ᠰᠤᠷᠤᠭᠴᠢᠳ ᠤᠨ ᠥᠪᠡᠷᠮᠢᠴᠡ ᠰᠤᠷᠤᠯᠴᠠᠯᠭ᠎ᠠ ᠪᠠ ᠣᠯᠠᠨ ᠡᠰᠢᠵᠢᠭᠰᠡᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠴᠠᠭ ᠦᠶ᠎ᠡ ᠶᠢᠨ | ᠬᠥᠭᠵᠢᠯᠲᠡ ᠶᠢᠨ ᠬᠡᠷᠡᠭᠴᠡᠭᠡ ᠳᠤ ᠨᠠᠩ ᠰᠠᠶᠢᠨ ᠵᠣᠬᠢᠴᠠᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠨᠢ ︽ | ᠬᠥᠮᠦᠨ ᠪᠣᠯᠬᠤ ᠶᠢ ᠰᠣᠷᠣᠯᠴᠠᠬᠤ᠂ ᠰᠢᠨ᠎ᠡ ᠶᠢ ᠡᠭᠦᠳᠬᠦ ᠶᠢ ᠰᠤᠷᠤᠯᠴᠠᠬᠤ︾ ᠣᠶᠢᠯᠠᠭᠠᠭᠳᠠᠬᠤᠨ ᠤ ᠳᠠᠭᠠᠭᠤᠯᠭ᠎ᠠ ᠳᠣᠤᠷ᠎ᠠ᠂ ᠰᠤᠷᠭᠠᠭᠤᠯᠢ ᠶᠢᠨ | ᠳᠣᠲᠣᠭᠠᠳᠤ ᠶᠢᠨ ᠡᠬᠢ ᠪᠠᠶᠠᠯᠢᠭ ᠢ ᠭᠦᠢᠴᠡᠳ ᠠᠭᠤᠲᠠᠯᠠᠨ ᠬᠢᠴᠢᠶᠡᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ 13 ᠲᠥᠷᠥᠯ ᠤᠨ | ᠨᠡᠶᠢᠬᠡᠮᠯᠢᠭ ᠤᠨ ᠬᠢᠴᠢᠶᠡᠯ ᠢ ᠲᠣᠬᠢᠷᠠᠭᠤᠯᠵᠤ᠂ ᠡᠭᠦᠨ ᠳᠤ ᠨᠠᠶᠢᠷᠠᠯ ᠳᠠᠭᠤᠤ ᠶᠢᠨ ᠨᠡᠶᠢᠬᠡᠮᠯᠢᠭ ᠪᠠ IT ᠨᠡᠶᠢᠬᠡᠮᠯᠢᠭ ᠨᠢ ᠣᠯᠠᠨ ᠨᠡᠶᠢᠭᠡᠮᠯᠢᠭ ᠤᠨ ᠳᠤᠮᠳᠠ ᠠᠴᠠ | ᠴᠣᠯᠭᠤᠷᠠᠨ ᠭᠠᠷᠴᠤ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠷ ᠶᠡᠭᠡ ᠣᠨᠴᠠᠯᠢᠭ ᠪᠣᠯᠤᠭᠰᠠᠨ ᠪᠠᠶᠢᠨ᠎ᠠ᠃ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠶᠢᠷᠠᠯ ᠳᠠᠭᠤᠤ ᠶᠢᠨ ᠨᠡᠶᠢᠬᠡᠮᠯᠢᠭ ᠤᠨ ᠪᠣᠯᠪᠠᠰᠤᠷᠠᠯ ᠤᠨ ᠲᠠᠰᠤᠭ ᠲᠤ᠂ ᠪᠠᠭᠰᠢ ᠶᠢᠨ ᠲᠡᠭᠦᠯᠳᠡᠷ | ᠬᠤᠭᠤᠷ ᠤᠨ ᠬᠦᠭᠵᠢᠮ ᠤᠨ ᠬᠠᠪᠰᠤᠷᠤᠯ ᠠᠶ᠎ᠠ ᠳᠣᠤᠷ᠎ᠠ᠂ ᠰᠤᠷᠤᠭᠴᠢᠳ ᠬᠡᠳᠦᠨ ᠪᠥᠯᠥᠭ ᠪᠣᠯᠣᠨ ᠬᠤᠪᠢᠶᠠᠭᠳᠠᠵᠤ᠂ ᠠᠳᠠᠯᠢ ᠪᠤᠰᠤ ᠬᠥᠭ ᠠᠶᠠᠰ ᠢᠶᠠᠷ | ᠳᠠᠭᠤᠤ ᠪᠠᠨ ᠪᠣᠯᠪᠠᠰᠤᠷᠠᠵᠤ ᠪᠠᠶᠢᠯ᠎ᠠ᠃ ᠨᠠᠶᠢᠷᠠᠯ ᠳᠠᠭᠤᠤ ᠶᠢᠨ ᠨᠡᠶᠢᠬᠡᠮᠯᠢᠭ ᠨᠢ ᠰᠤᠷᠤᠭᠴᠢᠳ ᠤᠨ ᠨᠠᠶᠢᠷᠠᠯ ᠳᠠᠭᠤᠤ ᠶᠢᠨ ᠳᠤᠷ᠎ᠠ ᠰᠣᠨᠢᠷᠬᠠᠯ ᠢ ᠬᠥᠮᠦᠵᠢᠭᠦᠯᠵᠦ | ᠂ ᠳᠠᠭᠤᠤ ᠳᠠᠭᠤᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠬᠠᠷᠢᠯᠴᠠᠨ ᠬᠠᠮᠲᠤᠷᠠᠯᠴᠠᠬᠤ ᠳᠤᠮᠳᠠ ᠪᠦᠯᠬᠦᠮ ᠨᠡᠶᠢᠲᠡ ᠶᠢᠨ ᠬᠠᠮᠵᠢᠯᠴᠠᠬᠤ | ᠴᠢᠳᠠᠪᠤᠷᠢ ᠶᠢ ᠳᠡᠭᠡᠭᠰᠢᠯᠡᠭᠦᠯᠦᠨ ᠰᠠᠶᠢᠨ ᠰᠠᠶᠢᠬᠠᠨ ᠬᠠᠮᠲᠤ ᠶᠢᠨ ᠤᠬᠠᠮᠰᠠᠷ ᠢ ᠪᠤᠢ ᠪᠣᠯᠭᠠᠵᠤ ᠴᠢᠳᠠᠭᠰᠠᠨ ᠪᠠᠶᠢᠨ᠎ᠠ᠃ ᠨᠠᠶᠢᠷᠠᠯ ᠳᠠᠭᠤᠤ ᠶᠢᠨ ᠨᠡᠶᠢᠬᠡᠮᠯᠢᠭ ᠨᠢ | ᠭᠠᠷᠠᠭ ᠪᠦᠷᠢ ᠲᠠᠰᠤᠷᠠᠯᠲᠠ ᠦᠭᠡᠢ ᠪᠣᠯᠪᠠᠰᠤᠷᠠᠯ ᠬᠢᠬᠦ ᠶᠢ ᠪᠠᠷᠢᠮᠲᠠᠯᠠᠬᠤ ᠶᠢᠨ ᠬᠠᠮᠲᠤ᠂ ᠦᠷᠭᠦᠯᠵᠢ ᠰᠢᠨ᠎ᠡ ᠵᠢᠯ ᠢ ᠤᠭᠲᠤᠬᠤ ᠦᠳᠡᠰᠢᠯᠡᠭᠡ᠂ ᠲᠡᠭᠦᠰᠬᠦ | ᠶᠣᠰᠣᠯᠠᠯ᠂ ᠰᠢᠨ᠎ᠡ ᠵᠢᠯ ᠤᠨ ᠳᠠᠭᠤᠤ ᠬᠥᠭᠵᠢᠮ ᠤᠨ ᠴᠤᠭᠯᠠᠭᠠᠨ ᠵᠡᠷᠭᠡ ᠰᠤᠷᠭᠠᠭᠤᠯᠢ ᠶᠢᠨ ᠳᠣᠲᠣᠨ᠎ᠠ ᠭᠠᠳᠠᠨᠠᠬᠢ ᠤᠯᠠᠨ ᠵᠦᠢᠯ ᠤᠨ ᠲᠣᠭᠯᠠᠯᠲᠠ ᠳᠤ | ᠢᠳᠡᠪᠬᠢᠲᠡᠢ ᠣᠷᠣᠯᠴᠠᠳᠠᠭ ᠪᠠᠶᠢᠨ᠎ᠠ᠃ | IT ᠨᠡᠶᠢᠬᠡᠮᠯᠢᠭ ᠤᠨ ᠬᠢᠴᠢᠶᠡᠯ ᠤᠨ ᠭᠡᠷ ᠲᠤ᠂ ᠠᠷᠪᠠᠨ ᠬᠡᠳᠦᠨ ᠰᠣᠷᠣᠭᠴᠢ ᠶᠠᠭ ᠮᠠᠰᠢᠨ ᠬᠥᠮᠥᠨ ᠤ ᠬᠡᠪ ᠪᠥᠷᠢᠯᠳᠦᠬᠦ ᠶᠢ ᠨᠠᠷᠢᠨ ᠬᠢᠨᠠᠮᠠᠭᠠᠢ | ᠰᠤᠷᠤᠯᠴᠠᠵᠤ ᠪᠠᠶᠢᠯ᠎ᠠ᠃ IT ᠨᠡᠶᠢᠬᠡᠮᠯᠢᠭ ᠨᠢ ᠰᠤᠷᠤᠭᠴᠢᠳ ᠤᠨ ᠺᠣᠮᠫᠢᠦ᠋ᠲ᠋ᠧᠷ ᠤᠨ ᠤᠬᠠᠮᠰᠠᠷ ᠢ ᠬᠥᠮᠥᠵᠢᠭᠦᠯᠬᠦ᠂ ᠰᠡᠳᠬᠢᠬᠦᠶ ᠶᠢ ᠬᠥᠭᠵᠢᠭᠦᠯᠬᠦ᠂ | ᠰᠤᠷᠤᠭᠴᠢᠳ ᠤᠨ ᠵᠠᠳᠠᠯᠵᠤ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠰᠠᠭᠤᠳᠠᠯ ᠢ ᠰᠢᠢᠳᠪᠦᠷᠢᠯᠡᠬᠦ ᠵᠡᠷᠭᠡ ᠴᠢᠳᠠᠪᠤᠷᠢ ᠳᠤ ᠯᠤᠲᠤ ᠶᠡᠭᠡ ᠦᠢᠯᠡᠳᠦᠯ | ᠦᠵᠡᠭᠦᠯᠵᠦ᠂ ᠰᠤᠷᠤᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠭᠰᠠᠨ ᠪᠠᠶᠢᠨ᠎ᠠ᠃ ᠰᠤᠷᠤᠯᠴᠠᠯᠭ᠎ᠠ ᠪᠠ ᠦᠢᠯᠡᠳᠦᠯᠭᠡ ᠶᠢᠨ ᠶᠠᠪᠤᠴᠠ ᠳᠤ᠂ ᠰᠤᠷᠤᠭᠴᠢᠳ | ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠮᠡᠷᠭᠡᠵᠢᠯ ᠢ ᠨᠡᠩ ᠭᠦᠨ ᠳᠠᠪᠬᠤᠷᠭ᠎ᠠ ᠠᠴᠠ ᠡᠵᠡᠮᠰᠢᠵᠦ᠂ | ᠲᠡᠳᠡᠨ ᠤ ᠢᠷᠡᠭᠡᠳᠦᠢ ᠶᠢᠨ ᠬᠠᠷᠠᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ | ᠸᠠᠩ ᠵᠢᠶᠠ ᠫᠠᠨ ᠰᠣᠷᠪᠤᠯᠵᠢᠯᠠᠭᠴᠢ ᠳᠤ ᠶᠠᠷᠢᠬᠤ ᠳᠠᠭᠠᠨ᠄ ︽ᠣᠳᠣᠬᠠᠨ ᠳᠤ ᠮᠠᠨ ᠤ ᠰᠤᠷᠭᠠᠭᠤᠯᠢ 13 ᠲᠥᠷᠥᠯ ᠤᠨ ᠬᠢᠴᠢᠶᠡᠯ ᠢ ᠡᠷᠬᠢᠯᠡᠵᠦ ᠪᠤᠢ᠃ ᠢᠷᠡᠬᠦ | ᠵᠢᠯ ᠮᠠᠨ ᠤ ᠰᠤᠷᠭᠠᠭᠤᠯᠢ 30 ᠬᠢᠴᠢᠶᠡᠯ ᠲᠦᠷᠦᠯ ᠡᠷᠬᠢᠯᠡᠨ ᠨᠡᠭᠡᠭᠡᠬᠦ ᠪᠠᠷ ᠲᠦᠯᠦᠪᠯᠡᠵᠦ᠂ ᠰᠤᠷᠤᠭᠴᠢᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ᠂ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠥᠮᠦᠵᠢᠯ᠂ ᠠᠮᠢᠳᠤᠷᠠᠯ ᠵᠢᠴᠢ ᠰᠢᠨᠵᠢᠯᠡᠭᠡᠨ ᠤ ᠲᠥᠷᠥᠯ | ᠪᠣᠯᠤᠨ ᠰᠢᠨ᠎ᠡ ᠶᠢ ᠡᠭᠦᠳᠬᠦ ᠲᠥᠷᠥᠯ ᠵᠡᠷᠭᠡ ᠪᠦᠬᠦ ᠲᠠᠯ᠎ᠠ ᠶᠢ ᠬᠠᠮᠤᠷᠴᠤ᠂ ᠲᠡᠷᠢᠭᠦᠨ ᠤ ᠰᠣᠳᠣᠨ ᠬᠢᠴᠢᠶᠡᠯ ᠢ ᠣᠷᠣᠭᠤᠯᠬᠤ ᠪᠣᠯᠤᠨ᠎ᠠ︾ ᠭᠡᠵᠤ ᠪᠠᠶᠢᠯ᠎ᠠ᠃ | | | ᠰᠣᠷᠪᠤᠯᠵᠢᠯᠠᠭᠴᠢ᠄ ᠠᠯᠤᠰ᠂ ᠹᠧᠩ ᠵᠢᠩ ᠵᠢᠩ᠂ ᠴᠧᠨ ᠸᠧᠢ |