ᠮᠠᠨ ᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/12
      ᠡᠨᠡ ᠵᠢᠯ ᠠᠴᠠ ᠨᠠᠰᠢ᠂ ᠮᠠᠨ ᠤ ᠬᠤᠰᠢᠭᠤ ᠠᠷᠠᠳ ᠠᠴᠠ ᠡᠵᠡᠩᠨᠡᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠬᠦ ᠬᠠᠷᠠᠯᠲᠠ ᠪᠠᠷ ᠠᠵᠤ ᠠᠬᠤᠶᠢᠯᠠᠯ ᠤᠨ ᠦᠢᠯᠡᠴᠢᠯᠡᠭᠡᠨ ᠤ ᠬᠡᠷᠡᠭᠴᠡᠭᠡ ᠶᠢ ᠭᠦᠨᠵᠡᠭᠡᠢ ᠠᠭᠤᠳᠠᠯᠵᠤ ᠠᠵᠤ ᠠᠬᠤᠶᠢᠯᠠᠯ ᠤᠨ ︽ᠨᠢᠭᠡ ᠥᠷᠳᠡᠭᠡᠴᠢᠯᠡᠭᠰᠠᠨ ᠮᠠᠶ᠋ᠢᠭ︾  ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠷᠲᠤᠳᠬᠠᠬᠤ ᠪᠠᠷ ᠭᠠᠷᠳᠠᠴᠠ ᠪᠣᠯᠭᠠᠵᠤ᠂ ᠵᠠᠰᠠᠭ ᠠᠵᠤ ᠠᠬᠤᠶᠢᠯᠠᠯ ᠤᠯᠠᠨ ᠡᠰᠢᠴᠢᠯᠠᠨ ᠬᠤᠯᠪᠤᠭᠠᠯᠠᠨ ᠬᠥᠳᠡᠯᠦᠯᠴᠡᠬᠦ ᠪᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠳᠤ  ᠪᠥᠭᠦ ᠲᠠᠯ᠎ᠠ  ᠪᠠᠷ ᠥᠢᠯᠠᠴᠢᠯᠠᠨ᠂ ᠡᠵᠡᠩᠨᠡᠯᠲᠡ ᠶᠢᠨ ᠣᠷᠴᠢᠨ ᠨᠦᠬᠦᠴᠡᠯ ᠤᠨ ᠲᠠᠬᠢᠨ ᠲᠡᠰ ᠳᠡᠪᠰᠢᠬᠦ ᠳᠤ ᠬᠦᠴᠦᠨ ᠨᠡᠮᠡᠷᠢᠯᠡᠵᠦ ᠪᠠᠶᠢᠨ᠎ᠠ᠃       ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠰᠤᠷᠪᠤᠯᠵᠢᠯᠠᠭᠴᠢ ᠠᠵᠤ ᠠᠬᠤᠶᠢᠯᠠᠯ ᠤᠨ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠪᠠᠷ ᠢᠷᠡᠭᠰᠡᠨ ᠸᠠᠩ ᠰᠢ ᠶᠤᠸᠠᠨ ᠲᠠᠢ ᠲᠠᠭᠠᠷᠠᠯᠳᠣᠪᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠣᠲᠣ ᠠᠵᠤ ᠠᠬᠤᠶᠢᠯᠠᠯ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠠᠷ ᠬᠦᠢᠴᠡᠳᠬᠡᠯ ᠢ ᠬᠢᠬᠦ ᠳᠤ ᠡᠨᠡᠭᠦ ᠬᠡᠷᠡᠭ ᠡᠷᠭᠢᠯᠡᠬᠦ ᠲᠢᠩᠬᠢᠮ ᠳᠤ ᠨᠢᠭᠡ ᠯᠡ ᠤᠳᠠᠭ᠎ᠠ ᠢᠷᠡᠪᠡᠯ ᠳᠠᠷᠤᠢ ᠪᠦᠬᠦᠨ ᠢ ᠭᠦᠢᠴᠡᠳᠬᠡᠵᠦ ᠲᠡᠶᠢᠯᠦᠨ᠎ᠡ᠂ ᠪᠢᠳᠡᠨ ᠳᠤ ᠴᠠᠭ ᠪᠠ ᠬᠦᠴᠦ ᠬᠦᠳᠡᠯᠮᠦᠷᠢ ᠶᠢ ᠠᠷᠪᠢᠯᠠᠵᠦ ᠲᠡᠶᠢᠯᠦᠭᠰᠡᠨ ᠪᠠᠶᠢᠨ᠎ᠠ︾ ᠭᠡᠵᠡᠢ᠃       ᠡᠨᠡ ᠵᠢᠯ ᠠᠴᠠ ᠨᠠᠰᠢ ᠮᠠᠨ ᠤ ᠬᠤᠰᠢᠭᠤ ︽ᠴᠣᠮᠬᠠᠳᠬᠠᠬᠤ᠂ ᠨᠢᠭᠡᠳᠬᠡᠬᠦ᠂ ᠥᠨᠳᠥᠷ ᠪᠦᠲᠦᠮᠵᠢᠲᠡᠶ ᠪᠠᠶᠢᠯᠭᠠᠬᠤ︾ ᠵᠠᠷᠴᠢᠮ ᠢ ᠪᠠᠷᠢᠮᠲᠠᠯᠠᠨ ᠪᠦᠬᠦ ᠬᠤᠲᠠ ᠶᠢᠨ ᠠᠩᠬᠠᠳᠠᠭᠴᠢ ᠠᠷᠠᠳ ᠠᠴᠠ ᠡᠵᠡᠩᠨᠡᠭᠰᠠᠨ ᠠᠵᠤ ᠠᠬᠤᠶᠢᠯᠠᠯ ᠤᠨ ︽ᠨᠢᠭᠡ  ᠥᠷᠳᠡᠭᠡᠴᠢᠯᠡᠭᠰᠠᠨ ᠮᠠᠶ᠋ᠢᠭ︾ ᠤᠨ ᠦᠢᠯᠡᠴᠢᠯᠡᠭᠡᠨ ᠤ ᠲᠥᠪ ᠢ ᠳᠡᠰ ᠳᠡᠪᠰᠢᠭᠦᠯᠦᠨ ᠪᠠᠶᠢᠭᠤᠯᠵᠤ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠦᠢᠯᠡᠴᠢᠯᠡᠬᠦ᠂ ᠠᠵᠤ ᠠᠬᠤᠶᠢᠯᠠᠯ ᠤᠨ ᠵᠥᠪᠳᠡᠯᠴᠡᠨ ᠶᠠᠷᠢᠯᠴᠠᠬᠤ ᠵᠡᠷᠭᠡ ᠴᠢᠳᠠᠮᠵᠢᠲᠤ ᠣᠷᠣᠨ ᠪᠦᠰᠡ ᠶᠢ ᠲᠣᠬᠢᠷᠠᠭᠤᠯᠵᠤ ᠠᠵᠤ ᠠᠬᠤᠶᠢᠯᠠᠯ ᠤᠨ ᠪᠥᠬᠦ ᠦᠶᠡᠯᠡᠯ ᠤᠨ ᠲᠣᠭᠤᠷᠢᠨ ᠳᠤ ᠠᠵᠤ ᠠᠬᠤᠶᠢᠯᠠᠯ ᠢ ᠪᠠᠶᠢᠭᠤᠯᠤᠨ ᠳᠠᠩᠰᠠᠯᠠᠬᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠬᠤ ᠵᠡᠷᠭᠡ 11 ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ 93 ᠵᠦᠢᠯᠡᠰ ᠢ ᠶᠡᠷᠦᠩᠬᠡᠶᠢᠯᠡᠭᠰᠡᠨ ᠴᠣᠩᠬᠤᠨ ᠳᠤ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠪᠡ᠃ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠠᠵᠤ ᠠᠬᠤᠶᠢᠯᠠᠯ ᠳᠤ ᠬᠤᠯᠪᠣᠭᠳᠠᠬᠤ ᠶᠠᠪᠤᠳᠠᠯ ᠢ ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠬᠦ ᠶᠢ ᠴᠢᠩᠭᠠᠳᠬᠠᠨ ᠠᠵᠤ ᠠᠬᠤᠶᠢᠯᠠᠯ ᠤᠨ ︽ᠨᠢᠭᠡ ᠥᠷᠳᠡᠭᠡᠴᠢᠯᠡᠭᠰᠠᠨ ᠮᠠᠶ᠋ᠢᠭ︾ ᠤᠨ ᠦᠢᠯᠡᠴᠢᠯᠡᠭᠡᠨ ᠤ ᠲᠥᠪ ᠤᠨ ᠵᠦᠢᠯᠡᠰ ᠢ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠡᠷᠭᠢᠯᠡᠵᠦ ᠪᠣᠯᠬᠤ ᠬᠠᠷᠢᠴᠠᠯ 89% ᠶᠢ ᠡᠵᠡᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠦᠨᠳᠦᠷ ᠲᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠢᠲᠡᠭᠡᠮᠵᠢ + ᠬᠢᠨᠠᠨ ᠵᠥᠪᠰᠢᠶᠡᠷᠡᠬᠦ ᠶᠢ ᠭᠡᠷᠡᠭᠵᠢᠭᠦᠯᠵᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠢᠨᠠᠨ ᠲᠣᠭᠲᠠᠭᠠᠬᠤ ᠶᠢᠨ ᠳᠠᠭᠠᠤ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠤᠷᠢᠳᠴᠢᠯᠠᠨ ᠥᠷᠨᠢᠭᠦᠯᠵᠦ ᠳᠤᠲᠠᠭᠳᠠᠵᠤ ᠪᠣᠯᠣᠰᠢ ᠦᠭᠡᠢ ᠴᠢᠬᠤᠯᠠ ᠨᠥᠬᠦᠴᠡᠯ ᠢ ᠨᠥᠬᠦᠪᠦᠷᠢᠯᠡᠭᠰᠡᠨ ᠤ ᠳᠠᠷᠠᠭ᠎ᠠ ᠲᠡᠷᠡ ᠳᠠᠷᠤᠢ ᠳᠤᠨᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠭᠠᠷᠭᠠᠬᠤ ᠶᠢᠨ ᠬᠠᠮᠲᠤ ᠳᠡᠭᠡᠭᠰᠢ ᠮᠡᠳᠡᠭᠦᠯᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ 30 ︱ 60 ᠡᠳᠦᠷ ᠤᠨ ᠴᠠᠭ ᠢ ᠠᠷᠪᠢᠯᠠᠵᠠᠢ᠃       ᠬᠤᠰᠢᠭᠤ ᠠᠵᠤ ᠠᠬᠤᠶᠢᠯᠠᠯ ᠤᠨ ᠨᠢᠭᠡ ᠥᠷᠳᠡᠭᠡᠴᠢᠯᠡᠭᠰᠠᠨ  ᠮᠠᠶ᠋ᠢᠭ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ ᠶᠦᠨ ᠯᠦ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠠᠵᠤ ᠠᠬᠤᠶᠢᠯᠠᠯ ᠤᠨ ᠨᠢᠭᠡ ᠥᠷᠳᠡᠭᠡᠴᠢᠯᠡᠭᠰᠠᠨ ᠮᠠᠶ᠋ᠢᠭ ᠤᠨ ᠦᠢᠯᠡᠴᠢᠯᠡᠭᠡᠨ ᠤ ᠲᠥᠪ  ᠢ ᠰᠢᠨ᠎ᠡ ᠪᠠᠷ ᠲᠠᠰ ᠳᠡᠪᠰᠢᠭᠦᠯᠵᠦ ᠪᠠᠶᠢᠭᠤᠯᠤᠨ᠂ 2 ᠭᠥᠯᠢᠶᠡᠨ ᠠᠪᠴᠤ ᠬᠦᠢᠴᠡᠳᠬᠡᠬᠦ ᠴᠣᠩᠬᠤᠪᠴᠢ ᠭᠠᠷᠭᠠᠵᠠᠢ᠃ ᠲᠠᠪᠴᠠᠩ ᠤᠨ ᠬᠢᠨᠠᠨ ᠵᠥᠪᠰᠢᠶᠡᠷᠡᠬᠦ ᠲᠠᠰᠤᠭ ᠲᠤ ᠪᠢᠳᠡ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠢ ᠣᠷᠣᠭᠤᠯᠣᠭᠰᠠᠨ ᠪᠣᠯᠬᠤᠷ ᠲᠥᠷᠥᠯ ᠵᠦᠢᠯ ᠲᠣᠭᠲᠠᠭᠠᠬᠤ᠂ ᠲᠥᠯᠦᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ  ᠪᠠᠶᠢᠴᠠᠭᠠᠬᠤ ᠵᠡᠷᠭᠡ ᠳᠥᠷᠪᠡᠨ ᠱᠠᠲᠤᠨ ᠤ ᠬᠠᠮᠢᠶ᠎ᠠ ᠪᠦᠬᠦᠢ ᠠᠵᠢᠯ ᠢ ᠭᠦᠢᠴᠡᠳᠬᠡᠵᠦ ᠪᠣᠯᠣᠨ᠎ᠠ᠂ ᠡᠭᠦᠨ ᠤ ᠬᠠᠮᠲᠤ ᠪᠢᠳᠡ ᠪᠠᠰᠠ ᠨᠡᠶᠢᠭᠡᠮ ᠤᠨ ᠪᠠ ᠠᠵᠤ ᠠᠬᠤᠶᠢᠯᠠᠯ ᠤᠨ ᠦᠢᠯᠡᠴᠢᠯᠡᠭᠡᠨ ᠤ ᠶᠠᠪᠤᠴᠠ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠯᠴᠠᠬᠤ ᠬᠤᠷᠠᠯ ᠤᠨ ᠳᠦᠷᠢᠮ ᠢ ᠲᠣᠭᠲᠠᠭᠠᠭᠰᠠᠨ ︾ ᠭᠡᠯ᠎ᠠ᠃      ᠡᠭᠦᠨ ᠤ ᠬᠠᠮᠲᠤ᠂ ᠮᠠᠨ ᠤ ᠬᠤᠰᠢᠭᠤ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠨᠡᠪᠲᠡᠷᠡᠯᠴᠡᠭᠡ ᠪᠠᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠡᠶᠡᠳᠡᠭᠦᠯᠬᠦ ᠲᠠᠰᠤᠭ᠂ ᠠᠷᠠᠳᠴᠢᠯᠠᠯ ᠢᠶᠠᠷ ᠵᠥᠪᠯᠡᠬᠦ ᠲᠠᠰᠤᠭ᠂ ᠰᠡᠳᠬᠢᠯ ᠢᠶᠠᠨ ᠨᠢᠭᠡᠳᠬᠡᠨ ᠵᠠᠰᠠᠭ ᠤᠨ ᠶᠠᠪᠤᠳᠠᠯ ᠢ ᠵᠥᠪᠯᠡᠬᠦ ᠲᠢᠩᠬᠢᠮ ᠵᠡᠷᠭᠡ ᠠᠵᠢᠯᠯᠠᠭᠠᠨ ᠤ ᠲᠠᠯᠠᠪᠤᠷ ᠭᠠᠷᠭᠠᠵᠤ ︽ᠵᠠᠰᠠᠭ ᠠᠵᠤ ᠠᠬᠤᠶᠢᠯᠠᠯ ᠨᠢᠭᠤᠷᠲᠠᠨ ᠶᠠᠷᠢᠯᠴᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠰᠠᠯᠠᠭ᠎ᠠ ᠮᠥᠴᠢᠷ︾ ᠠᠴᠠ ︽ᠨᠢᠭᠡ ᠴᠣᠩᠬᠤ︾ ᠳᠠᠰᠢ ᠬᠤᠪᠢᠷᠠᠭᠤᠯᠬᠤ ᠶᠢ ᠠᠬᠢᠭᠤᠯᠪᠠ᠃ ᠡᠨᠡ ᠵᠢᠯ ᠠᠴᠠ ᠨᠠᠰᠢ᠂ ᠮᠠᠨ ᠤ ᠬᠤᠰᠢᠭᠤ 70 ᠭᠠᠷᠤᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ 11 ᠤᠳᠠᠭ᠎ᠠ ᠥᠷᠨᠢᠭᠦᠯᠵᠦ᠂ 30 ᠭᠠᠷᠤᠢ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠤ ᠠᠬᠤᠶᠢᠯᠠᠯ ᠤᠨ ᠬᠥᠭᠵᠢᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ 33 ᠵᠦᠢᠯ ᠤᠨ ᠬᠦᠴᠢᠷᠳᠡᠯ ᠪᠣᠯᠣᠨ ᠬᠦᠰᠡᠯ ᠱᠠᠭᠠᠷᠳᠠᠯᠭ᠎ᠠ ᠶᠢ ᠴᠤᠭᠯᠠᠭᠤᠯᠤᠨ ᠰᠢᠢᠳᠪᠦᠷᠢᠯᠡᠪᠡ᠃ ᠡᠶᠢᠮᠦᠷᠬᠦ ᠰᠠᠶᠢᠨ ᠨᠦᠬᠦᠴᠡᠯ ᠨᠢ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠦᠨᠡᠨᠬᠦ ᠨᠡᠮᠡᠭᠳᠡᠭᠦᠯᠵᠦ᠂ ᠠᠵᠤ ᠠᠬᠤᠶᠢᠯᠠᠯ ᠳᠤ ᠵᠠᠰᠠᠭ ᠤᠨ ᠣᠷᠳᠣᠨ ᠤ ᠳᠡᠮᠵᠢᠯᠭᠡ ᠪᠠ ᠬᠠᠯᠠᠮᠵᠢᠯᠠᠯ ᠢ ᠬᠦᠷᠲᠡᠭᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠡᠢ᠃ ᠡᠨᠡ ᠵᠢᠯ ᠪᠥᠬᠦ ᠬᠤᠰᠢᠭᠤᠨ ᠤ ᠠᠳᠠᠯᠢ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 2633 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠵᠡᠢ᠃       ᠳᠠᠷᠠᠭᠠᠴᠢ ᠶᠢᠨ ᠠᠯᠬᠤᠮ ᠳᠤ᠂  ᠮᠠᠨ ᠤ ᠬᠤᠰᠢᠭᠤ ᠠᠵᠤ ᠠᠬᠤᠶᠢᠯᠠᠯ ᠳᠤ ᠴᠢᠭᠯᠡᠭᠦᠯᠵᠦ᠂ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠦᠢᠯᠡᠳᠦᠯ ᠢ ᠪᠠᠳᠠᠷᠠᠭᠤᠯᠤᠨ ︽ᠲᠤᠶᠢᠯ ᠤᠨ ᠲᠥᠬᠦᠮ ᠬᠢᠨᠠᠨ ᠵᠥᠪᠰᠢᠶᠡᠷᠡᠬᠦ︾ ᠵᠠᠭᠪᠤᠷ ᠢ ᠢᠳᠡᠪᠬᠢᠲᠡᠢ ᠬᠡᠷᠡᠭᠵᠢᠭᠦᠯᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠬᠢᠨᠠᠨ ᠪᠠᠶᠢᠴᠠᠭᠠᠬᠤ ᠦᠭᠡᠢ ᠪᠠᠷ ᠡᠳ᠋ᠯᠡᠭᠦᠯᠬᠦ︾ ᠶᠢ ᠠᠬᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ ᠪᠣᠳᠠᠲᠤ ᠦᠷ᠎ᠡ ᠪᠦᠲᠦᠮᠵᠢ ᠭᠠᠷᠭᠠᠨ ᠠᠵᠤ ᠠᠬᠤᠶᠢᠯᠠᠯ ᠳᠤ ᠦᠢᠯᠡᠴᠢᠯᠡᠬᠦ ᠬᠦᠴᠦᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠬᠦ ᠪᠠᠷ ᠪᠤᠢ᠃                              ᠰᠤᠷᠪᠤᠯᠵᠢᠯᠠᠭᠴᠢ᠄ ᠰᠣᠯᠣᠩᠭ᠎ᠠ᠂  ᠸᠠᠩ ᠴᠢ᠂  ᠴᠢᠦᠢ ᠴᠧᠨ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ