ᠦᠦᠰᠢᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠡᠷᠡᠭᠦᠯᠭᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/11/14
      11 ᠰᠠᠷ᠎ᠠ ᠶᠢᠨ 11 ᠤ ᠡᠳᠦᠷ᠂ ᠦᠦᠰᠢᠨ ᠬᠤᠰᠢᠭᠤᠨ ᠤ ︽ᠲᠣᠭᠠᠴᠢᠯᠠᠭᠰᠠᠨ ᠴᠢᠳᠠᠪᠤᠷᠢ ᠪᠠᠷ ᠬᠥᠳᠡᠭᠡ ᠳᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠴᠢᠯᠡᠬᠦ︾ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠵᠧᠵᠢᠶᠠᠩ ᠮᠤᠵᠢ ᠶᠢᠨ ᠬᠠᠩᠵᠧᠦ ᠬᠤᠲᠠ ᠳᠤ ᠬᠢᠴᠢᠶᠡᠯ ᠡᠬᠢᠯᠡᠪᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ᠂ ᠦᠦᠰᠢᠨ ᠬᠤᠰᠢᠭᠤᠨ ᠤ ᠤᠯᠠᠭᠠᠨᠮᠥ᠋ᠴᠢᠷ᠂ ᠦᠦᠰᠢᠨ ᠬᠤᠰᠢᠭᠤᠨ ᠤ ᠰᠢᠷᠠᠤ᠋ᠰᠤ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠵᠡᠷᠭᠡ ᠬᠠᠮᠢᠶ᠎ᠠ ᠪᠦᠬᠦᠢ ᠠᠵᠢᠯ ᠲᠦᠷᠤᠯ ᠤᠨ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤ ᠶᠢᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠠᠵᠢᠯᠲᠠᠨ᠂ ᠬᠤᠲᠠ ᠬᠤᠰᠢᠭᠤ ᠬᠤᠶᠠᠷ ᠱᠠᠲᠤᠨ ᠤ ᠲᠣᠰᠬᠤᠨ ᠳᠤ ᠰᠠᠭᠤᠭ᠎ᠠ ᠺᠠᠳ᠋ᠷ ᠵᠡᠷᠭᠡ 50 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃
1.jpg
2.jpg
      ᠲᠣᠰ ᠤᠳᠠᠭᠠᠨ ᠤ ᠪᠣᠯᠪᠠᠰᠤᠷᠠᠯ ᠨᠢ 5 ᠡᠳᠦᠷ ᠶᠠᠪᠤᠭᠳᠠᠬᠤ ᠪᠠᠷ ᠪᠠᠶᠢᠵᠤ᠂ ᠵᠧᠵᠢᠶᠠᠩ ᠮᠤᠵᠢ ᠶᠢᠨ ᠬᠠᠩᠵᠧᠦ ᠬᠤᠲᠠ ᠳᠤ᠂ ᠱᠣᠣᠰᠢᠩ ᠬᠤᠲᠠ ᠶᠢᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠡᠷᠢᠭᠦᠨ ᠤ ᠭᠠᠵᠠᠷ ᠣᠷᠣᠨ ᠳᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ᠂ ᠰᠢᠭᠤᠳ ᠨᠡᠪᠲᠡᠷᠡᠭᠦᠯᠭᠡ ᠶᠢᠨ ᠲᠠᠰᠤᠭ ᠤᠨ ᠪᠥᠬᠦ ᠶᠠᠪᠤᠴᠠ ᠶᠢᠨ ᠡᠵᠡᠩᠨᠡᠯᠲᠡ᠂ ᠣᠬᠤᠷ ᠵᠦᠴᠦᠭᠡ ᠶᠢᠨ ᠵᠣᠬᠢᠶᠠᠨ ᠪᠦᠲᠦᠭᠡᠯᠭᠡ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠢ ᠰᠡᠳᠦᠪᠲᠦ ᠵᠢᠭᠠᠨ ᠰᠤᠷᠭᠠᠯᠲᠠ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ᠂ ᠪᠣᠯᠪᠠᠰᠤᠷᠠᠯ ᠰᠣᠷᠢᠯᠲᠠ ᠶᠢ ᠤᠶᠠᠯᠳᠤᠭᠤᠯᠤᠨ᠎ᠠ᠃ 
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ