵᠠᠮ ᠳᠤ ᠭᠥᠷᠴᠤ ᠳᠡᠪᠢᠰᠬᠦ᠂ ᠳᠠᠷᠤᠬᠤ ᠵᠡᠷᠭᠡ ᠠᠵᠢᠯ ᠢ ᠡᠮᠬᠢ ᠵᠠᠮᠪᠠᠷᠠᠭ᠎ᠠ ᠲᠠᠢ ᠶᠠᠪᠤᠭᠳᠠᠭᠤᠯᠵᠤ ᠨᠢᠭᠡ ᠴᠠᠭ ᠵᠠᠷᠤᠴᠠᠭᠤᠯᠤᠨ ᠡᠪᠳᠡᠷᠡᠭᠰᠠᠨ ᠵᠠᠮ ᠢ ᠰᠡᠯᠪᠢᠨ ᠵᠠᠰᠠᠭᠰᠠᠨ ᠪᠠᠶᠢᠨ᠎ᠠ᠃
5.png
3.png
        ᠣᠳᠣᠬᠠᠨ ᠳᠤ᠂ ᠦᠦᠰᠢᠨ ᠬᠤᠰᠢᠭᠤᠨ ᠤ ᠤᠶᠤᠨᠲᠤ ᠵᠠᠮ ᠤᠨ ᠳᠠᠷᠤᠭ᠎ᠠ ᠶᠢᠨ ᠰᠢᠰᠲ᠋ᠧᠮ ᠨᠢ ᠨᠢᠭᠡᠨᠲᠡ ᠪᠤᠢ ᠪᠦᠬᠦᠢ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦᠨ ᠢ ᠪᠦᠷᠬᠦᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ︽ᠣᠯᠠᠨ ᠬᠡᠰᠡᠭ ᠢᠶᠠᠷ ᠰᠠᠯᠭᠠᠬᠤ᠂ ᠣᠯᠠᠨ ᠲᠠᠯ᠎ᠠ ᠠᠴᠠ ᠬᠠᠮᠢᠶᠠᠷᠬᠤ᠂ ᠡᠭᠦᠷᠭᠡ ᠬᠠᠷᠢᠭᠤᠴᠠᠯᠭ᠎ᠠ ᠲᠣᠳᠣᠷᠬᠠᠶ ᠦᠭᠡᠢ ᠪᠠᠶᠢᠬᠤ︾ ᠵᠡᠷᠭᠡ ᠳᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠤᠷᠢᠯᠡᠵᠦ᠂ ᠵᠠᠮ ᠤᠨ ᠭᠠᠳᠠᠷᠭᠤ ᠶᠢᠨ ᠠᠰᠠᠭᠤᠳᠠᠯ ᠢ ᠢᠯᠡᠷᠡᠭᠦᠯᠬᠦ ᠳᠤ ᠳᠤᠮᠳᠠᠴᠢ ᠬᠡᠷᠡᠭᠯᠡᠬᠦ ᠴᠠᠭ ᠢ 5 — 7 ᠡᠳᠦᠷ ᠪᠠᠶᠢᠭᠰᠠᠨ ᠠᠴᠠ ᠨᠢ 1— 2 ᠡᠳᠦᠷ  ᠪᠤᠯᠭᠠᠨ᠂ ᠵᠠᠮ ᠢ ᠵᠠᠰᠠᠨ ᠰᠡᠷᠭᠦᠭᠡᠬᠦ ᠴᠠᠭ ᠢ 24 ᠴᠠᠭ ᠪᠣᠯᠭᠠᠨ ᠪᠣᠭᠤᠨᠢᠰᠬᠠᠵᠤ᠂ ᠵᠠᠮ ᠢ ᠠᠷᠠᠴᠢᠯᠠᠨ ᠬᠠᠮᠠᠭᠠᠯᠠᠬᠤ ᠪᠦᠬᠦ᠋ᠢᠯᠡ ᠶᠠᠪᠤᠴᠠ ᠪᠠ ᠬᠡᠷᠡᠭᠰᠡᠬᠦ ᠴᠠᠭ ᠢ 50%  ᠠᠴᠠ ᠳᠡᠭᠡᠭᠰᠢ ᠠᠷᠪᠢᠯᠠᠭᠰᠠᠨ ᠪᠠᠶᠢᠨ᠎ᠠ᠃ 2020 ᠣᠨ ᠳᠤ᠂ ᠮᠠᠨ ᠤ ᠬᠤᠰᠢᠭᠤ ᠶᠢ ᠪᠥᠬᠦ ᠤᠯᠤᠰ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠳᠠ ᠠᠷᠠᠴᠢᠯᠠᠨ ᠬᠠᠮᠠᠭᠠᠯᠠᠯᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠬᠤᠰᠢᠭᠤ ᠰᠢᠶᠠᠨ ᠢᠶᠠᠷ ᠲᠣᠭᠲᠠᠭᠠᠵᠤ᠂  ︽ᠵᠠᠮ ᠤᠨ ᠳᠠᠷᠤᠭ᠎ᠠ ᠶᠢᠨ ᠲᠦᠷᠢᠮ︾ ᠢᠶᠠᠷ ᠲᠤᠷᠰᠢᠯᠲᠠ ᠶᠢᠨ ᠭᠤᠤᠯ ᠰᠡᠳᠦᠪ ᠪᠤᠯᠭᠠᠭᠰᠠᠨ ᠪᠠᠶᠢᠨ᠎ᠠ᠃ ᠣᠳᠣᠬᠠᠨ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠵᠠᠮ ᠤᠨ ᠳᠠᠷᠤᠭ᠎ᠠ ᠪᠤᠯᠤᠨ ᠣᠶᠤᠨᠴᠢ ᠵᠠᠮ ᠤᠨ ᠳᠠᠷᠤᠭ᠎ᠠ ᠶᠢᠨ APP ᠶᠢ ᠬᠠᠮᠳᠤᠪᠡᠷ ᠠᠵᠢᠯᠯᠠᠭᠤᠯᠵᠤ᠂ ᠬᠤᠰᠢᠭᠤ ᠱᠠᠲᠤᠨ ᠤ ᠣᠶᠤᠨᠴᠢ ᠵᠠᠮ ᠬᠠᠷᠢᠯᠴᠠᠭᠠᠨ ᠤ ᠵᠢᠯᠣᠭᠤᠳᠬᠤ ᠲᠥᠪ ᠢ 1 ᠪᠠᠶᠢᠭᠤᠯᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠵᠠᠮ ᠤᠨ ᠳᠠᠷᠤᠭ᠎ᠠ 339 ᠨᠡᠷ᠎ᠡ ᠪᠣᠯᠣᠨ ᠦᠷᠭᠡᠵᠢᠭᠰᠡᠨ ᠪᠠᠶᠢᠨ᠎ᠠ᠃                                   ᠰᠣᠷᠪᠤᠯᠵᠢᠯᠠᠭᠴᠢ᠄ ᠠᠯᠤᠰ᠂ ᠸᠠᠩ ᠴᠢ᠂ ᠴᠢᠦᠢ ᠴᠧᠨ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ