ᠮᠠᠨ ᠤ ᠬᠤᠰᠢᠭᠤ 2024 ᠣᠨ ᠤ ︽ᠴᠠᠢ ᠶᠢᠨ ᠰᠣᠶᠣᠯ︾ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/11/13
      ᠪᠥᠬᠦ ᠬᠤᠰᠢᠭᠤᠨ ᠤ ᠠᠵᠤ ᠠᠬᠤᠶᠢᠯᠠᠯᠲᠠᠨ᠂ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠦ ᠴᠠᠢ ᠶᠢᠨ ᠰᠣᠶᠣᠯ ᠤᠨ ᠲᠤᠬᠠᠢ ᠣᠶᠢᠯᠠᠭᠠᠯᠲᠠ ᠪᠠ ᠲᠠᠨᠢᠯᠲᠠ ᠶᠢ ᠳᠡᠭᠡᠭᠰᠢᠯᠡᠭᠦᠯᠬᠦ ᠶᠢᠨ ᠲᠣᠰᠠᠲᠠ᠂ ᠤᠶᠢᠷ᠎ᠠ ᠶᠢᠨ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠪᠣᠯᠣᠨ ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠰᠢᠭᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠬᠠᠮᠲᠤᠷᠠᠨ ︽ᠴᠠᠢ ᠶᠢᠨ ᠰᠣᠶᠣᠯ︾ ᠤᠨ ᠪᠣᠯᠪᠠᠰᠤᠷᠠᠯ ᠤᠨ ᠠᠩᠭᠢ ᠡᠷᠭᠢᠯᠡᠭᠰᠡᠨ ᠪᠠᠶᠢᠨ᠎ᠠ᠃
1.jpg
2.jpg
      ᠲᠤᠰ ᠤᠳᠠᠭᠠᠨ ᠤ ᠪᠣᠯᠪᠠᠰᠤᠷᠠᠯ ᠨᠢ ᠳᠥᠷᠪᠡᠨ ᠬᠤᠭᠤᠴᠠᠭ᠎ᠠ ᠲᠠᠢ ᠶᠠᠪᠤᠭᠳᠠᠨ 150 ᠭᠠᠷᠤᠢ ᠴᠠᠢ ᠶᠢᠨ ᠰᠣᠶᠣᠯ ᠳᠤ ᠪᠠᠭ᠋ᠠᠲᠠᠢ ᠬᠥᠮᠥᠰ ᠰᠤᠷᠤᠯᠴᠠᠯᠭ᠎ᠠ ᠳᠤ ᠣᠷᠣᠯᠴᠠᠵᠠᠢ᠃ ᠪᠤᠯᠪᠠᠰᠤᠷᠠᠯ ᠲᠡᠭᠡᠷ᠎ᠡ᠂ ᠴᠠᠢ ᠶᠢᠨ ᠤᠷᠠᠯᠢᠭ ᠤᠨ ᠪᠠᠭᠰᠢ ᠠᠴᠠ ᠴᠠᠢ ᠶᠢᠨ ᠡᠭᠦᠰᠦᠯ ᠪᠠ ᠠᠰᠢᠭᠯᠠᠯᠲᠠ᠂ ᠴᠠᠢ ᠶᠢᠨ ᠠᠩᠭᠢᠯᠠᠯ᠂ ᠴᠠᠢ ᠶᠢᠨ ᠬᠡᠷᠡᠭᠰᠡᠯ ᠤᠨ ᠲᠤᠬᠠᠢ ᠮᠡᠳᠡᠯᠭᠡ᠂ ᠴᠠᠢ ᠶᠢᠨ ᠰᠣᠶᠣᠯ ᠪᠠ ᠴᠠᠢ ᠶᠢᠨ ᠶᠣᠰᠣ ᠵᠢᠷᠤᠮ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠣᠯᠠᠨ ᠳᠤ ᠲᠠᠶᠢᠯᠪᠤᠷᠢᠯᠠᠨ ᠥᠭᠴᠦ ᠴᠠᠢ ᠶᠢᠨ ᠰᠣᠶᠣᠯ ᠤᠨ ᠲᠤᠬᠠᠢ ᠠᠩᠬ᠎ᠠ ᠠᠯᠬᠤᠮ ᠤᠨ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠠᠢ᠃ 
4.jpg
3.jpg
      ᠦᠢᠯᠡᠳᠦᠯᠭᠡᠵᠢᠭᠦᠯᠬᠦ ᠶᠠᠪᠤᠴᠠ ᠳᠤ᠂ ᠪᠠᠭᠰᠢ ᠠᠴᠠ ᠠᠳᠠᠯᠢ ᠪᠤᠰᠤ ᠴᠠᠢ ᠳᠤ ᠠᠳᠠᠯᠢ ᠪᠤᠰᠤ ᠶᠢᠨ ᠳᠡᠪᠲᠦᠭᠡᠬᠦ ᠠᠷᠭ᠎ᠠ ᠲᠠᠢ ᠶᠢ ᠶᠠᠷᠢᠵᠦ᠂ ᠪᠤᠯᠪᠠᠰᠣᠷᠠᠯ  ᠳᠤ ᠣᠷᠣᠯᠴᠠᠭᠰᠠᠳ ᠥᠪᠡᠷ ᠢᠶᠠᠨ ᠭᠠᠷ ᠬᠥᠳᠡᠯᠵᠦ ᠪᠠᠭᠰᠢ ᠶᠢᠨ ᠵᠢᠭᠠᠭᠰᠠᠨ ᠠᠯᠬᠤᠮ ᠲᠠᠷᠠᠭ᠎ᠠ ᠪᠠᠷ ᠠᠵᠢᠯᠯᠠᠵᠤ ᠴᠣᠮᠣ ᠬᠠᠯᠠᠭᠠᠬᠤ᠂ ᠠᠩᠬᠢᠯᠤᠮ᠎ᠠ ᠦᠨᠦᠷ ᠢ ᠦᠨᠦᠷᠯᠡᠬᠦ᠂ ᠤᠰᠤᠨ ᠳᠤ ᠳᠡᠪᠲᠦᠭᠡᠬᠦ ᠠᠴᠠ ᠴᠠᠢ ᠤᠤᠭᠤᠬᠤ ᠶᠠᠪᠤᠴᠠ ᠬᠦᠷᠲᠡᠯ᠎ᠡ ᠳᠠᠬᠢᠨ ᠳᠠᠪᠲᠠᠨ ᠪᠣᠯᠪᠠᠰᠤᠷᠠᠵᠤ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠪᠠᠶᠢᠯ᠎ᠠ᠃       ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ ᠰᠤᠷᠤᠭᠴᠢᠳ ᠥᠪᠡᠷ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠴᠠᠢ ᠠᠮᠲᠠᠯᠠᠬᠤ ᠬᠠᠪᠤ ᠴᠡᠩᠭᠡᠯ ᠢ ᠣᠶᠢᠯᠠᠭᠠᠵᠤ ᠴᠠᠢ ᠶᠢᠨ ᠰᠣᠶᠣᠯ ᠤᠨ ᠷᠢᠳᠢ ᠰᠢᠳᠢ ᠶᠢ ᠮᠡᠳᠡᠷᠡᠨ ᠥᠷᠭᠡᠨ ᠣᠯᠠᠨ ᠠᠷᠠᠳ ᠠᠴᠠ ᠡᠵᠡᠩᠨᠡᠭᠰᠠᠨ ᠠᠵᠤ ᠠᠬᠤᠶᠢᠯᠠᠯᠲᠠᠨ ᠪᠠ ᠠᠵᠢᠯᠲᠠᠨ ᠠᠵᠢᠯᠴᠢᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠲᠠᠢ ᠪᠣᠯᠭᠠᠵᠤ ᠡᠷᠬᠢᠮᠰᠦᠭ ᠰᠠᠶᠢᠬᠠᠨ ᠣᠶᠤᠨ ᠰᠠᠨᠠᠭᠠᠨ ᠤ ᠬᠥᠭᠡᠭᠡᠴᠡᠯᠳᠦᠯ ᠢ ᠡᠷᠢᠯᠬᠢᠯᠡᠭᠰᠡᠨ ᠪᠠᠶᠢᠨ᠎ᠠ᠃                                      ᠰᠤᠷᠪᠤᠯᠵᠢᠯᠠᠭᠴᠢ᠄ ᠰᠣᠯᠣᠩᠭ᠎ᠠ᠂ ᠶᠠᠨ ᠸᠧᠢ᠂ ᠷᠧᠨ ᠰᠢᠤᠸᠠᠨ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ