ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/28
                                 ᠦᠦᠰᠢᠨ ᠵᠠᠰᠠᠭ ᠳᠠᠷᠬᠠᠭᠠᠬᠤ  ﹇2024﹈ 11 ᠳ᠋ᠤᠭᠡᠷ ᠲᠤᠭᠠᠲᠤ      ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠱᠠᠭᠠᠷᠳᠠᠯᠭ᠎ᠠ ᠵᠢᠴᠢ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠣᠯᠠᠨ ᠡᠭᠦᠰᠬᠦ ᠪᠠᠶᠢᠳᠠᠯ ᠢ ᠡᠷᠡᠰ ᠬᠤᠷᠢᠭᠯᠠᠵᠤ᠂ ᠪᠥᠬᠦ ᠠᠷᠠᠳ ᠢᠶᠠᠷ ᠢᠶᠠᠨ ᠮᠡᠬᠡᠯᠡᠯ ᠢ ᠰᠡᠷᠭᠡᠶᠢᠯᠡᠬᠦ ᠮᠡᠬᠡᠯᠡᠯ ᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾ ᠢ ᠬᠦᠴᠦᠯᠡᠨ ᠪᠠᠶᠢᠭᠤᠯᠵᠤ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠬᠢᠭᠡᠳ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠶᠢᠨ ᠳᠤᠰᠠᠳᠠ᠂ ᠣᠲᠣ ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠤᠯᠪᠤᠭᠳᠠᠯ ᠪᠦᠬᠦᠢ ᠠᠵᠢᠯ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ 2023 ᠣᠨ ᠠᠴᠠ ᠨᠠᠰᠢ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠢ ᠨᠡᠶᠢᠲᠡᠯᠡᠯ2023 ᠣᠨ ᠠᠴᠠ ᠨᠠᠰᠢ᠂ ᠪᠥᠬᠦ ᠬᠤᠰᠢᠭᠤ ᠪᠠᠷ ᠢᠶᠠᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠨ᠂ ᠵᠤᠬᠢᠶᠠᠨ ᠪᠠᠶᠢᠭᠤᠯᠤᠨ ᠰᠠᠶᠢᠲᠤᠷ ᠠᠬᠢᠭᠤᠯᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠠ ᠭᠤᠤᠯᠳᠠᠯᠭ᠎ᠠ ᠲᠠᠢ ᠠᠵᠢᠯ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠰᠦᠯᠵᠢᠶᠡᠨ ᠤ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠳᠤ ᠬᠦᠴᠢᠷ᠂ ᠴᠣᠬᠢᠯᠲᠠ ᠥᠭᠬᠦ ᠳᠤ ᠬᠦᠴᠢᠷ᠂ ᠮᠡᠬᠡᠯᠡᠭᠰᠡᠨ ᠡᠳ᠋ ᠢ ᠨᠡᠬᠡᠮᠵᠢᠯᠡᠬᠦ ᠳᠤ ᠬᠦᠴᠢᠷ᠂ ᠵᠠᠰᠠᠬᠤ ᠳᠤ ᠬᠦᠴᠢᠷ ᠪᠠᠶᠢᠬᠤ ᠠᠰᠢᠭ ᠥᠬᠡᠶ ᠨᠥᠯᠥᠭᠡ ᠶᠢ ᠢᠯᠡᠨ ᠳᠠᠪᠠᠵᠤ ᠨᠢᠭᠲᠠ ᠬᠠᠮᠵᠢᠯᠴᠠᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠠᠵᠢᠯ ᠤᠨ ᠲᠤᠭᠲᠠᠴᠠ ᠶᠢ ᠪᠦᠷᠢᠨᠰᠢᠬᠦᠯᠤᠨ ᠮᠡᠬᠡᠯᠡᠯ ᠢ ᠡᠰᠡᠷᠭᠦᠴᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ ᠬᠠᠮᠢᠶ᠎ᠠ ᠪᠥᠬᠦᠶ ᠠᠵᠢᠯ ᠤᠨ ᠬᠡᠷᠡᠭᠵᠢᠭᠦᠯᠬᠦ ᠲᠥᠰᠦᠯ᠂ ᠰᠢᠯᠭᠠᠨ ᠬᠢᠨᠠᠬᠤ ᠠᠷᠭ᠎ᠠ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ ᠪᠥᠬᠦ ᠬᠤᠰᠢᠭᠤᠨ ᠤ 68 ᠬᠠᠮᠲᠤᠷᠠᠭᠰᠠᠨ ᠪᠦᠷᠢᠯᠳᠦᠬᠦᠨ ᠨᠢᠭᠡᠴᠢ ᠬᠠᠮᠲᠤ ᠪᠠᠷ ᠣᠷᠣᠯᠴᠠᠭᠰᠠᠨ ︽ᠨᠠᠮ ᠵᠠᠰᠠᠭ ᠭᠤᠤᠯᠯᠠᠨ ᠬᠠᠮᠢᠶᠠᠷᠬᠤ᠂ ᠤᠯᠤᠰ ᠲᠥᠷᠥ ᠬᠠᠤᠯᠢ ᠴᠠᠭᠠᠵᠠ ᠭᠤᠤᠯᠯᠠᠨ ᠤᠳᠤᠷᠢᠳᠬᠤ᠂ ᠠᠵᠢᠯ ᠲᠥᠷᠥᠯ ᠭᠤᠤᠯ ᠬᠠᠷᠢᠭᠤᠴᠠᠯᠭ᠎ᠠ ᠡᠬᠦᠷᠭᠡᠯᠡᠬᠦ᠂ ᠳᠣᠲᠣᠭᠠᠳᠤ ᠶᠢ ᠬᠠᠮᠠᠭᠠᠯᠠᠬᠤ ᠨᠢᠭᠡᠴᠢ ᠭᠤᠤᠯ ᠴᠣᠬᠢᠯᠲᠠ ᠥᠭᠬᠦ ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠵᠣᠬᠢᠶᠠᠨ ᠪᠠᠶᠢᠭᠤᠯᠤᠯᠲᠠ ᠶᠢᠨ ᠲᠤᠭᠲᠠᠴᠠ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠬᠤᠶᠠᠷ ᠲᠤ᠂ ᠥᠨᠳᠥᠷ ᠳᠠᠷᠤᠯᠳᠠ ᠦᠭᠬᠦ ᠪᠠᠶᠢᠳᠠᠯ ᠢ ᠪᠠᠲᠤᠯᠠᠵᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠤᠨ ᠮᠡᠬᠡᠯᠡᠯ ᠢ ᠡᠰᠡᠷᠭᠦᠴᠡᠬᠦ ᠴᠣᠬᠢᠯᠲᠠ ᠥᠭᠬᠦ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠪᠠ᠃ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠵᠠᠭᠤᠨ ᠡᠳᠦᠷ ᠤᠨ ᠠᠵᠢᠯᠯᠠᠭ᠎ᠠ᠂ ︽ᠬᠤᠷᠴᠠ ᠰᠡᠯᠡᠮ᠎ᠡ ᠶᠢᠨ ᠠᠵᠢᠯᠯᠠᠭ᠎ᠠ︾᠂ ︽717 ᠲᠤᠰᠬᠠᠶ ᠠᠵᠢᠯᠯᠠᠭ᠎ᠠ︾ ᠵᠡᠷᠭᠡ ᠪᠠᠷ ᠴᠢᠬᠤᠯᠠ ᠭᠠᠷᠳᠠᠴᠠ ᠪᠣᠯᠭᠠᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠪᠠᠶᠢᠩᠭᠤ ᠴᠣᠬᠢᠯᠲᠠ ᠥᠭᠴᠦ ︽ᠡᠬᠢ ᠡᠭᠦᠰᠦᠯ ᠢ ᠴᠣᠬᠢᠬᠤ᠂ ᠬᠡᠯᠬᠢᠶ᠎ᠡ ᠶᠢ ᠲᠠᠰᠤᠯᠬᠤ᠂ ᠡᠭᠦᠷ ᠢ ᠨᠢ ᠨᠤᠷᠠᠭᠠᠬᠤ᠂ ᠪᠦᠯᠦᠭᠲᠡᠨ ᠢ ᠤᠰᠠᠳᠬᠠᠬᠤ᠂ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ︾ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠢ ᠳᠡᠩᠨᠡᠨ ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ 2023 ᠣᠨ ᠠᠴᠠ ᠨᠠᠰᠢ᠂ ᠪᠥᠬᠦ ᠬᠤᠰᠢᠭᠤᠨ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠲᠥᠷᠥᠯ ᠤᠨ ᠬᠡᠷᠡᠭ 91 ᠶᠢ ᠳᠡᠩᠨᠡᠨ ᠢᠯᠡᠷᠡᠭᠦᠯᠵᠦ᠂ ᠬᠤᠬᠢᠷᠠᠭᠰᠠᠨ ᠵᠣᠭᠤᠰ ᠤᠨ ᠲᠤᠭ᠎ᠠ ᠨᠢ 1431.9 ᠲᠦᠮᠡᠨ ᠲᠥᠭᠦᠷᠢᠭ ᠲᠤ ᠬᠦᠷᠴᠦ᠂ 260 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠡᠭᠦᠨ ᠳᠤ ᠪᠢᠷᠮᠠ ᠶᠢᠨ ᠮᠡᠬᠡᠯᠡᠯ ᠳᠤ ᠬᠤᠯᠪᠣᠭᠳᠠᠭᠰᠠᠨ 29 ᠬᠥᠮᠦᠨ ᠢ ᠭᠥᠯᠢᠶᠡᠨ ᠠᠪᠴᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠢ 105 ᠤᠳᠠᠭ᠎ᠠ ᠢᠯᠡᠷᠡᠭᠦᠯᠵᠦ᠂ 150 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠭᠤᠷᠪᠠ ᠳᠤ᠂ ᠨᠠᠷᠢᠯᠢᠭ ᠣᠨᠣᠴᠠᠲᠠᠶ ᠤᠬᠠᠭᠤᠯᠭ᠎ᠠ ᠶᠢ ᠨᠠᠶᠢᠳᠠᠪᠤᠷᠢᠵᠢᠭᠤᠯᠵᠤ ᠰᠡᠷᠭᠡᠶᠢᠯᠡᠯᠲᠡ ᠶᠢᠨ ᠬᠠᠮᠲᠤᠷᠠᠯ ᠬᠦᠴᠦᠨ ᠢ ᠰᠠᠶᠢᠲᠤᠷ ᠪᠦᠷᠢᠯᠳᠦᠬᠦᠯᠵᠤ ᠨᠡᠶᠢᠭᠡᠮ ᠳᠠᠶᠠᠭᠠᠷ ᠤᠨ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ︽ᠶᠡᠭᠡ ᠤᠰᠤ ᠪᠠᠷ ᠨᠡᠶᠢᠲᠡᠮ ᠤᠰᠤᠯᠠᠬᠤ︾ ᠪᠠ ︽ᠨᠠᠷᠢᠯᠢᠭ ᠣᠨᠣᠴᠠᠲᠠᠶ ᠪᠠᠷ ᠳᠤᠰᠤᠯᠭᠠᠨ ᠤᠰᠤᠯᠠᠬᠤ︾ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠤᠬᠠᠭᠤᠯᠭ᠎ᠠ ᠰᠢᠯᠭᠠᠨ ᠬᠢᠨᠠᠯᠲᠠ ᠶᠢᠨ ᠲᠣᠭᠲᠠᠴᠠ ᠶᠢ ᠲᠣᠭᠲᠠᠭᠠᠨ ᠬᠡᠷᠡᠭ ᠡᠭᠦᠰᠬᠦ ᠨᠣᠷᠮ᠎ᠠ ᠶᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠯᠤᠭ᠎ᠠ ᠬᠠᠷᠢᠯᠴᠠᠨ ᠤᠶᠠᠯᠳᠤᠭᠤᠯᠵᠤ ᠭᠠᠵᠠᠷ ᠣᠷᠣᠨ ᠤ ᠪᠠᠶᠢᠳᠠᠯ᠂ ᠬᠥᠮᠦᠨ ᠤ ᠪᠠᠶᠢᠳᠠᠯ ᠳᠤᠨᠢ ᠳᠣᠭᠢᠷᠠᠭᠤᠯᠤᠭᠰᠠᠨ ᠣᠯᠠᠨ ᠵᠦᠢᠯ ᠤᠨ ᠤᠬᠠᠭᠤᠯᠭ᠎ᠠ ᠶᠢᠨ ᠳᠠᠪᠴᠠᠩ ᠢ ᠪᠣᠶ ᠪᠣᠯᠭᠠᠵᠤ᠂ ᠪᠥᠬᠦ ᠴᠠᠭᠳᠠᠭ᠎ᠠ ᠪᠠᠷ ᠢᠶᠠᠨ ᠮᠡᠬᠡᠯᠡᠯ ᠢ ᠡᠰᠡᠷᠭᠦᠴᠡᠬᠦ᠂ ᠪᠥᠬᠦ ᠠᠷᠠᠳ ᠢᠶᠠᠷ ᠢᠶᠠᠨ ᠮᠡᠬᠡᠯᠡᠯ ᠢ ᠰᠡᠷᠭᠡᠶᠢᠯᠡᠬᠦ ᠪᠠᠶᠢᠷᠢᠰᠢᠯ ᠢ ᠪᠦᠷᠢᠯᠳᠦᠬᠦᠯᠪᠡ᠃ 2023 ᠣᠨ ᠠᠴᠠ ᠨᠠᠰᠢ᠂ ᠮᠡᠬᠡᠯᠡᠯ ᠢ ᠡᠰᠡᠷᠭᠦᠴᠡᠬᠦ APP ᠶᠢ ᠨᠡᠶᠢᠲᠡ 12.9 ᠲᠦᠮᠡ ᠭᠠᠷᠤᠶ ᠤᠭᠰᠠᠷᠠᠵᠤ᠂ ᠪᠥᠬᠦ ᠬᠤᠰᠢᠭᠤᠨ ᠤ ᠶᠡᠷᠦᠩᠬᠡᠶ ᠬᠥᠮᠦᠨ ᠠᠮᠠ ᠶᠢᠨ 82.36% ᠶᠢ ᠡᠵᠡᠯᠡᠵᠦ᠂ ᠮᠡᠬᠡᠯᠡᠯ ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠭᠠᠷᠠᠭ ᠤᠨ ᠰᠡᠳᠬᠦᠯ ᠢ 47 ᠬᠤᠭᠤᠴᠠᠭ᠎ᠠ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ 55 ᠬᠤᠪᠢ ᠦᠢᠯᠡᠳᠴᠤ᠂ ᠮᠡᠬᠡᠯᠡᠯ ᠢ ᠡᠰᠡᠷᠭᠦᠴᠡᠬᠦ ᠲᠤᠰᠬᠠᠶ ᠲᠠᠯᠠᠪᠤᠷ ᠤᠨ ᠤᠬᠠᠭᠤᠯᠭ᠎ᠠ ᠶᠢ 92 ᠲᠠᠯᠠᠪᠠᠢ ᠦᠷᠨᠢᠬᠦᠯᠵᠤ᠂ 27 ᠤᠳᠠᠭ᠎ᠠ ᠲᠥᠪᠯᠡᠷᠡᠭᠦᠯᠦᠨ ᠤᠬᠠᠭᠤᠯᠵᠤ᠂ 633 ᠤᠳᠠᠭ᠎ᠠ ᠰᠦᠯᠵᠢᠶᠡᠨ ᠳᠡᠭᠡᠷ᠎ᠡ ᠤᠬᠠᠭᠤᠯᠵᠤ᠂ 33 ᠤᠳᠠᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠤᠬᠠᠭᠤᠯᠤᠨ ᠲᠠᠶᠢᠯᠪᠤᠷᠢᠯᠠᠵᠤ᠂ 6336 ᠤᠳᠠᠭ᠎ᠠ ᠡᠷᠦᠬᠡ ᠳᠤ ᠣᠷᠣᠵᠤ ᠤᠬᠠᠭᠤᠯᠤᠨ᠂ 10 ᠲᠦᠮᠡ ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠥᠮᠦᠵᠢᠯ ᠭᠥᠷᠳᠡᠭᠰᠡᠨ ᠬᠥᠮᠦᠨ ᠤ ᠲᠤᠭ᠎ᠠ 13.37 ᠲᠦᠮᠡ ᠭᠠᠷᠤᠶ ᠪᠣᠯᠪᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ︽ᠦᠦᠰᠢᠨ ᠬᠤᠰᠢᠭᠤᠨ ᠤ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠳᠠᠪᠴᠠᠩ︾ ᠸᠢᠴᠠᠲ ᠤᠨ ᠵᠢᠵᠢᠭ ᠫᠷᠦᠭᠷᠡᠮ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠪᠥᠬᠦ ᠬᠤᠰᠢᠭᠤᠨ ᠤ ᠳᠠᠩᠰᠠᠯᠠᠭᠤᠯᠤᠭᠰᠠᠨ ᠨᠣᠷᠮ᠎ᠠ ᠨᠢ 44.44% ᠳᠤ ᠬᠦᠷᠴᠦ᠂ ᠪᠣᠰᠤᠭ᠎ᠠ ᠴᠣᠭᠴᠠᠲᠤ ᠮᠠᠶ᠋ᠢᠭ ᠤᠨ᠂ ᠦᠷᠭᠦᠯᠵᠢᠯᠡᠬᠦ ᠮᠠᠶ᠋ᠢᠭ ᠤᠨ ᠤᠬᠠᠭᠤᠯᠭ᠎ᠠ ᠶᠢᠨ ᠪᠠᠶᠢᠷᠢᠰᠢᠯ ᠢ ᠪᠣᠶ ᠪᠣᠯᠭᠠᠪᠠ᠃ ᠲᠦᠷᠪᠡ ᠳᠤ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠭᠦᠨᠵᠡᠭᠡᠶᠢᠷᠡᠭᠦᠯᠵᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠮᠡᠬᠡᠯᠡᠯ ᠢ ᠰᠡᠷᠭᠡᠶᠢᠯᠡᠬᠦ ᠪᠦᠬᠦ ᠲᠠᠯ᠎ᠠ ᠶᠢᠨ ᠪᠠᠬᠢᠯᠡᠯᠲᠡ ᠶᠢ ᠪᠦᠲᠦᠮᠵᠢᠲᠡᠢ ᠪᠠᠶᠢᠭᠤᠯᠪᠠ᠃ ᠪᠠᠯᠠ ᠮᠥᠩᠭᠦ ᠶᠢ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ ᠠᠵᠢᠯ ᠢ ᠬᠡᠷᠡᠭ ᠡᠭᠦᠰᠬᠦ ᠶᠢ ᠰᠡᠷᠭᠡᠶᠢᠯᠡᠬᠦ᠂ ᠡᠳ᠋ ᠬᠥᠷᠥᠩᠭᠡ ᠶᠢ ᠪᠠᠲᠤᠯᠠᠬᠤ ᠴᠢᠬᠤᠯᠠ ᠠᠷᠭ᠎ᠠ ᠪᠠᠷᠢᠯ ᠪᠣᠯᠭᠠᠵᠤ ᠭᠤᠷᠪᠠᠨ ᠱᠠᠲᠤᠨ ᠤ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ ᠠᠵᠢᠯ ᠤᠨ ᠲᠣᠭᠲᠠᠴᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ ᠮᠡᠷᠭᠡᠵᠢᠯ ᠢᠶᠠᠷ ᠬᠠᠰᠢᠬᠤ᠂ ᠨᠠᠷᠢᠯᠢᠭ ᠣᠨᠣᠴᠠᠲᠠᠶ ᠪᠠᠷ ᠢᠳᠬᠠᠨ ᠬᠤᠷᠢᠭᠯᠠᠬᠤ ᠵᠡᠷᠭᠡ ᠠᠵᠢᠯ ᠢ ᠬᠠᠮᠲᠤᠷᠠᠨ ᠥᠷᠨᠢᠭᠦᠯᠵᠦ ᠶᠠᠯᠠᠲᠤ ᠡᠲᠡᠭᠡᠳ ᠲᠠᠢ ᠴᠠᠭ ᠮᠥᠴᠡ ᠶᠢ ᠵᠠᠪᠳᠤᠵᠤ᠂ ᠣᠯᠠᠨ ᠲᠦᠮᠡᠨ ᠤ ᠠᠰᠢᠭ ᠲᠤᠰᠠ ᠶᠢᠨ ᠬᠤᠬᠢᠷᠠᠯ ᠳᠤ ᠤᠴᠠᠷᠠᠬᠤ ᠠᠴᠠ ᠰᠡᠷᠭᠡᠶᠢᠯᠡᠬᠦ ᠶᠢ ᠦᠨᠡᠨᠬᠦ ᠬᠠᠮᠠᠭᠠᠯᠠᠪᠠ᠃ 2023 ᠣᠨ ᠠᠴᠠ ᠨᠠᠰᠢ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ ᠠᠵᠢᠯ ᠢ ᠨᠡᠶᠢᠳᠡ 14115 ᠤᠳᠠᠭ᠎ᠠ ᠥᠷᠨᠢᠭᠦᠯᠵᠦ᠂ 2300 ᠭᠠᠷᠤᠢ ᠤᠳᠠᠭ᠎ᠠ ᠨᠢᠭᠤᠷᠳᠠᠨ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠵᠤ᠂ ᠤᠯᠠᠨ ᠲᠦᠮᠡᠨ ᠢ 150 ᠲᠦᠮᠡ ᠭᠠᠷᠤᠢ ᠲᠥᠭᠦᠷᠢᠭ ᠤᠨ ᠡᠳ᠋ ᠬᠦᠷᠦᠩᠭᠡ ᠶᠢᠨ ᠬᠤᠬᠢᠷᠠᠯ ᠠᠴᠠ ᠵᠠᠶᠢᠯᠠᠭᠤᠯᠪᠠ᠃      ᠬᠤᠶᠠᠷ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ      ᠣᠳᠣᠬᠠᠨ ᠳᠤ᠂ ᠮᠠᠨ ᠤ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠮᠥᠨ ᠬᠦ ᠣᠯᠠᠨ ᠡᠭᠦᠰᠬᠦ ᠬᠠᠨᠳᠤᠰᠢ ᠲᠠᠢ ᠪᠠᠶᠢᠵᠤ᠂ ᠶᠠᠯᠠᠲᠤ ᠡᠲᠡᠭᠡᠳ ᠤᠨ ᠮᠡᠬᠡᠯᠡᠯ ᠤᠨ ᠠᠷᠭ᠎ᠠ ᠪᠠᠷᠢᠯ ᠨᠢ ᠲᠠᠰᠤᠷᠠᠯᠲᠠ ᠥᠬᠡᠶ ᠰᠢᠨᠡᠳᠴᠦ᠂ ᠬᠠᠤᠯᠢ ᠠᠴᠠ ᠵᠦᠷᠢᠴᠡᠭᠰᠡᠨ ᠠᠵᠤ ᠦᠢᠯᠡᠰ ᠤᠨ ᠬᠡᠯᠬᠢᠶᠡᠵᠢᠯ ᠮᠦᠨ ᠬᠦ ᠤᠷᠤᠰᠢᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠢ ᠲᠠᠩᠨᠠᠨ ᠪᠠᠶᠢᠴᠠᠭᠠᠵᠤ ᠴᠣᠬᠢᠯᠲᠠ ᠥᠭᠬᠦ ᠥᠪᠡᠷ ᠤᠨ ᠥᠷᠲᠡᠭ ᠨᠢ ᠥᠨᠳᠥᠷ᠂ ᠵᠥᠪᠬᠡᠨ ᠴᠣᠬᠢᠯᠲᠠ ᠥᠭᠬᠦ ᠳᠤ ᠲᠦᠰᠢᠭᠯᠡᠪᠡᠯ ᠪᠦᠲᠦᠮᠵᠢᠲᠡᠶ ᠬᠤᠷᠢᠭᠯᠠᠬᠤ ᠶᠢᠨ ᠠᠷᠭ᠎ᠠ ᠥᠬᠡᠶ ᠪᠤᠯᠬᠤᠷ ᠰᠡᠷᠭᠡᠶᠢᠯᠡᠬᠦ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠬᠤ ᠴᠢᠬᠤᠯᠠᠲᠠᠶ ᠪᠠᠶᠢᠨ᠎ᠠ᠃ ᠡᠭᠦᠨ ᠠᠴᠠ ᠭᠠᠳᠠᠨ᠎ᠠ᠂ 2023 ᠣᠨ ᠠᠴᠠ ᠨᠠᠰᠢᠬᠢ ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠪᠠᠯ ᠪᠠᠰᠠ ᠳᠣᠤᠷᠠᠬᠢ ᠮᠡᠲᠤ ᠠᠰᠠᠭᠤᠳᠠᠯ ᠣᠷᠣᠰᠢᠵᠤ ᠪᠠᠶᠢᠨ᠎ᠠ᠄      ︵ᠨᠢᠭᠡ︶ ᠬᠠᠮᠲᠤᠷᠠᠭᠰᠠᠨ ᠪᠦᠷᠢᠯᠳᠦᠬᠦᠨ ᠨᠢᠭᠡᠴᠢ ᠶᠢᠨ ᠣᠷᠣᠯᠴᠠᠬᠤ ᠬᠡᠮᠵᠢᠶ᠎ᠡ ᠨᠢ ᠴᠢᠩᠭ᠎ᠠ ᠪᠢᠰᠢ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠤᠷᠢᠳᠴᠢᠯᠠᠨ ᠰᠡᠷᠭᠡᠶᠢᠯᠡᠬᠦ ᠳᠤ ᠪᠣᠢ᠂ ᠤᠬᠠᠭᠤᠯᠤᠨ ᠰᠡᠷᠭᠡᠶᠢᠯᠡᠬᠦ ᠠᠵᠢᠯ ᠪᠣᠯ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠬᠤᠷᠢᠭᠯᠠᠬᠤ ︽ᠡᠬᠢ ᠰᠤᠷᠪᠤᠯᠵᠢ ᠶᠢᠨ ᠢᠨᠵᠧᠨᠧᠷᠢᠩ︾ ᠪᠣᠯᠤᠨ᠎ᠠ᠂ ᠣᠳᠣᠬᠠᠨ ᠳᠤ ᠡᠨᠡ ᠬᠦ ᠠᠵᠢᠯ ᠨᠢ ᠵᠥᠪᠬᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠠᠭᠴᠠᠭᠠᠷ ᠢᠶᠠᠨ ᠲᠡᠮᠡᠴᠡᠬᠦ ᠳᠤ ᠲᠦᠰᠢᠭᠯᠡᠨ᠂ ᠪᠤᠰᠤᠳ ᠬᠠᠮᠲᠤᠷᠠᠭᠰᠠᠨ ᠪᠦᠷᠢᠯᠳᠦᠬᠦᠨ ᠨᠢᠭᠡᠴᠢ ᠳᠡᠮᠡᠢ ᠤᠷᠤᠯᠴᠠᠵᠤ ᠦᠭᠡᠢ᠂ ᠬᠡᠰᠡᠭ ᠨᠢᠭᠡᠴᠢ ᠶᠢᠨ ᠤᠬᠠᠭᠤᠯᠤᠨ ᠰᠡᠷᠭᠡᠶᠢᠯᠡᠬᠦ ᠠᠵᠢᠯ ᠥᠷᠨᠢᠭᠦᠯᠬᠦ ᠨᠢ ᠶᠡᠬᠡᠩᠬᠢ ᠳᠡᠭᠡᠨ ᠬᠢᠨᠠᠨ ᠰᠢᠯᠭᠠᠯᠲᠠ ᠳᠤ ᠵᠤᠷᠢᠭᠤᠯᠵᠤ ᠪᠠᠶᠢᠭ᠎ᠠ ᠶᠠᠪᠤᠳᠠᠯ ᠪᠣᠯᠤᠨ᠎ᠠ᠃ 2023 ᠣᠨ ᠤ ᠡᠴᠦᠰ ᠲᠤ ᠬᠤᠰᠢᠭᠤ ᠮᠡᠬᠡᠯᠡᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠡᠯ᠎ᠡ ᠰᠤᠮᠤ ᠪᠠᠯᠭᠠᠰᠤ᠂ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ᠶᠢ ᠰᠢᠯᠭᠠᠨ ᠬᠢᠨᠠᠭᠰᠠᠨ ᠪᠠᠶᠢᠳᠠᠯ ᠠᠴᠠ ᠦᠵᠡᠪᠡᠯ᠂ ᠪᠥᠬᠦ ᠬᠤᠰᠢᠭᠤᠨ ᠤ 68 ᠪᠦᠷᠢᠯᠳᠦᠬᠦᠨ ᠨᠢᠭᠡᠴᠢ ᠶᠢᠨ ᠳᠣᠲᠣᠷ᠎ᠠ 10 ᠬᠠᠮᠲᠤᠷᠠᠭᠰᠠᠨ ᠪᠦᠷᠢᠯᠳᠦᠬᠦᠨ ᠨᠢᠭᠡᠴᠢ ︵ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠦᠯᠳᠡ ᠰᠤᠮᠤ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠦᠤᠰᠢᠨ ᠰᠠᠯᠪᠤᠷᠢ ᠪᠠᠩᠬᠢ᠂ ᠦᠤᠰᠢᠨ ᠬᠤᠰᠢᠭᠤᠨ ᠤ ᠮᠧᠩ ᠱᠠᠩ ᠲᠣᠰᠬᠤᠨ ᠪᠠᠯᠭᠠᠰᠤ ᠶᠢᠨ ᠪᠠᠩᠬᠢ᠂ ᠣᠷᠳᠣᠰ ᠪᠠᠩᠬᠢ ᠶᠢᠨ ᠦᠤᠰᠢᠨ ᠬᠤᠰᠢᠭᠤᠨ ᠤ ᠰᠠᠯᠪᠤᠷᠢ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠦᠦᠰᠢᠨ ᠬᠤᠰᠢᠭᠤᠨ ᠤ ᠰᠠᠯᠪᠤᠷᠢ ᠪᠠᠩᠬᠢ︶ ᠬᠠᠮᠵᠢᠯᠴᠠᠬᠤ ᠡᠷᠴᠢᠮ ᠨᠢ ᠬᠦᠷᠦᠯᠴᠡᠬᠦ ᠦᠭᠡᠶ᠂ ᠬᠢᠨᠠᠨ ᠰᠢᠯᠭᠠᠯᠳᠠ ᠶᠢᠨ ᠮᠠᠲ᠋ᠧᠷᠢᠶᠠᠯ ᠢᠶᠠᠨ ᠮᠡᠳᠡᠭᠦᠯᠦᠨ ᠲᠤᠰᠢᠶᠠᠭᠰᠠᠨ ᠦᠭᠡᠶ᠃      ︵ᠬᠤᠶᠠᠷ ︶ ᠬᠡᠰᠡᠭ ᠬᠠᠮᠲᠤᠷᠠᠭᠰᠠᠨ ᠪᠦᠷᠢᠯᠳᠦᠬᠦᠨ ᠨᠢᠭᠡᠴᠢ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠥᠬᠡᠶ᠃ 2023 ᠣᠨ ᠠᠴᠠ ᠨᠠᠰᠢ᠂ ᠮᠠᠨ ᠤ ᠬᠤᠰᠢᠭᠤᠨ ᠤ ᠴᠠᠭᠳᠠᠭ᠎ᠠ ᠤᠷᠤᠯᠴᠠᠵᠤ ᠰᠢᠢᠳᠪᠦᠷᠢᠯᠡᠭᠰᠡᠨ 5 ᠬᠡᠷᠡᠭ ᠨᠢ ᠴᠦᠮ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ︵ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠮᠠᠬᠢᠨ ᠤ ᠲᠤᠰᠬᠠᠶ ᠬᠤᠳᠠᠯᠳᠤᠭᠠᠨ ᠤ ᠲᠣᠪᠴᠢᠶ᠎ᠠ ︶ ᠶᠢᠨ ᠲᠤᠲᠤᠷᠠᠬᠢ ᠠᠵᠢᠯᠲᠠᠨ ᠠᠵᠢᠯᠴᠢᠨ ᠤ ᠳᠤᠮᠳᠠ ᠡᠭᠦᠰᠴᠡᠶ᠃ ᠡᠭᠦᠨ ᠠᠴᠠ ᠭᠠᠳᠠᠨ᠎ᠠ ᠪᠦᠷᠢᠳᠬᠡᠯ ᠢ ᠦᠨᠳᠦᠰᠦᠯᠡᠪᠡᠯ᠂ ᠮᠡᠬᠡᠯᠡᠭᠳᠡᠭᠰᠡᠨ ᠤᠯᠠᠨ ᠲᠦᠮᠡᠨ ᠤ ᠳᠤᠮᠳᠠ ᠠᠴᠠ ᠬᠤᠪᠢ ᠶᠢᠨ ᠬᠤᠳᠠᠯᠳᠤᠭᠠᠴᠢᠨ 19 ᠬᠥᠮᠦᠨ᠂ ᠦᠢᠯᠡᠳᠪᠦᠷᠢ ᠠᠭᠤᠷᠬᠠᠶ ᠶᠢᠨ ᠠᠵᠢᠯᠲᠠᠨ 17 ᠬᠥᠮᠦᠨ᠂ ᠰᠤᠷᠤᠭᠴᠢ 3 ᠬᠥᠮᠦᠨ ᠪᠠᠶᠢᠵᠤ ᠮᠡᠬᠡᠯᠡᠭᠳᠡᠭᠰᠡᠨ ᠬᠥᠮᠦᠰ ᠤᠨ 51% ᠶᠢ ᠡᠵᠡᠯᠡᠵᠦ ᠪᠠᠶᠢᠨ᠎ᠠ᠂ ᠡᠨᠡ ᠨᠢ ᠮᠦᠨ ᠴᠦ ᠬᠡᠰᠡᠭ ᠬᠠᠮᠲᠤᠷᠠᠭᠰᠠᠨ ᠨᠢᠭᠡᠴᠢ ᠨᠢ ᠬᠡᠳᠦ᠋ᠢᠪᠡᠷ ᠨᠢᠬᠡ ᠪᠦᠯᠦᠭ ᠠᠵᠢᠯ ᠢ ᠬᠢᠭᠰᠡᠨ ᠪᠣᠯᠪᠠᠴᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠭᠰᠡᠨ ᠦᠬᠡᠢ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠲᠣᠰ ᠠᠵᠢᠯ ᠲᠥᠷᠥᠯ ᠤᠨ ᠰᠢᠰᠲ᠋ᠧᠮ᠂ ᠲᠣᠰ ᠨᠢᠭᠡᠴᠢ ᠶᠢᠨ ᠠᠵᠢᠯᠯᠠᠵᠤ ᠪᠠᠶᠢᠭ᠎ᠠ ᠬᠥᠮᠦᠰ ᠵᠢᠴᠢ ᠦᠢᠯᠡᠴᠢᠯᠡᠬᠦ ᠡᠲᠡᠭᠡᠳ ᠢ ᠵᠣᠬᠢᠶᠠᠨ ᠪᠠᠶᠢᠭᠤᠯᠵᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠵᠦ ᠪᠥᠬᠦ ᠠᠷᠠᠳ ᠢᠶᠠᠷ ᠢᠶᠠᠨ ᠮᠡᠬᠡᠯᠡᠯ  ᠢ ᠡᠰᠡᠷᠭᠦᠴᠡᠬᠦ ᠠᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠵᠤ ᠴᠢᠳᠠᠭᠰᠠᠨ ᠥᠬᠡᠶ ᠶᠢ ᠬᠠᠷᠠᠭᠤᠯᠵᠤ ᠪᠠᠶᠢᠨ᠎ᠠ᠃      ︵ᠭᠤᠷᠪᠠ︶ ᠬᠠᠮᠲᠤᠷᠠᠭᠰᠠᠨ ᠬᠤᠷᠠᠯ ᠤᠨ ᠳᠦᠷᠢᠮ ᠢᠶᠠᠷ ᠬᠢᠨᠠᠨ ᠵᠢᠯᠣᠭᠤᠳᠴᠤ ᠬᠢᠨᠠᠨ ᠰᠢᠯᠭᠠᠬᠤ ᠠᠵᠢᠯ ᠢ ᠪᠣᠳᠠᠲᠠᠶᠢᠵᠢᠭᠤᠯᠤᠭᠰᠠᠨ ᠨᠢ ᠬᠦᠷᠦᠯᠴᠡᠬᠦ ᠦᠭᠡᠶ᠃  ᠬᠡᠳᠦ᠋ᠢᠪᠡᠷ ᠮᠠᠨ ᠤ ᠬᠤᠰᠢᠭᠤ ︽ᠪᠥᠬᠦ ᠠᠷᠠᠳ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾᠂ ︽ᠪᠥᠬᠦ ᠠᠷᠠᠳ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠶᠢᠨ ᠤᠬᠠᠭᠤᠯᠤᠨ ᠰᠡᠷᠭᠡᠶᠢᠯᠡᠬᠦ ᠠᠵᠢᠯ ᠤᠨ ᠬᠢᠨᠠᠨ ᠰᠢᠯᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠶᠡᠷᠦᠩᠬᠡᠶᠢᠯᠡᠨ ᠬᠢᠨᠠᠨ ᠵᠢᠯᠣᠭᠤᠳᠴᠤ ᠰᠢᠯᠭᠠᠨ ᠦᠨᠡᠯᠡᠬᠦ ᠳᠤᠭᠤᠶᠢᠯᠠᠩ ᠢ ᠪᠠᠶᠢᠭᠤᠯᠤᠭᠰᠠᠨ ᠪᠣᠯᠪᠠᠴᠤ ᠪᠣᠳᠠᠲᠤ ᠠᠮᠵᠢᠯᠲᠠ ᠶᠢ ᠬᠢᠨᠠᠨ ᠵᠢᠯᠣᠭᠤᠳᠴᠤ ᠰᠢᠯᠭᠠᠨ ᠦᠨᠡᠯᠡᠬᠦ ᠠᠵᠢᠯ ᠤᠨ ᠳᠤᠮᠳᠠ ᠵᠥᠪᠬᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠨᠠᠨ ᠵᠢᠯᠣᠭᠤᠳᠴᠤ ᠰᠢᠯᠭᠠᠨ ᠦᠨᠡᠯᠡᠬᠦ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠤᠰᠤᠳ ᠬᠢᠨᠠᠨ ᠵᠢᠯᠣᠭᠤᠳᠴᠤ ᠰᠢᠯᠭᠠᠨ ᠦᠨᠡᠯᠡᠬᠦ ᠳᠤᠭᠤᠶᠢᠯᠠᠩ ︵ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠯᠪᠠᠨ ᠬᠡᠷ᠂ ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ︶ ᠱᠠᠭᠠᠷᠳᠠᠯᠭ᠎ᠠ ᠶᠣᠰᠣᠭᠠᠷ ᠬᠢᠨᠠᠨ ᠰᠢᠯᠭᠠᠬᠤ ᠠᠵᠢᠯ ᠳᠤ ᠣᠷᠣᠯᠴᠠᠭᠰᠠᠨ ᠦᠭᠡᠢ ᠠᠴᠠ ᠪᠣᠯᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠡᠷᠴᠢᠮ ᠬᠦᠷᠦᠯᠴᠡᠬᠦ ᠦᠭᠡᠢ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠵᠦᠪᠬᠡᠨ ᠵᠥᠭᠡᠯᠡᠨ ᠲᠣᠨᠤᠭ ᠢ ᠮᠡᠳᠡᠭᠦᠯᠦᠨ ᠬᠦᠷᠭᠡᠬᠦ ᠲᠡᠭᠡᠷ᠎ᠡ ᠪᠠᠶᠢᠨ᠎ᠠ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠤᠨ᠎ᠡ᠃ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ᠶᠡᠷᠦᠩᠬᠡᠶ ᠱᠦᠵᠢ ᠰᠢ ᠶᠢᠨ ᠫᠢᠩ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠲᠤᠬᠠᠶ ᠰᠢᠷᠢᠰ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠲᠣᠰ ᠨᠢᠭᠡᠴᠢ᠂ ᠲᠣᠰ ᠰᠠᠯᠠᠭ᠎ᠠ ᠮᠥᠴᠢᠷ ᠤᠨ ᠢᠶᠠᠨ ᠪᠥᠬᠦ ᠵᠢᠯ ᠤᠨ ᠠᠵᠢᠯ ᠤᠨ ᠲᠥᠯᠥᠪᠯᠡᠭᠡ ᠳᠤ ᠣᠷᠣᠭᠤᠯᠬᠤ ᠶᠢᠨ ᠬᠠᠮᠲᠤ ᠲᠣᠪᠤᠶᠢᠮ᠎ᠠ ᠪᠠᠶᠢᠷᠢᠨ ᠳᠤ ᠲᠠᠯᠪᠢᠨ ᠠᠳᠬᠤᠵᠤ᠂ ︽ᠰᠤᠳᠤᠯᠬᠤ᠂ ᠤᠬᠠᠭᠤᠯᠬᠤ᠂ ᠰᠡᠷᠭᠡᠶᠢᠯᠡᠬᠦ᠂ ᠴᠣᠬᠢᠯᠲᠠ ᠥᠭᠬᠦ᠂ ᠬᠢᠵᠠᠭᠠᠷᠯᠠᠬᠤ︾ ᠶᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ ᠬᠦᠴᠦᠲᠡᠶ ᠳᠥᠯᠭᠢᠨ ᠠᠬᠢᠭᠤᠯᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠬᠡᠷᠡᠭ ᠤᠨ ᠦᠷᠭᠦᠯᠵᠢᠯᠡᠨ ᠨᠡᠮᠡᠭᠳᠡᠵᠦ ᠪᠠᠶᠢᠭ᠎ᠠ ᠬᠠᠨᠳᠤᠰᠢ ᠶᠢ ᠡᠷᠡᠰ ᠬᠤᠷᠢᠭᠯᠠᠨ ︽ᠨᠠᠮ ᠵᠠᠰᠠᠭ ᠭᠤᠤᠯᠯᠠᠨ ᠬᠠᠮᠢᠶᠠᠷᠬᠤ᠂ ᠶᠡᠷᠦᠩᠬᠡᠶᠢᠯᠡᠨ ᠵᠠᠰᠠᠯᠲᠠ  ᠶᠢᠨ ᠬᠢᠨ ᠭᠤᠤᠯᠯᠠᠨ ᠤᠳᠤᠷᠢᠳᠬᠤ᠂ ᠠᠵᠢᠯ ᠲᠥᠷᠥᠯ ᠤᠨ ᠬᠢᠨ ᠭᠤᠤᠯ ᠬᠠᠷᠢᠭᠤᠴᠠᠯᠭ᠎ᠠ ᠡᠬᠦᠷᠭᠡᠯᠡᠬᠦ᠂ ᠳᠣᠲᠣᠭᠠᠳᠤ ᠶᠢ ᠬᠠᠮᠠᠭᠠᠯᠠᠬᠤ ᠨᠢᠭᠡᠴᠢ ᠭᠤᠤᠯ ᠴᠤᠬᠢᠯᠲᠠ ᠦᠭᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠣᠷᠣᠯᠴᠠᠬᠤ︾ ᠰᠠᠶᠢᠨ ᠰᠠᠶᠢᠬᠠᠨ ᠪᠠᠶᠢᠳᠠᠯ ᠢ ᠦᠨᠡᠨᠬᠦ ᠪᠣᠶ ᠪᠣᠯᠭᠠᠨ᠎ᠠ᠃      ︵ᠬᠤᠶᠠᠷ ︶ ᠨᠠᠷᠢᠯᠢᠭ ᠣᠨᠣᠴᠠᠲᠠᠶ ᠪᠠᠷ ᠤᠬᠠᠭᠤᠯᠬᠤ ᠶᠢ ᠴᠢᠩᠭᠠᠳᠬᠠᠨ᠎ᠠ᠃ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ᠨᠦᠭᠦᠳ ᠲᠣᠰ ᠨᠢᠭᠡᠴᠢ ᠶᠢᠨ ᠢᠶᠠᠨ ᠺᠠᠳ᠋ᠷ ᠠᠵᠢᠯᠲᠠᠨ ᠢ ᠳᠠᠶᠢᠴᠢᠯᠠᠨ ᠮᠡᠬᠡᠯᠡᠯ ᠢ ᠡᠰᠡᠷᠭᠦᠴᠡᠬᠦ APP ᠶᠢ ᠤᠭᠰᠠᠷᠠᠭᠤᠯᠵᠤ ︽ᠦᠦᠰᠢᠨ ᠬᠤᠰᠢᠭᠤᠨ ᠤ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠳᠠᠪᠴᠠᠩ︾ ᠸᠢᠴᠠᠲ ᠤᠨ ᠵᠢᠵᠢᠭ ᠫᠷᠤᠭ᠍ᠷᠠᠮ ᠢ ᠳᠠᠩᠰᠠᠯᠠᠭᠤᠯᠤᠨ ᠪᠥᠬᠦ ᠠᠷᠠᠳ ᠤᠨ ᠤᠬᠠᠭᠤᠯᠭ᠎ᠠ ᠶᠢ ᠪᠠᠶᠢᠩᠭᠤ ᠦᠷᠨᠢᠬᠦᠯᠵᠤ ᠂ ᠭᠤᠤᠯᠳᠠᠯᠭ᠎ᠠ ᠲᠠᠢ ᠤᠬᠠᠭᠤᠯᠭ᠎ᠠ ᠶᠢ ᠬᠠᠨᠳᠤᠯᠭᠠᠲᠤ ᠴᠢᠨᠠᠷᠲᠠᠶ ᠪᠠᠷ ᠦᠷᠨᠢᠬᠦᠯᠵᠤ᠂ ᠰᠠᠨᠠᠭᠤᠯᠬᠤ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ᠂ ︽ᠰᠦᠯᠵᠢᠶᠡᠨ ᠤ ᠠᠵᠢᠯᠲᠠᠨ︾ ᠤ ᠦᠢᠯᠡᠳᠦᠯ ᠢ ᠭᠦᠢᠴᠡᠳ ᠪᠠᠳᠠᠷᠠᠭᠤᠯᠵᠤ ᠮᠡᠬᠡᠯᠡᠯ ᠢ ᠡᠰᠡᠷᠭᠦᠴᠡᠬᠦ ᠳᠡᠭᠡᠷ᠎ᠡ ᠪᠥᠬᠦ ᠠᠷᠠᠳ  ᠢᠶᠠᠷ ᠢᠶᠠᠨ ᠴᠥᠮ ᠤᠬᠠᠭᠤᠯᠤᠭᠴᠢ ᠪᠣᠯᠬᠤ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠬᠦᠯᠦᠨ᠎ᠡ᠃ ᠢᠯᠠᠩᠭᠤᠶ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠠᠵᠢᠯ ᠢ ᠲᠦᠷᠦᠭᠦᠯᠡᠨ ᠬᠠᠷᠢᠭᠤᠴᠠᠵᠤ ᠮᠥᠩᠭᠦᠨ ᠬᠦᠢᠯᠭᠡᠭᠡᠨ᠂ ᠴᠠᠬᠢᠯᠭᠠᠨ ᠬᠤᠯᠪᠣᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠭᠡᠨ ᠲᠣᠰ ᠠᠵᠢᠯ ᠲᠥᠷᠥᠯ ᠤᠨ ᠬᠦᠷᠢᠶᠡᠨ ᠳᠠᠬᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ︔ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠰᠢᠭᠦᠨ ᠲᠠᠰᠤᠯᠬᠤ᠂ ᠪᠠᠶᠢᠴᠠᠭᠠᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠵᠢᠯᠯᠠᠭ᠎ᠠ ᠶᠢ ᠬᠠᠤᠯᠢ ᠶᠣᠰᠣᠭᠠᠷ ᠰᠡᠷᠭᠡᠶᠢᠯᠡᠵᠦ ᠵᠠᠯᠬᠠᠭᠠᠨ ᠰᠢᠳᠬᠡᠨ᠎ᠡ︔ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ᠂ ᠪᠠᠩᠬᠢ ᠶᠢᠨ ᠪᠤᠰᠤ ᠮᠥᠩᠭᠦᠨ ᠬᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ᠂ ᠢᠨᠲ᠋ᠧᠷ ᠰᠦᠯᠵᠢᠶᠡᠨ ᠤ ᠦᠢᠯᠡᠴᠢᠯᠡᠭᠡ ᠬᠠᠩᠭᠠᠭᠴᠢ ᠴᠦᠮ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠵᠦ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠬᠤᠯᠪᠣᠭᠳᠠᠭᠰᠠᠨ ᠳᠣᠲᠣᠭᠠᠳᠤ ᠶᠢᠨ ᠡᠵᠡᠮᠳᠡᠯ ᠤᠨ ᠲᠣᠭᠲᠠᠴᠠ ᠪᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠰᠢᠨ᠎ᠡ ᠲᠤᠬᠠᠶᠢᠯᠠᠭᠰᠠᠨ ᠠᠵᠢᠯ ᠤᠨ ᠮᠡᠬᠡᠯᠡᠯ ᠳᠤ ᠬᠤᠯᠪᠣᠭᠳᠠᠭᠰᠠᠨ ᠲᠦᠭᠰᠢᠭᠦᠷᠢ ᠶᠢᠨ ᠠᠮᠤᠷ ᠲᠦᠪᠰᠢᠨ ᠤ ᠦᠨᠡᠯᠡᠨ ᠵᠢᠱᠢᠯᠲᠡ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ᠨᠦᠭᠦᠳ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠴᠢᠩᠭᠠᠳᠬᠠᠵᠤ ᠬᠠᠮᠢᠶ᠎ᠠ ᠪᠥᠬᠦᠶ ᠬᠠᠤᠯᠢ ᠴᠠᠭᠠᠵᠠ ᠪᠠ ᠮᠡᠳᠡᠯᠭᠡ ᠶᠢ ᠲᠦᠭᠡᠮᠡᠯᠵᠢᠭᠦᠯᠦᠨ ᠣᠯᠠᠨ ᠨᠡᠶᠢᠲᠡ ᠶᠢᠨ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠦᠵᠡᠯ ᠤᠬᠠᠮᠰᠠᠷ ᠪᠠ ᠮᠡᠬᠡᠯᠡᠯ ᠢ ᠲᠠᠨᠢᠬᠤ ᠴᠢᠳᠠᠪᠤᠷᠢ ᠶᠢ ᠳᠡᠭᠡᠭᠰᠢᠯᠡᠭᠦᠯᠤᠨ᠎ᠡ︔ ᠰᠤᠷᠭᠠᠨ ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠤᠬᠢᠷᠠᠯ ᠠᠮᠰᠠᠭᠴᠢ ᠶᠢᠨ ᠲᠠᠷᠬᠠᠯᠲᠠ ᠵᠡᠷᠭᠡ ᠣᠨᠴᠠᠯᠢᠭ ᠲᠠᠢ ᠤᠶᠠᠯᠳᠤᠭᠤᠯᠤᠨ ᠨᠠᠰᠤᠲᠠᠶᠢᠴᠤᠳ᠂ ᠵᠠᠯᠠᠭᠤᠴᠤᠳ ᠪᠠᠭᠠᠴᠤᠳ ᠵᠡᠷᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠴᠢᠩᠭᠠᠳᠬᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠬᠡᠷ ᠪᠦᠯᠢ ᠳᠤ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠤᠨ᠎ᠡ᠃ ᠡᠯ᠎ᠡ ᠬᠠᠮᠲᠤᠷᠠᠭᠰᠠᠨ ᠨᠢᠭᠡᠴᠢ ᠳᠣᠲᠣᠭᠠᠳᠤ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯ ᠢᠶᠠᠨ ᠴᠢᠩᠭᠠᠳᠬᠠᠵᠤ ᠠᠵᠢᠯᠲᠠᠳ ᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠬᠥᠮᠦᠵᠢᠯ ᠢ ᠥᠷᠨᠢᠭᠦᠯᠤᠨ᠎ᠡ︔ ᠬᠤᠪᠢ ᠬᠥᠮᠦᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠨ᠎ᠠ᠃ ᠪᠠᠶᠢᠭᠤᠯᠭ᠎ᠠ ᠨᠢᠭᠡᠴᠢ᠂ ᠬᠤᠪᠢ ᠬᠥᠮᠦᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠲᠤᠰ ᠬᠠᠤᠯᠢ ᠶᠢᠨ ᠲᠣᠭᠲᠠᠭᠠᠯ ᠶᠣᠰᠣᠭᠠᠷ ᠴᠠᠬᠢᠯᠭᠠᠨ ᠬᠤᠯᠪᠣᠭ᠎ᠠ ᠲᠣᠤᠷ ᠰᠦᠯᠵᠢᠶ᠎ᠡ ᠪᠠᠷ ᠮᠡᠬᠡᠯᠡᠬᠦ ᠶᠢ ᠡᠰᠡᠷᠭᠦᠴᠡᠬᠦ ᠠᠵᠢᠯ ᠢ ᠥᠷᠨᠢᠭᠦᠯᠤᠨ᠎ᠡ᠃      ︵ᠭᠤᠷᠪᠠ︶ ᠤᠨᠤᠪᠴᠢᠲᠠᠢ ᠴᠤᠬᠢᠯᠲᠠ ᠥᠭᠬᠦ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠡᠭᠦᠰᠦᠭᠰᠡᠨ ᠵᠢᠮ᠎ᠡ ᠶᠣᠰᠣᠨ ᠤ ᠣᠨᠴᠠᠯᠢᠭ ᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠨ ᠴᠢᠩᠭ᠎ᠠ ᠴᠣᠬᠢᠯᠲᠠ ᠦᠭᠬᠦ ᠦᠨᠳᠦᠷ ᠲᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠬᠠᠮᠲᠤ ᠪᠠᠷ ᠡᠰᠡᠷᠭᠦᠴᠡᠬᠦ  ᠶᠢ ᠴᠢᠩᠭᠠᠳᠬᠠᠵᠤ᠂ ᠴᠠᠭᠳᠠᠭ᠎ᠠ ᠪᠦᠬᠦᠨ ᠬᠦᠳᠡᠯᠦᠯᠴᠡᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠣᠳᠣᠬᠠᠨ ᠤ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠬᠠᠮᠤᠭ ᠤᠨ ᠤᠯᠠᠨ ᠡᠭᠦᠰᠬᠦ ᠲᠦᠷᠦᠯ ᠤᠨ ᠬᠡᠷᠡᠭ ᠪᠣᠯᠤᠨ ᠶᠡᠭᠡ ᠴᠢᠬᠤᠯᠠ ᠬᠡᠷᠡᠭ ᠲᠤ ᠴᠢᠭᠯᠡᠭᠦᠯᠦᠨ ᠴᠠᠭᠳᠠᠭ᠎ᠠ ᠶᠢᠨ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠵᠦ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠤᠨ ᠦᠷᠭᠦᠯᠵᠢᠯᠡᠨ ᠬᠠᠮᠲᠤ ᠪᠠᠷ ᠡᠰᠡᠷᠬᠦᠴᠡᠵᠤ ᠲᠤᠯᠤᠭᠠᠶᠢᠯᠠᠭᠴᠢ ᠶᠢ ᠪᠠᠷᠢᠵᠤ᠂ ᠰᠠᠭᠤᠭ᠎ᠠ ᠭᠠᠵᠠᠷ ᠢ ᠨᠢ ᠦᠭᠡᠶᠢᠰᠭᠡᠵᠤ᠂ ᠲᠠᠪᠴᠠᠩ ᠳᠤ ᠴᠣᠬᠢᠯᠲᠠ ᠥᠭᠴᠦ᠂ ᠪᠡᠯᠡ ᠮᠥᠩᠭᠦ ᠶᠢ ᠲᠠᠰᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠭᠦᠨ ᠤ ᠬᠠᠮᠲᠤ ᠪᠥᠬᠦ ᠬᠡᠯᠬᠢᠶᠡᠵᠢᠯ ᠳᠤ ᠴᠣᠬᠢᠯᠲᠠ ᠥᠭᠬᠦ ᠠᠵᠢᠯ ᠢ ᠥᠷᠨᠢᠭᠦᠯᠵᠦ ᠮᠥᠩᠭᠦᠨ ᠬᠦᠢᠯᠭᠡᠭᠡᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠬᠡᠵᠤ ᠲᠣᠰ ᠠᠵᠢᠯ ᠲᠥᠷᠥᠯ ᠤᠨ ᠬᠦᠷᠢᠶᠡᠨ ᠳᠠᠬᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ᠃ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠰᠢᠭᠦᠨ ᠲᠠᠰᠤᠯᠬᠤ᠂ ᠪᠠᠶᠢᠴᠠᠭᠠᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠵᠢᠯᠯᠠᠭ᠎ᠠ ᠶᠢ ᠬᠠᠤᠯᠢ ᠶᠣᠰᠣᠭᠠᠷ ᠰᠡᠷᠭᠡᠶᠢᠯᠡᠨ ᠵᠠᠯᠬᠠᠭᠠᠨ ᠰᠢᠳᠬᠡᠨ᠎ᠡ᠃       ︵ᠳᠥᠷᠪᠡ︶ ᠵᠣᠬᠢᠴᠠᠯᠳᠤᠨ ᠬᠠᠮᠵᠢᠯᠴᠠᠬᠤ ᠶᠢ ᠰᠠᠶᠢᠲᠤᠷ ᠬᠢᠨ᠎ᠡ᠃ ᠡᠯ᠎ᠡ ᠰᠤᠮᠤ ᠪᠠᠯᠭᠠᠰᠤ᠂ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ᠨᠦᠭᠦᠳ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠲᠣᠰ ᠠᠵᠢᠯ ᠲᠥᠷᠥᠯ᠂ ᠲᠣᠰ ᠰᠢᠰᠲ᠋ᠧᠮ᠂ ᠲᠣᠰ ᠬᠦᠷᠢᠶᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠠᠶᠤᠯ ᠲᠦᠭᠰᠢᠭᠦᠷᠢ ᠪᠠ ᠬᠠᠮᠢᠶᠠᠷᠤᠯᠲᠠ ᠶᠢᠨ ᠳᠤᠲᠠᠭᠳᠠᠯ ᠢ ᠪᠥᠬᠦ ᠲᠠᠯ᠎ᠠ ᠪᠠᠷ ᠡᠮᠬᠢᠯᠡᠵᠦ᠂ ᠬᠠᠨᠳᠤᠯᠭᠠᠲᠤ ᠴᠢᠨᠠᠷᠲᠠᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠦᠷᠭᠡᠬᠡᠨ ᠲᠣᠭᠲᠠᠭᠠᠵᠤ᠂ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠪᠥᠬᠦ ᠬᠤᠰᠢᠭᠤ ᠪᠠᠷ ᠢᠶᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠬᠠᠮᠲᠤ ᠪᠠᠷ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠠ︔ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠵᠢᠯᠲᠠᠨ ᠢ ᠬᠠᠮᠢᠶᠠᠷᠤᠨ ᠡᠵᠡᠮᠳᠡᠬᠦ᠂ ᠭᠤᠤᠯᠳᠠᠯᠭ᠎ᠠ ᠲᠠᠢ ᠭᠠᠵᠠᠷ ᠣᠷᠣᠨ ᠢ ᠴᠡᠭᠴᠡᠯᠡᠨ ᠵᠠᠰᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠠᠲᠤ ᠠᠳᠬᠤᠵᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ ᠬᠠᠮᠲᠤᠷᠠᠭᠰᠠᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ︔ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠢᠨᠠᠨ ᠰᠢᠯᠭᠠᠭᠰᠠᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠭᠰᠡᠨ ᠥᠬᠡᠶ᠂ ᠲᠣᠰ ᠨᠢᠭᠡᠴᠢ ᠶᠢᠨ ᠢᠶᠠᠨ ᠬᠢᠨᠠᠨ ᠬᠠᠮᠢᠶᠠᠷᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠢᠶᠠᠷ ᠬᠦᠷᠦᠯᠴᠡᠬᠦ ᠥᠬᠡᠶ ᠵᠢᠴᠢ ᠬᠢᠨᠠᠨ ᠵᠢᠯᠣᠭᠤᠳᠴᠤ ᠬᠢᠨᠠᠨ ᠰᠢᠯᠭᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠥᠬᠡᠶ ᠬᠠᠮᠢᠶ᠎ᠠ ᠪᠥᠬᠦᠶ ᠨᠢᠭᠡᠴᠢ ᠨᠢ ᠬᠤᠰᠢᠭᠤ ᠮᠡᠬᠡᠯᠡᠯ ᠢ ᠡᠰᠡᠷᠭᠦᠴᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ ᠲᠤ ᠪᠠᠶᠢᠳᠠᠯ ᠤᠨ ᠲᠣᠳᠣᠷᠬᠠᠶᠢᠯᠠᠯᠲᠠ ᠪᠠᠨ ᠢᠳᠡᠪᠬᠢᠲᠡᠶ ᠪᠠᠷ ᠮᠡᠳᠡᠭᠦᠯᠦᠨ ᠬᠦᠷᠭᠡᠵᠤ ᠬᠤᠶᠢᠰᠢᠳᠠ ᠡᠶᠢᠮᠦᠷᠬᠦ ᠠᠰᠠᠭᠤᠳᠠᠯ ᠳᠠᠬᠢᠵᠤ ᠭᠠᠷᠬᠤ ᠦᠭᠡᠢ ᠪᠠᠶᠢᠬᠤ ᠶᠢ ᠪᠠᠲᠤᠯᠠᠨ᠎ᠠ᠃      ︵ᠲᠠᠪᠤ︶ ᠤᠷᠲᠤ ᠬᠤᠭᠤᠴᠠᠭ᠎ᠠ ᠪᠠᠷ ᠪᠠᠶᠢᠩᠭᠤ ᠵᠠᠰᠠᠬᠤ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠠᠵᠢᠯ ᠢ ᠪᠥᠬᠦ ᠲᠠᠯ᠎ᠠ ᠪᠠᠷ ᠬᠢᠨᠠᠨ ᠵᠢᠯᠣᠭᠤᠳᠴᠤ ᠬᠢᠨᠠᠨ ᠰᠢᠯᠭᠠᠬᠤ ᠠᠵᠢᠯ ᠢ ᠲᠦᠷᠦᠭᠦᠯᠡᠨ ᠬᠠᠷᠢᠭᠤᠴᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠵᠤ ᠪᠠᠶᠢᠭᠠᠳ ︽ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ︾ ᠠᠵᠢᠯ ᠢ ︽ᠲᠠᠪᠤ ᠶᠢ ᠨᠢᠭᠡ ᠴᠤᠭᠴᠠᠵᠢᠭᠤᠯᠬᠤ︾ ᠣᠨ ᠤ ᠬᠢᠨᠠᠨ ᠰᠢᠯᠭᠠᠯᠲᠠ ᠳᠤ ᠣᠷᠣᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠡᠯ᠎ᠡ ᠵᠦᠢᠯ ᠤᠨ ᠬᠢᠨᠠᠨ ᠰᠢᠯᠭᠠᠯᠲᠠ ᠳᠤ ᠡᠵᠡᠯᠡᠬᠦ ᠬᠤᠪᠢ ᠶᠢᠨ ᠵᠢᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠰᠢᠯᠭᠠᠬᠤ ︽ᠡᠵᠡᠮᠳᠡᠬᠦᠷ︾ ᠪᠠ ︽ᠵᠠᠯᠠᠷᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠵᠢᠯᠣᠭᠤᠳᠬᠤ ᠳᠤᠭᠤᠶᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠰᠤᠮᠤ ᠪᠠᠯᠭᠠᠰᠤ᠂ ᠡᠯ᠎ᠡ ᠬᠠᠮᠲᠤᠷᠠᠭᠰᠠᠨ ᠪᠦᠷᠢᠯᠳᠦᠬᠦᠨ ᠨᠢᠭᠡᠴᠢ ᠶᠢᠨ ᠠᠵᠢᠯ ᠥᠷᠨᠢᠭᠦᠯᠦᠭᠰᠡᠨ ᠪᠠᠶᠢᠳᠠᠯ ᠳᠤ ᠬᠢᠨᠠᠨ ᠵᠢᠯᠣᠭᠤᠳᠤᠯᠭ᠎ᠠ ᠪᠠᠶᠢᠴᠠᠭᠠᠯᠲᠠ ᠬᠢᠵᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠠᠵᠢᠯ ᠢ ᠠᠬᠢᠭᠤᠯᠤᠭᠰᠠᠨ ᠢᠶᠠᠷ ᠬᠦᠴᠦᠨ ᠥᠬᠡᠶ ᠪᠠᠶᠢᠪᠠᠯ ᠬᠠᠷᠢᠭᠤᠴᠠᠯᠭ᠎ᠠ ᠨᠡᠬᠡᠮᠵᠢᠯᠡᠵᠦ᠂ ᠬᠤᠶᠢᠰᠢᠳᠠ ᠡᠯ᠎ᠡ ᠨᠢᠭᠡᠴᠢ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠺᠠᠳ᠋ᠷ ᠠᠵᠢᠯᠲᠠᠨ ᠠᠵᠢᠯᠴᠢᠨ ᠮᠡᠬᠡᠯᠡᠭᠳᠡᠭᠰᠡᠨ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠵᠢᠯ ᠳᠤ ᠣᠷᠣᠯᠴᠠᠭᠰᠠᠨ ᠪᠠᠶᠢᠪᠠᠯ ᠪᠣᠯᠵᠣᠨ ᠶᠠᠷᠢᠯᠴᠠᠬᠤ ᠶᠢᠨ ᠬᠠᠮᠲᠤ ᠭᠤᠤᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠵᠦ᠂ ᠲᠣᠰ ᠠᠵᠢᠯ ᠢ ᠪᠠᠶᠢᠩᠭᠤ ᠠᠳᠬᠤᠵᠤ ᠣᠷᠳᠣ ᠬᠤᠭᠤᠴᠠᠭ᠎ᠠ ᠪᠠᠷ ᠵᠠᠰᠠᠬᠤ ᠶᠢ ᠦᠨᠡᠨᠬᠦ ᠪᠠᠲᠤᠯᠠᠨ᠎ᠠ᠃                                         ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2024 ᠣᠨ ᠤ 4 ᠰᠠᠷ᠎ᠠ ᠶᠢᠨ 2 ᠤᠨ ᠡᠳᠦᠷ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ