ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ | ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ᠡᠬᠡ ᠪᠠᠶᠢᠭᠠᠯᠢ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ ᠶᠢᠨ ᠦᠨᠳᠦᠰᠦᠨ ᠨᠥᠬᠦᠴᠡᠯ ᠮᠥᠨ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠬᠥᠮᠥᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ ᠰᠦᠪᠡᠭᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠡᠬᠢ ᠪᠠᠶᠠᠯᠢᠭ | ᠣᠷᠴᠢᠨ ᠲᠣᠭᠤᠷᠢᠨ ᠤ ᠳᠠᠭᠠᠭᠠᠴᠠ ᠪᠠᠷ ᠤᠷᠢᠲᠠᠯ ᠪᠠ ᠰᠠᠭᠤᠷᠢ ᠪᠤᠯᠭᠠᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ | ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ | ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ | ᠪᠦᠷᠢᠯᠳᠦᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠥᠷᠭᠡᠨ ᠠᠭᠤᠳᠠᠮ ᠠᠯᠤᠰ | ᠢᠷᠡᠭᠡᠳᠦᠢ ᠶᠢ ᠨᠡᠭᠡᠭᠡᠪᠡ᠃ ᠰᠢ ᠶᠢᠨ ᠫᠢᠩ ᠨᠥᠬᠦᠷ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ | ᠥᠭᠦᠯᠡᠯᠲᠡ ᠨᠢ ᠤᠳᠬ᠎ᠠ ᠰᠠᠨᠠᠭ᠎ᠠ ᠠᠯᠤᠰ ᠭᠡᠲᠦ ᠶᠢᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠰᠢᠨ᠎ᠡ ᠴᠠᠭ | ᠦᠶ᠎ᠡ ᠰᠢᠨ᠎ᠡ ᠠᠶᠠᠨ ᠳᠤ ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢᠨ | ᠬᠠᠷᠢᠯᠴᠠᠨ ᠵᠣᠬᠢᠴᠠᠯᠳᠤᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠳᠦᠷᠢᠮ ᠪᠠ | ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠨ ᠲᠤᠯᠭᠠᠭᠤᠷᠢᠯᠠᠵᠤ᠂ | ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ︽ᠥᠭᠦᠯᠡᠯᠲᠡ ᠶᠢᠨ ᠲᠡᠭᠦᠪᠦᠷᠢ︾ ᠨᠢ 8 ᠲᠤᠰᠬᠠᠢ ᠰᠡᠳᠦᠪ ᠬᠤᠪᠢᠶᠠᠵᠤ᠂ ᠨᠡᠶᠢᠳᠡ 286 ᠬᠡᠰᠡᠭ ᠥᠭᠦᠯᠡᠯᠲᠡ ᠪᠠᠷ ᠪᠦᠷᠢᠯᠳᠦᠵᠦ᠂ ᠰᠢ ᠶᠢᠨ ᠫᠢᠩ | ᠨᠥᠬᠦᠷ ᠤᠨ 2012 ᠣᠨ ᠤ 12 ᠰᠠᠷ᠎ᠠ ᠠᠴᠠ 2024 ᠣᠨ ᠤ 10 ᠰᠠᠷ᠎ᠠ ᠪᠤᠯᠲᠠᠯᠠᠭᠢ ᠬᠤᠭᠤᠴᠠᠭᠠᠨ ᠤ ᠮᠡᠳᠡᠭᠦᠯᠦᠯᠲᠡ᠂ ᠶᠠᠷᠢᠶ᠎ᠠ᠂ ᠲᠣᠳᠣᠷᠬᠠᠶᠢᠯᠠᠯᠲᠠ᠂ | ᠪᠠᠶᠠᠷ ᠤᠨ ᠵᠠᠬᠢᠳᠠᠯ᠂ ᠵᠢᠭᠠᠪᠤᠷᠢ ᠵᠡᠷᠭᠡ 150 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ | ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ |