ᠣᠷᠳᠣᠰ ᠬᠤᠲᠠ ᠶᠢᠨ ᠷᠦᠩ ᠬᠤᠩ ᠱᠧᠩ ᠷᠦᠢ ᠡᠨᠧᠷᠭᠢ ᠶᠢᠨ ᠬᠢᠵᠠᠭᠠᠷᠲᠤ ᠺᠣᠮᠫᠠᠨᠢ
ᠨᠡᠶᠢᠲᠡᠯᠡᠭᠰᠡᠨ ᠴᠠᠭ᠄
2024/11/15
      ᠣᠷᠳᠣᠰ ᠬᠤᠲᠠ ᠶᠢᠨ ᠷᠦᠩ ᠬᠤᠩ ᠱᠧᠩ ᠷᠦᠢ ᠡᠨᠧᠷᠭᠢ ᠶᠢᠨ ᠬᠢᠵᠠᠭᠠᠷᠲᠤ ᠺᠣᠮᠫᠠᠨᠢ 2017 ᠣᠨ ᠤ 2 ᠳ᠋ᠤᠭᠠᠷ ᠰᠠᠷ᠎ᠠ ᠳᠤ ᠳᠠᠩᠰᠠᠯᠠᠭᠤᠯᠤᠨ ᠪᠠᠶᠢᠭᠤᠯᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠦᠦᠰᠢᠨ ᠬᠤᠰᠢᠭᠤᠨ ᠤ ᠤᠯᠠᠭᠠᠨᠲᠣᠯᠣᠭᠠᠢ ᠪᠠᠯᠭᠠᠰᠤᠨ ᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠪᠠᠶᠢᠷᠢᠯᠠᠵᠤ᠂ ᠺᠣᠮᠫᠠᠨᠢ ᠨᠢ ᠥᠪᠥᠷ ᠮᠣᠩᠭᠤᠯ ᠤᠨ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠶᠠᠳᠤᠭᠠᠷ ᠰᠢᠢᠳᠪᠦᠷᠢᠯᠡᠬᠦ ᠦᠢᠯᠡᠳᠪᠦᠷᠢ ᠪᠠᠷ ᠪᠠᠶᠢᠭᠠᠯᠢ ᠶᠢᠨ ᠰᠢᠲᠠᠮᠠᠬᠠᠢ ᠬᠡᠢ ᠶᠢᠨ ᠢᠷᠡᠯᠳᠡ ᠪᠣᠯᠭᠠᠵᠤ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠯᠠᠭᠠᠨᠲᠣᠯᠣᠭᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠲᠤ ᠵᠢᠯ ᠤᠨ 40 ᠲᠦᠮᠡᠨ ᠲᠣᠨ ᠤ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠲᠥᠷᠥᠯ ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠪᠠᠷᠤᠭᠴᠠᠭᠠᠯᠠᠨ ᠪᠤᠳᠤᠪᠠᠯ ᠶᠡᠷᠦᠩᠬᠡᠢ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ  ᠪᠠᠶᠢᠨ᠎ᠠ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠡᠳᠦᠷ ᠪᠦᠷᠢ ᠲᠦᠭᠦᠬᠡᠶ ᠮᠠᠲ᠋ᠧᠷᠢᠶᠠᠯ ᠤᠨ ᠬᠡᠢ ᠶᠢ 200 × 104 ᠺᠦᠪ ᠮᠧᠲᠷ ᠰᠢᠢᠳᠪᠦᠷᠢᠯᠡᠵᠤ᠂ ᠦᠦᠰᠢᠨ ᠬᠤᠰᠢᠭᠤᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠪᠠᠷᠤᠭ ᠡᠳᠦᠷ ᠤᠨ 1300 ᠲᠣᠨ ᠤ ᠴᠡᠪᠡᠷ ᠡᠨᠧᠷᠭᠢ ᠶᠢᠨ LNG ᠢ ᠦᠷᠭᠦᠯᠵᠢᠯᠡᠨ ᠬᠠᠩᠭᠠᠬᠤ ᠶᠢᠨ ᠬᠠᠮᠲᠤ ᠦᠦᠰᠢᠨ ᠬᠤᠰᠢᠭᠤ ᠵᠢᠴᠢ ᠡᠷᠬᠢᠨ ᠲᠣᠭᠤᠷᠢᠨ ᠤ ᠬᠤᠲᠠ ᠶᠢᠨ ᠰᠠᠭᠤᠭᠠᠯᠢ ᠠᠷᠠᠳ ᠤᠨ ᠬᠡᠢ ᠬᠡᠷᠡᠭᠯᠡᠬᠦ ᠤᠷᠬᠢᠯ ᠬᠤᠭᠤᠴᠠᠭᠠᠨ ᠤ ᠬᠡᠢ ᠶᠢᠨ ᠬᠡᠮᠵᠢᠶ᠎ᠡ ᠶᠢ ᠳᠤᠬᠢᠷᠠᠭᠤᠯᠤᠨ ᠨᠦᠬᠦᠪᠦᠷᠢᠯᠡᠵᠤ᠂ ᠣᠷᠳᠣᠰ ᠵᠢᠴᠢ ᠲᠡᠭᠦᠨ ᠤ ᠡᠷᠬᠢᠨ ᠲᠣᠭᠤᠷᠢᠨ ᠤ ᠬᠡᠶ ᠬᠡᠷᠡᠭᠯᠡᠬᠦ ᠠᠮᠤᠷ ᠲᠦᠪᠰᠢᠨ ᠴᠢᠨᠠᠷ ᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ ᠣᠳᠣᠬᠠᠨ ᠳᠤ᠂ ᠲᠥᠷᠥᠯ ᠵᠦᠢᠯ ᠢ ᠶᠠᠭ ᠱᠠᠯᠠᠪᠳᠠᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠲᠥᠯᠥᠪᠯᠡᠵᠦ ᠪᠠᠶᠢᠨ᠎ᠠ᠃
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ