ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ︽ᠬᠤᠶᠠᠷ ᠢ ᠬᠦᠩᠭᠡᠷᠡᠬᠦᠯᠬᠦ︾ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ | ᠰᠤᠷᠤᠭᠴᠢᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠣᠨᠴᠠᠯᠢᠭ᠂ ᠲᠠᠮᠢᠷ ᠤᠨ ᠬᠥᠳᠡᠯᠭᠡᠭᠡᠨ ᠳᠤ ᠣᠷᠣᠯᠴᠠᠬᠤ ᠪᠠᠶᠢᠳᠠᠯ ᠳᠤ ᠰᠠᠭᠤᠷᠢᠯᠠᠨ | ᠰᠤᠷᠤᠭᠴᠢᠳ ᠤᠨ ᠳᠤᠷ᠎ᠠ ᠪᠠᠬ᠎ᠠ ᠵᠢᠴᠢ ᠰᠤᠷᠭᠠᠭᠤᠯᠢ ᠶᠢᠨ ᠪᠣᠳᠠᠲᠤ ᠪᠠᠶᠢᠳᠠᠯ ᠢ ᠦᠨᠳᠦᠰᠦᠯᠡᠵᠤ ᠰᠤᠷᠤᠭᠴᠢᠳ ᠢ ᠬᠢᠴᠢᠶᠡᠯ ᠤᠨ ᠵᠠᠪᠰᠠᠷᠯᠠᠭ᠎ᠠ ᠳᠤ ᠠᠩᠭᠢ ᠶᠢᠨ | ᠬᠡᠷ ᠠᠴᠠ ᠭᠠᠷᠬᠤ ᠶᠢ ᠰᠠᠨᠠᠭᠠᠴᠢᠯᠠᠨ ᠲᠡᠳᠡᠨ ᠳᠤ ᠪᠣᠯᠪᠠᠰᠤᠨ ᠠᠮᠤᠷ ᠲᠦᠪᠰᠢᠨ᠂ ᠡᠷᠡᠭᠦᠯ ᠰᠠᠶᠢᠬᠠᠨ᠂ ᠪᠠᠶᠠᠷ ᠪᠠᠶᠠᠰᠤᠯᠲᠦ ᠰᠤᠷᠭᠠᠭᠤᠯᠢ ᠶᠢᠨ ᠬᠦᠷᠢᠶᠡᠨ ᠤ | ᠠᠮᠢᠳᠤᠷᠠᠯ ᠢ ᠡᠳ᠋ᠯᠡᠭᠦᠯᠵᠦ ᠪᠤᠢ᠃ | ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ | ᠰᠤᠷᠤᠭᠴᠢᠳ ᠲᠤ ᠬᠦᠢᠴᠡᠳ ᠠᠰᠢᠭᠯᠠᠭᠤᠯᠬᠤ ᠶᠢᠨ ᠡᠭᠦᠳᠡᠨ ᠠᠴᠠ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠢᠨ ᠪᠤᠳᠠᠲᠦ ᠪᠠᠶᠢᠳᠠᠯ ᠳᠠᠭᠠᠨ | ᠦᠨᠳᠦᠰᠦᠯᠡᠵᠤ ᠪᠡᠶ᠎ᠡ ᠶᠢᠨ ᠲᠠᠮᠢᠷ ᠤᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠶ᠂ ᠴᠡᠴᠡᠷᠯᠢᠭ ᠵᠡᠷᠭᠡ ᠣᠷᠣᠨ ᠵᠠᠶ ᠶᠢ ᠭᠦᠢᠴᠡᠳ ᠠᠰᠢᠭᠯᠠᠨ ᠬᠥᠳᠡᠯᠭᠡᠭᠡᠨ ᠤ | ᠲᠠᠯᠠᠪᠤᠷ ᠢ ᠭᠠᠷᠭᠠᠨ᠂ ᠬᠥᠳᠡᠯᠭᠡᠭᠡᠨ ᠤ ᠪᠠᠭᠠᠵᠢ ᠬᠡᠷᠡᠭᠰᠡᠯ ᠢ ᠨᠡᠮᠡᠨ ᠤᠭᠰᠠᠷᠠᠵᠤ᠂ ᠬᠡᠦᠬᠡᠳ ᠤᠳ ᠲᠤ ᠲᠠᠭᠠᠯᠠᠮᠵᠢᠲᠠᠶ᠂ ᠠᠮᠤᠷ ᠲᠦᠪᠰᠢᠨ᠂ ᠡᠯᠪᠡᠭ ᠪᠠᠶᠠᠯᠢᠭ | ᠬᠥᠳᠡᠯᠭᠡᠭᠡᠨ ᠤ ᠣᠷᠣᠨ ᠵᠠᠶ ᠣᠯᠭᠤᠭᠰᠠᠨ ᠪᠠᠶᠢᠨ᠎ᠠ᠃ ᠡᠭᠦᠨ ᠤ ᠬᠠᠮᠲᠦ ᠡᠯ᠎ᠡ ᠲᠦᠷᠦᠯ ᠤᠨ ᠣᠨᠴᠠᠯᠢᠭᠲᠤ ᠲᠠᠮᠢᠷ ᠤᠨ ᠪᠤᠯᠪᠠᠰᠤᠷᠠᠯ ᠤᠨ ᠠᠩᠭᠢ ᠶᠢ ᠵᠣᠬᠢᠶᠠᠨ | ᠪᠠᠶᠢᠭᠤᠯᠵᠤ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ ᠲᠡᠳᠡᠨ ᠳᠤ ᠪᠠᠶᠠᠰᠦᠯᠲᠦ ᠰᠤᠷᠭᠠᠭᠤᠯᠢ ᠶᠢᠨ ᠬᠦᠷᠢᠶᠡᠨ ᠤ | ᠠᠮᠢᠳᠤᠷᠠᠯ ᠢ ᠡᠳ᠋ᠯᠡᠭᠦᠯᠵᠤ ᠰᠤᠷᠭᠠᠭᠤᠯᠢ ᠶᠢᠨ ᠬᠦᠷᠢᠶ᠎ᠡ ᠶᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠭᠰᠠᠨ ᠪᠠᠶᠢᠨ᠎ᠠ ᠃ | ᠡᠶᠢᠨᠬᠦ ᠰᠣᠷᠣᠭᠴᠢᠳ ᠬᠢᠴᠢᠶᠡᠯ ᠤᠨ ᠵᠠᠪᠰᠠᠷᠯᠠᠭ᠎ᠠ ᠪᠠᠷ ᠬᠥᠯ ᠪᠥᠮᠪᠦᠭᠡ ᠢᠰᠬᠦᠯᠬᠦ᠂ ᠳᠡᠭᠡᠰᠦ ᠦᠰᠦᠷᠬᠦ᠂ ᠬᠦᠶᠦᠵᠦ ᠣᠷᠣᠯᠳᠣᠬᠤ ᠵᠡᠷᠭᠡ ᠲᠠᠮᠢᠷ ᠤᠨ | ᠬᠥᠳᠡᠯᠭᠡᠭᠡᠨ ᠳᠤ ᠢᠳᠡᠪᠬᠢᠲᠡᠢ ᠣᠷᠣᠯᠴᠠᠵᠦ᠂ ᠡᠯ᠎ᠡ ᠲᠦᠷᠦᠯ ᠤᠨ ᠤᠨᠴᠠᠯᠢᠭᠲᠦ ᠲᠠᠮᠢᠷ ᠤᠨ ᠪᠣᠯᠪᠠᠰᠤᠷᠠᠯ ᠤᠨ ᠠᠩᠭᠢ ᠨᠢ ᠰᠤᠷᠤᠭᠴᠢᠳ ᠤᠨ ᠠᠪᠢᠶᠠᠰ ᠲᠤᠨᠢ | ᠲᠣᠬᠢᠷᠠᠭᠤᠯᠤᠨ ᠵᠢᠭᠠᠬᠤ ᠶᠢ ᠴᠢᠬᠤᠯᠠᠴᠢᠯᠠᠵᠤ ᠰᠤᠷᠤᠭᠴᠢᠳ ᠤᠨ ᠳᠤᠷ᠎ᠠ ᠰᠣᠨᠢᠷᠬᠠᠯ ᠪᠠ ᠲᠠᠪᠠᠭᠤᠯᠢᠭ ᠲᠠᠯ᠎ᠠ ᠶᠢ ᠨᠢ ᠦᠨᠳᠦᠰᠦᠯᠡᠨ ᠬᠥᠮᠦᠵᠢᠭᠦᠯᠵᠦ ᠪᠤᠢ᠃ | | ᠰᠤᠷᠪᠤᠯᠵᠢᠯᠠᠭᠴᠢ᠄ ᠰᠣᠯᠣᠩᠭ᠎ᠠ᠂ ᠯᠢᠦᠶ ᠵᠣᠣ ᠲᠧᠩ᠂ ᠸᠠᠩ ᠽᠧ ᠢᠦᠶ ︵ᠳᠠᠳᠤᠯᠭ᠎ᠠ︶ |