ᠮᠠᠨ ᠤ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠡᠭᠢᠯᠡᠪᠡ
ᠨᠡᠶᠢᠲᠡᠯᠡᠭᠰᠡᠨ ᠴᠠᠭ᠄
2024/11/12
      ᠣᠶᠢᠷ᠎ᠠ ᠶᠢᠨ ᠡᠳᠦᠷ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠠᠰᠢᠭᠲᠠᠶ ᠲᠣᠬᠢᠶᠠᠯ ᠢ ᠵᠠᠪᠳᠤᠨ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠥᠷᠨᠢᠭᠦᠯᠵᠤ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠪᠠᠶᠢᠨ᠎ᠠ᠃
1.png
2.png
      ᠦᠦᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠤ ᠠᠯᠪᠠᠨ ᠵᠢᠷᠤᠮ ᠤᠨ ᠮᠣᠳᠣ ᠲᠠᠷᠢᠬᠤ ᠭᠠᠵᠠᠷ ᠲᠤ᠂  ᠺᠠᠳ᠋ᠷᠴᠤᠳ ᠡᠷᠴᠢ ᠵᠣᠷᠢᠭ ᠢᠶᠠᠨ ᠬᠦᠪᠴᠢᠯᠡᠨ ᠵᠠᠶ ᠲᠡᠮᠳᠡᠭᠯᠡᠬᠦ᠂ ᠬᠡᠮᠵᠢᠬᠦ᠂ ᠵᠢᠷᠤᠭᠠᠰᠤ ᠵᠢᠷᠤᠬᠤ᠂ ᠨᠦᠬᠡ ᠮᠠᠯᠲᠠᠬᠤ᠂ ᠳᠠᠷᠢᠬᠤ ᠵᠡᠷᠭᠡ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ ᠡᠯ᠎ᠡ ᠭᠤᠭᠴᠤᠭ᠎ᠠ ᠶᠢ ᠡᠮᠬᠢ ᠵᠢᠷᠤᠮ ᠲᠠᠢ ᠶᠠᠪᠤᠭᠳᠠᠭᠤᠯᠤᠨ ᠮᠤᠳᠤ ᠲᠠᠷᠢᠬᠤ ᠠᠵᠢᠯ ᠢᠶᠠᠨ ᠠᠮᠵᠢᠯᠳᠠ ᠲᠠᠢ ᠰᠠᠶᠢᠬᠠᠨ ᠪᠠᠶᠠᠯᠠᠭᠦᠯᠤᠯ᠎ᠠ᠃ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠠᠵᠢᠯᠲᠠᠨ ᠵᠠᠩ ᠶᠤᠸᠠᠢ ᠰᠣᠷᠪᠤᠯᠵᠢᠯᠠᠭᠴᠢ ᠳᠤ ᠭᠡᠯᠡᠭᠦ ᠳᠤ ᠪᠠᠨ᠄ ︽ᠪᠢᠳᠡ ᠵᠢᠯ ᠪᠦᠷᠢ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠤᠷᠤᠯᠴᠠᠳᠠᠭ᠃ ᠰᠢᠨ᠎ᠡ ᠪᠠᠷ ᠵᠠᠶᠢᠯᠠᠭᠰᠠᠨ ᠮᠣᠳᠣ ᠪᠠᠨ ᠬᠠᠷᠠᠭᠠᠳ ᠮᠠᠰᠢ ᠶᠡᠭᠡ ᠠᠮᠵᠢᠯᠲᠠ ᠣᠯᠤᠭᠰᠠᠨ ᠰᠢᠭ᠋ ᠰᠠᠨᠠᠭᠳᠠᠳᠠᠭ᠂ ᠬᠤᠶᠢᠰᠢᠳᠠ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠤᠯᠠᠮ ᠢᠳᠡᠪᠬᠢᠯᠡᠨ ᠣᠷᠣᠯᠴᠠᠵᠤ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠵᠦ ᠶᠠᠷᠢᠯ᠎ᠠ᠃
4.jpg
3.jpg
       ᠤᠶᠢᠯᠠᠭᠠᠭᠰᠠᠨ ᠢᠶᠠᠷ᠂ ᠲᠣᠰ ᠤᠳᠠᠭᠠᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠭᠤᠤᠯᠳᠠᠭᠤ ᠪᠤᠷᠭᠠᠰᠤ ᠳᠠᠷᠢᠬᠤ ᠪᠤᠯᠤᠨ ᠡᠯᠡᠰᠦᠨ ᠬᠠᠯᠬᠠᠪᠴᠢ ᠪᠤᠰᠬᠠᠬᠤ ᠪᠠᠷ ᠭᠤᠤᠯ ᠪᠣᠯᠭᠠᠵᠤ᠂ ᠡᠨᠡ ᠵᠢᠯ ᠲᠠᠪᠤᠨ ᠮᠢᠩᠭᠠᠨ ᠮᠥ ᠶᠢᠨ ᠤᠶᠢᠵᠢᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 90% ᠠᠴᠠ ᠳᠡᠭᠡᠭᠰᠢᠬᠢ ᠶᠢ ᠪᠠᠶᠠᠯᠠᠭᠦᠯᠵᠠᠢ᠃
5.jpg
6.jpg
       ᠮᠤᠳᠤ ᠲᠠᠷᠢᠬᠤ ᠠᠵᠢᠯᠯᠠᠭ᠎ᠠ ᠪᠠᠷ ᠲᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠪᠦᠯᠬᠦᠮ ᠨᠡᠶᠢᠲᠡ ᠶᠢᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠬᠠᠮᠲᠤ ᠪᠠᠷ ᠣᠷᠣᠯᠴᠠᠵᠤ ᠨᠣᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠭᠰᠠᠨ ᠪᠠᠶᠢᠨ᠎ᠠ᠃                                  ᠰᠣᠷᠪᠤᠯᠵᠢᠯᠠᠭᠴᠢ᠄ ᠠᠯᠤᠰ᠂ ᠡᠾᠧ ᠵᠢᠢ ᠶᠥᠨ᠂ ᠭᠦᠸᠧ ᠵᠢᠶᠠ ᠳ᠋ᠥᠩ᠂ ᠵᠢᠢ ᠫᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ