4 ᠰᠠᠷ᠎ᠠ ᠶᠢᠨ 1 ᠡᠳᠦᠷ᠂ ᠮᠠᠨ ᠤ ᠬᠤᠰᠢᠭᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠮᠠ ᠶᠠ ᠳ᠋ᠦᠩ | ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠴᠢᠯᠠᠭᠤ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠭᠠᠯ | ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠵᠢᠴᠢ ᠡᠯ᠎ᠡ ᠰᠤᠮᠤ | ᠪᠠᠯᠭᠠᠰᠤᠨ ᠤ ᠬᠠᠷᠢᠭᠤᠴᠠᠯᠭᠠᠲᠠᠨ ᠰᠣᠷᠢᠯᠲᠠ ᠳᠤ ᠣᠷᠣᠯᠴᠠᠵᠠᠶ᠃ | 4 ᠰᠠᠷ᠎ᠠ ᠶᠢᠨ 1 ᠡᠳᠦᠷ᠂ ᠦᠤᠰᠢᠨ ᠬᠤᠰᠢᠭᠤᠨ ᠤ ᠲᠤᠯᠠᠭᠠᠯᠠᠭ᠎ᠠ ᠬᠠᠩᠭᠠᠬᠤ ᠰᠠᠭᠤᠷᠢ ᠲᠥᠬᠦᠭᠡᠷᠦᠮᠵᠢ ᠶᠢ | ᠰᠠᠶᠢᠵᠢᠷᠠᠭᠤᠯᠤᠨ ᠥᠭᠡᠷᠡᠴᠢᠯᠡᠬᠦ ᠪᠦᠷᠬᠦᠴᠡ ᠵᠢᠴᠢ ᠢᠵᠢ ᠪᠥᠷᠢᠳᠦᠭᠦᠯᠬᠦ ᠬᠤᠭᠤᠯᠠᠶ ᠲᠣᠤᠷ ᠤᠨ ᠢᠨᠵᠧᠨᠧᠷᠢᠩ ᠤᠨ | ᠨᠢᠭᠡᠳᠦᠭᠡᠷ ᠬᠡᠰᠡᠭ ︵ᠸᠠᠨ ᠯᠢ ᠰᠠᠭᠤᠭᠠᠯᠢ ᠲᠣᠭᠤᠷᠢᠭ ᠤᠨ ᠬᠤᠳᠠᠯᠳᠤᠭ᠎ᠠ᠂ ᠵᠥᠩ ᠲᠢᠶᠠᠨ ᠯᠢ ᠹᠦ᠋ ᠪᠠᠶᠢᠰᠢᠩ | ᠬᠡᠷ ᠤᠨ ᠲᠣᠭᠤᠷᠢᠭ᠂ ᠵᠢᠶ ᠰᠢᠶᠠᠩ ᠵᠢᠶᠠ ᠶᠤᠸᠠᠨ ᠠᠴᠠ ᠪᠠᠶ᠋ᠬᠠᠦ᠋ᠨᠳᠤᠷ ᠨᠡᠭᠦᠳᠡᠯ ᠠᠷᠠᠳ ᠤᠨ ᠲᠣᠭᠤᠷᠢᠭ ᠬᠦᠷᠬᠦ | ᠭᠡᠰᠡᠭ ᠤᠨ ᠥᠭᠡᠷᠡᠴᠢᠯᠡᠬᠦ ᠢᠨᠵᠧᠨᠧᠷᠢᠩ︶ ᠪᠠᠷᠢᠯᠭ᠎ᠠ ᠡᠬᠢᠯᠡᠪᠡ᠃ ᠦᠦᠰᠢᠨ ᠬᠤᠰᠢᠭᠤᠨ ᠤ ᠲᠤᠯᠠᠭᠠᠯᠠᠭ᠎ᠠ | ᠬᠠᠩᠭᠠᠬᠤ ᠢᠨᠵᠧᠨᠧᠷᠢᠩ ᠨᠢ ᠲᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ ᠶᠢ ᠪᠠᠲᠤᠯᠠᠬᠤ᠂ | ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ 4 ᠲᠠᠯ᠎ᠠ ᠪᠠᠷ ᠨᠡᠶᠢᠲᠡ 14 ᠲᠥᠷᠥᠯ ᠵᠦᠢᠯ | ᠲᠠᠢ ᠬᠤᠯᠪᠣᠭᠳᠠᠵᠤ᠂ ᠶᠡᠷᠦᠩᠬᠡᠢ ᠪᠡᠯᠡ ᠣᠷᠣᠭᠤᠯᠤᠯᠲᠠ ᠨᠢ 6.23 ᠳ᠋ᠦᠩᠰᠢᠭᠤᠷ ᠲᠥᠭᠦᠷᠢᠭ ᠪᠤᠯᠤᠨ᠎ᠠ᠃ | ᠲᠤᠯᠠᠭᠠᠯᠠᠭ᠎ᠠ ᠶᠢᠨ ᠢᠷᠡᠯᠲᠡ ᠶᠢᠨ ᠪᠠᠲᠤᠯᠠᠭ᠎ᠠ᠂ ᠲᠤᠯᠠᠭᠠᠯᠠᠭ᠎ᠠ ᠶᠢᠨ ᠲᠣᠣᠷ ᠢ ᠰᠢᠨᠡᠳᠬᠡᠬᠦ᠂ ᠲᠤᠯᠠᠭᠠᠯᠠᠭ᠎ᠠ ᠶᠢᠨ | ᠥᠷᠲᠡᠭᠡ ᠶᠢ ᠰᠠᠶᠢᠵᠢᠷᠠᠭᠤᠯᠬᠤ᠂ ᠣᠶᠤᠨᠴᠢ ᠪᠠᠷ ᠲᠤᠯᠠᠭᠠᠯᠠᠭ᠎ᠠ ᠬᠠᠩᠭᠠᠬᠤ᠂ ᠲᠦᠭᠡᠭᠡᠯ ᠤᠰᠤᠨ ᠤ ᠬᠤᠭᠤᠯᠠᠢ | ᠲᠣᠣᠷ ᠢ ᠥᠭᠡᠷᠡᠴᠢᠯᠡᠬᠦ᠂ ︽ᠬᠡᠶᠢᠵᠢᠬᠦᠯᠦᠭᠰᠡᠨ ᠦᠦᠰᠢᠨ︾᠂ ᠰᠢᠲᠠᠮᠠᠬᠠᠢ ᠬᠡᠢ ᠶᠢᠨ ᠠᠮᠤᠷ ᠲᠦᠪᠰᠢᠨ ᠤ | ᠰᠡᠷᠡᠮᠵᠢ ᠶᠢᠨ ᠳᠣᠬᠢᠶ᠎ᠠ᠂ ᠳᠠᠰᠤᠯᠵᠤ ᠬᠠᠮᠠᠭᠠᠯᠠᠬᠤ ᠲᠥᠬᠦᠭᠡᠷᠦᠮᠵᠢ ᠶᠢ ᠤᠭᠰᠠᠷᠠᠬᠤ᠂ ᠬᠤᠭ ᠨᠣᠪᠰᠢ ᠶᠢ ᠰᠢᠲᠠᠭᠠᠵᠤ | ᠴᠠᠬᠢᠯᠭᠠᠨ ᠭᠠᠷᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠠᠰᠠᠭᠤᠳᠠᠯ ᠢ ᠪᠠᠶᠢᠴᠠᠭᠠᠵᠤ ᠳᠤᠲᠠᠭᠤᠳᠠᠯ ᠢ | ᠨᠥᠬᠦᠪᠦᠷᠢᠯᠡᠪᠡ᠃ ᠡᠭᠦᠨ ᠳᠤ ᠲᠤᠯᠠᠭᠠᠯᠠᠭ᠎ᠠ ᠬᠠᠩᠭᠠᠬᠤ ᠲᠠᠯ᠎ᠠ ᠪᠠᠷ ᠨᠡᠶᠢᠲᠡ 2.88 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠬᠤᠶᠠᠷ ᠵᠢᠯ ᠬᠤᠪᠢᠶᠠᠨ ᠬᠡᠷᠡᠭᠵᠢᠭᠦᠯᠵᠦ᠂ ᠡᠨᠡ ᠵᠢᠯ 1.77 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠨᠢᠭᠡᠳᠦᠭᠡᠷ ᠤᠳᠠᠭ᠎ᠠ ᠬᠤᠭᠤᠯᠠᠢ ᠲᠣᠣᠷ ᠢ 38 ᠺᠢᠯᠣᠮᠧᠲᠷ ᠰᠢᠨ᠎ᠡ ᠪᠠᠷ ᠥᠭᠡᠷᠡᠴᠢᠯᠡᠨ | ᠪᠠᠶᠢᠭᠤᠯᠤᠨ᠎ᠠ︔ ᠬᠤᠶᠠᠳᠤᠭᠠᠷ ᠤᠳᠠᠭ᠎ᠠ ᠬᠤᠭᠤᠯᠠᠢ ᠲᠣᠣᠷ ᠢ 32.25 ᠺᠢᠯᠣᠮᠧᠲᠷ ᠥᠭᠡᠷᠡᠴᠢᠯᠡᠨ᠎ᠠ︔ 18 | ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ᠎ᠡ︔ ᠬᠠᠭᠤᠴᠢᠨ ᠰᠠᠭᠤᠭᠠᠯᠢ ᠲᠣᠭᠤᠷᠢᠭ ᠤᠨ ᠲᠤᠯᠠᠭᠠᠯᠠᠭ᠎ᠠ | ᠬᠠᠩᠭᠠᠬᠤ ᠬᠤᠭᠤᠯᠠᠶ ᠲᠣᠤᠷ ᠢ 623 ᠡᠷᠦᠬᠡ ᠥᠭᠡᠷᠡᠴᠢᠯᠡᠨ᠎ᠠ᠃ ᠪᠥᠬᠦ ᠬᠤᠰᠢᠭᠤᠨ ᠤ 6 ᠰᠤᠮᠤ ᠪᠠᠯᠭᠠᠰᠤᠨ ᠤ | ᠲᠤᠯᠠᠭᠠᠯᠠᠭ᠎ᠠ ᠬᠠᠩᠭᠠᠬᠤ ᠨᠢᠭᠡᠳᠦᠭᠡᠷ ᠬᠤᠶᠠᠳᠤᠭᠠᠷ ᠤᠳᠠᠭᠠᠨ ᠤ ᠬᠤᠭᠤᠯᠠᠶ ᠲᠤᠤᠷ ᠢ ᠪᠥᠬᠦ ᠲᠠᠯ᠎ᠠ ᠪᠠᠷ ᠨᠡᠶᠢᠳᠡᠮ | ᠪᠠᠶᠢᠴᠠᠭᠠᠵᠤ᠂ ᠤᠷᠢᠳᠴᠢᠯᠠᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠶᠤᠨᠴᠢ ᠰᠡᠷᠡᠭᠳᠡᠭᠦᠷ ᠤᠭᠰᠠᠷᠠᠵᠤ | ᠂ ᠪᠥᠬᠦ ᠬᠤᠰᠢᠭᠤᠨ ᠤ ᠲᠤᠯᠠᠭᠠᠯᠠᠭ᠎ᠠ ᠬᠠᠩᠭᠠᠬᠤ ᠤᠶᠤᠨᠴᠢᠯᠠᠭᠰᠠᠨ ᠬᠠᠮᠠᠭᠠᠯᠠᠯᠲᠠ ᠶᠢ ᠪᠡᠶᠡᠯᠡᠭᠦᠯᠬᠦ ᠪᠠᠷ ᠪᠠᠶᠢᠨ᠎ᠠ᠃ | 4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠶᠠᠩ ᠮᠤᠤ ᠱᠧᠩ ᠨᠠᠷ ᠮᠠᠨ ᠤ ᠬᠤᠰᠢᠭᠤᠨ ᠳᠤ ᠢᠷᠡᠵᠦ᠂ ᠠᠵᠤ | ᠦᠢᠯᠡᠳᠪᠦᠷᠢ ᠶᠢᠨ ᠠᠵᠤ ᠠᠬᠤᠶ ᠶᠢᠨ ᠡᠷᠭᠢᠯᠳᠠ ᠶᠢᠨ ᠬᠢᠨᠠᠨ ᠬᠡᠮᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠳᠠ | ᠵᠢᠭᠠᠨ ᠵᠢᠯᠤᠭᠤᠳᠤᠯᠭ᠎ᠠ ᠭᠢᠭᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠣᠯᠣᠨ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠵᠢᠴᠢ ᠬᠤᠰᠢᠭᠤ ᠤᠳᠤᠷᠢᠳᠤᠯᠭ᠎ᠠ ᠵᠧᠤ | ᠶᠦᠩ ᠴᠢᠶᠠᠩ᠂ ᠺᠠᠩ ᠷᠦᠢ ᠨᠠᠷ ᠰᠠᠭᠤᠳᠠᠯ ᠤᠨ ᠬᠤᠷᠠᠯ ᠳᠤ ᠣᠷᠣᠯᠴᠠᠪᠠ᠃ ᠪᠠᠶᠢᠴᠠᠭᠠᠨ ᠰᠤᠳᠤᠯᠤᠯᠳᠠ ᠶᠢᠨ | ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠪᠦᠦ ᠹᠧᠩ ᠪᠦᠯᠦᠭᠯᠡᠯ ᠤᠨ ᠨᠡᠭᠦᠷᠡᠰᠤ ᠪᠠᠷ | ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠥᠩ ᠲᠢᠶᠠᠨ ᠾᠧ ᠴᠤᠸᠠᠩ ᠡᠨᠧᠷᠭᠢ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ᠂ ᠵᠦᠩ ᠮᠧᠢ | ᠪᠦᠯᠦᠭᠯᠡᠯ ᠤᠨ ᠣᠷᠳᠣᠰ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ | ᠪᠠᠶᠢᠴᠠᠭᠠᠨ ᠰᠤᠳᠤᠯᠤᠯᠲᠠ ᠬᠢᠪᠠ᠃ ᠭᠥᠷᠥᠭᠰᠠᠨ ᠭᠠᠵᠠᠷ ᠪᠤᠯᠭᠠᠨ ᠳᠤ᠂ ᠪᠠᠶᠢᠴᠠᠭᠠᠨ ᠰᠤᠳᠤᠯᠤᠯᠳᠠ ᠶᠢᠨ | ᠳᠤᠭᠤᠶᠢᠯᠠᠩ ᠤᠨ ᠬᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠢᠯᠡᠳᠪᠦᠷᠢᠯᠡᠯ ᠢ ᠪᠠᠶᠢᠴᠠᠭᠠᠨ ᠥᠵᠠᠭᠦ᠂ | ᠲᠠᠨᠢᠯᠴᠠᠭᠤᠯᠭ᠎ᠠ ᠶᠢ ᠰᠤᠨᠤᠰᠬᠤ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ ᠪᠠᠷ ᠲᠠᠮᠵᠢᠨ ᠨᠢᠭᠡᠳᠦᠭᠡᠷ ᠤᠯᠠᠷᠢᠯ ᠤᠨ | ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠵᠢᠱᠢᠯᠲᠡ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠠᠵᠤ | ᠦᠢᠯᠡᠳᠪᠦᠷᠢ ᠳᠤ ᠬᠡᠷᠡᠭᠯᠡᠬᠦ ᠴᠠᠬᠢᠯᠭᠠᠨ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠬᠤᠳᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠬᠦᠷᠢᠶᠡᠯᠡᠩ ᠲᠣᠭᠤᠷᠢᠭ | ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠠᠵᠤ ᠠᠬᠤᠶᠢᠯᠠᠯ ᠤᠨ ᠬᠥᠭᠵᠢᠯᠲᠡ ᠳᠤ | ᠲᠤᠯᠭᠠᠷᠠᠭᠰᠠᠨ ᠬᠦᠴᠢᠷᠳᠡᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠠᠢ᠃ | 4 ᠰᠠᠷ᠎ᠠ ᠶᠢᠨ 2 ᠤᠨ ᠡᠳᠦᠷ᠂ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠪᠠ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠮᠠ ᠶᠠ ᠳ᠋ᠦᠩ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠶ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠰᠢᠶᠤᠤ ᡁᠢ ᠺᠤᠸᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠵᠣᠣ ᠰᠢᠦ᠋ᠩ ᠸᠧᠶ ᠲᠣᠰ ᠲᠣᠰ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ | ᠲᠥᠷᠥ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ | ᠰᠢᠢᠳᠪᠦᠷᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠰ ᠤᠳᠠᠭ᠎ᠠ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ 59 ᠬᠤᠪᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ 78 ᠬᠤᠪᠢ ᠲᠤᠰᠢᠶᠠᠨ ᠥᠭᠴᠦ ᠰᠢᠢᠳᠪᠦᠷᠢᠯᠡᠭᠦᠯᠪᠡ᠃ | 4 ᠰᠠᠷ᠎ᠠ ᠶᠢᠨ 3 ᠤ ᠡᠳᠦᠷ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | 4 ᠰᠠᠷ᠎ᠠ ᠶᠢᠨ 13 ᠤ ᠡᠳᠦᠷ᠂ ᠥᠪᠥᠷ ᠮᠣᠩᠭᠤᠯ ᠱᠠᠨᠰᠢ ᠬᠠᠮᠳᠣᠷᠠᠭᠰᠠᠨ ᠨᠢᠭᠡ ᠪᠢᠯᠧᠲ ᠢᠶᠠᠷ ᠲᠠᠪᠤᠨ | ᠵᠢᠭᠤᠯᠴᠢᠯᠠᠯ ᠤᠨ ᠣᠷᠣᠨ ᠢᠶᠠᠷ ᠠᠶᠠᠯᠠᠬᠤ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠰᠢᠷᠬᠤᠰᠤᠨ ᠵᠢᠭᠤᠯᠴᠢᠯᠠᠯ ᠤᠨ | ᠣᠷᠣᠨ ᠳᠤ ᠶᠠᠪᠤᠭᠳᠠᠯ᠎ᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ | ᠠᠵᠢᠯᠯᠠᠭ᠎ᠠ ᠳᠤ ᠣᠷᠣᠯᠴᠠᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠰᠣ᠋ ᠴᠢᠩ ᠫᠦ᠋ ᠪᠠᠶᠠᠷ ᠤᠨ ᠦᠭᠡ ᠶᠠᠷᠢᠵᠦ᠂ ᠬᠤᠰᠢᠭᠤ | ᠤᠳᠤᠷᠢᠳᠤᠯᠭ᠎ᠠ ᠾᠧ ᠤᠯᠠᠭᠠᠨ᠂ ᠣᠶᠣᠨᠪᠢᠯᠢᠭ᠌ ᠵᠢᠴᠢ ᠮᠠᠨ ᠤ ᠬᠤᠰᠢᠭᠤ ᠪᠤᠯᠤᠨ ᠡᠷᠬᠢᠨ ᠲᠣᠭᠤᠷᠢᠨ ᠤ ᠭᠠᠵᠠᠷ | ᠣᠷᠣᠨ ᠤ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠠᠭᠤᠳᠠᠯ᠂ ᠵᠢᠭᠤᠯᠴᠢᠯᠠᠯ ᠤᠨ ᠭᠠᠵᠠᠷ ᠤᠨ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ ᠬᠤᠰᠢᠭᠤ ᠳᠡᠳ᠋ ᠳᠠᠷᠤᠭ᠎ᠠ ᠹᠠᠨ ᠴᠦᠨ ᠬᠤᠶ ᠡᠬᠢᠯᠡᠯᠲᠡ ᠶᠢᠨ | ᠶᠣᠰᠣᠯᠠᠯ ᠢ ᠡᠷᠭᠢᠯᠡᠪᠡ᠃ | 4 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠸᠠᠩ ᠵᠢᠶᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠰᠢᠨ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠤᠰᠢᠭᠤ ᠳᠥᠷᠪᠡᠨ | ᠶᠡᠭᠡ ᠪᠠᠭ ᠤᠨ ᠤᠳᠤᠷᠢᠳᠤᠯᠭ᠎ᠠ ᠨᠠᠷ ᠦᠦᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠤ ᠮᠤᠤᠠᠤᠰᠤ ᠡᠯᠡᠰᠦᠷᠬᠡᠭ | ᠭᠠᠵᠠᠷ ᠢ ᠵᠠᠰᠠᠬᠤ ᠵᠢᠱᠢᠶ᠎ᠡ ᠦᠵᠡᠭᠦᠯᠬᠦ ᠭᠠᠵᠠᠷ ᠲᠤ ᠬᠦᠷᠴᠦ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ | ᠥᠷᠨᠢᠭᠦᠯᠪᠡ᠃ | 4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠦᠤᠰᠢᠨ ᠬᠤᠰᠢᠭᠤᠨ ᠤ ᠰᠦᠯᠳᠡ ᠰᠤᠮᠤᠨ ᠳᠤ ᠬᠦᠷᠴᠤ ᠠᠯᠠᠰᠢᠨ | ᠦᠬᠡᠷ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ᠂ ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠴᠢᠶᠣᠤ ᠵᠢᠶᠠᠨ ᠵᠢᠶᠠᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ ᠭᠦᠸᠧ ᠵᠠᠨ ᠵᠢᠶᠠᠩ ᠰᠦᠯᠳᠡ ᠰᠤᠮᠤᠨ | ᠤ ᠴᠤᠤᠳᠠᠢ ᠭᠠᠴᠠᠭ᠎ᠠ ᠳᠤ ᠪᠠᠶᠢᠭ᠎ᠠ ᠦᠤᠰᠢᠨ ᠬᠤᠰᠢᠭᠤᠨ ᠤ ᠠᠯᠠᠰᠢᠨ ᠦᠬᠡᠷ ᠤᠨ ᠤᠳᠤ ᠦᠶ᠎ᠡ ᠶᠢᠨ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠲᠤᠬᠠᠢ ᠶᠢᠨ ᠭᠠᠵᠠᠷ ᠤᠨ ᠠᠵᠤ | ᠠᠬᠤᠶᠢᠯᠠᠯ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ | ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ︽ᠡᠷᠦᠬᠡ | ᠲᠦᠯᠵᠢᠬᠦᠯᠵᠤ ᠠᠵᠤ ᠠᠬᠤᠶᠢᠯᠠᠯ ᠪᠤᠶᠢᠵᠢᠭᠤᠯᠬᠤ︾᠂ ︽ᠡᠷᠦᠬᠡ ᠬᠤᠯᠪᠣᠭᠠᠯᠠᠵᠤ ᠲᠠᠷᠭᠤᠯᠠᠭᠤᠯᠬᠤ︾ | ᠬᠠᠮᠲᠤᠷᠠᠯᠴᠠᠨ ᠲᠡᠵᠢᠭᠡᠨ ᠦᠷᠡᠵᠢᠭᠦᠯᠬᠦ ᠵᠠᠭᠪᠤᠷ ᠪᠣᠯᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | 4 ᠰᠠᠷ᠎ᠠ ᠶᠢᠨ 15 ᠤ ᠡᠳᠦᠷ᠂ ᠦᠦᠰᠢᠨ ᠬᠤᠰᠢᠭᠤᠨ ᠤ ᠺᠠᠳ᠋ᠷ ᠴᠢᠩᠲᠤᠤ ᠶᠢᠨ ᠰᠢ ᠬᠠᠢ ᠠᠨ ᠰᠢᠨ᠎ᠡ | ᠲᠣᠭᠤᠷᠢᠭ ᠲᠤ ᠬᠦᠷᠴᠦ ᠳᠠᠳᠤᠯᠭ᠎ᠠ ᠪᠣᠯᠪᠠᠰᠤᠷᠠᠯ ᠬᠢᠬᠦ ᠬᠤᠶᠠᠳᠤᠭᠠᠷ ᠬᠤᠭᠤᠴᠠᠭᠠᠨ ᠤ ᠡᠬᠢᠯᠡᠯᠲᠡ ᠶᠢᠨ ᠶᠣᠰᠣᠯᠠᠯ | ᠴᠢᠩᠲᠤᠤ ᠶᠢᠨ ᠰᠢ ᠬᠠᠢ ᠠᠨ ᠰᠢᠨ᠎ᠡ ᠲᠣᠭᠤᠷᠢᠭ ᠤᠨ ᠠᠵᠢᠯ ᠤᠨ ᠵᠥᠪᠯᠡᠯ ᠤᠨ ᠨᠠᠮ ᠤᠨ ᠰᠤᠷᠭᠠᠭᠤᠯᠢ ᠳᠤ | ᠶᠠᠪᠤᠭᠳᠠᠪᠠ᠃ | 4 ᠰᠠᠷ᠎ᠠ ᠶᠢᠨ 16 ᠤ ᠡᠳᠦᠷ᠂ ᠦᠦᠰᠢᠨ ᠬᠤᠰᠢᠭᠤ ᠪᠣᠯᠤᠨ ᠥᠪᠥᠷ ᠮᠣᠩᠭᠤᠯ ᠤᠨ ᠨᠡᠭᠦᠷᠡᠰᠦᠨ ᠤ ᠬᠠᠶᠢᠨ | ᠬᠡᠮᠵᠢᠯᠲᠡ ᠶᠢᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠰᠠᠭᠤᠳᠠᠯ ᠤᠨ | ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠤᠷᠳᠤᠨ ᠤ ᠬᠤᠰᠢᠭᠤ | ᠳᠠᠷᠤᠭ᠎ᠠ ᠰᠢᠨ᠎ᠡ ᠥᠪᠥᠷ ᠮᠣᠩᠭᠤᠯ ᠤᠨ ᠨᠡᠭᠦᠷᠡᠰᠦᠨ ᠤ ᠬᠠᠶᠢᠨ ᠬᠡᠮᠵᠢᠯᠲᠡ ᠶᠢᠨ ᠰᠢᠨ᠎ᠡ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠭᠦᠢᠴᠡᠳᠭᠡᠭᠴᠢ ᠬᠡᠷᠡᠭ ᠮᠡᠳᠡᠭᠴᠢ | ᠶᠣᠣ ᠬᠠᠶ ᠫᠧᠩ ᠨᠠᠷ ᠲᠠᠢ ᠶᠠᠷᠢᠯᠴᠠᠪᠠ᠃ | 4 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠨ᠎ᠡ ᠬᠤᠰᠢᠭᠤ ᠠᠷᠠᠳ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | 4 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠳᠠᠯ ᠤᠨ ᠬᠤᠷᠠᠯ ᠮᠠᠨ ᠤ ᠬᠤᠰᠢᠭᠤᠨ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠵᠠᠩ ᠭᠤᠸᠠᠩ ᠱᠧᠦ᠂ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠯᠢ ᠶᠦᠩ ᠴᠢᠩ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠵᠦᠩ | ᠲᠢᠶᠠᠨ ᠾᠧ ᠴᠤᠸᠠᠩ᠂ ᠪᠦᠦ ᠹᠧᠩ᠂ ᠬᠤᠢ ᠨᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠷᠪᠠ ᠭᠠᠷᠤᠢ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠵᠢᠴᠢ ᠬᠤᠰᠢᠭᠤ ᠠᠷᠠᠳ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠺᠠᠩ ᠷᠦᠢ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠷᠠᠯ ᠳᠤ | ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠬᠢᠨ ᠲᠤᠰ ᠲᠤᠰ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠠᠵᠢᠯ | ᠲᠦᠷᠦᠯ ᠤᠨ ᠣᠳᠣᠬᠢ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠵᠠᠩ | ᠭᠤᠸᠠᠩ ᠱᠧᠦ᠂ ᠯᠢ ᠶᠦᠩ ᠴᠢᠩ ᠨᠠᠷ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ | ᠬᠢᠨᠠᠮᠠᠭᠠᠢ ᠰᠣᠨᠣᠰᠣᠨ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ | 4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠣᠭᠠᠴᠢᠯᠠᠯᠲᠠ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ ᠪᠠᠶᠢᠨ᠎ᠠ᠃ ᠲᠣᠰ | ᠤᠳᠠᠭᠠᠨ ᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠪᠣᠯᠣᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ | ᠡᠷᠬᠢᠯᠡᠵᠦ᠂ ᠦᠤᠰᠢᠨ ᠬᠤᠰᠢᠭᠤᠨ ᠤ ᠵᠠᠰᠠᠭ ᠤᠨ ᠣᠷᠳᠣᠨ᠂ ᠣᠷᠳᠣᠰ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠣᠷᠳᠣᠰ ᠬᠤᠲᠠ ᠶᠢᠨ ᠲᠣᠭᠠᠴᠢᠯᠠᠭᠰᠠᠨ ᠪᠡᠯᠡ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠲᠢᠩᠬᠢᠮ ᠤᠨ ᠳᠡᠳ᠋ ᠳᠠᠷᠤᠭ᠎ᠠ ᠵᠠᠩ ᠭᠤᠸᠠᠩ ᠱᠸᠦ᠂ ᠣᠷᠳᠣᠰ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠴᠧᠨ ᠳ᠋ᠦᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠰᠢᠨ᠎ᠡ ᠨᠠᠷ ᠬᠤᠷᠠᠯ ᠳᠤ ᠣᠷᠣᠯᠴᠠᠵᠤ ᠢᠯᠡᠳᠬᠡᠯ ᠬᠢᠪᠡ᠃ | 4 ᠰᠠᠷ᠎ᠠ ᠶᠢᠨ 23 ᠤ ᠡᠳᠦᠷ᠂ ᠦᠦᠰᠢᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠳ᠋ᠣᠺᠲ᠋ᠣᠷ ᠤᠨ ᠠᠵᠢᠯ ᠤᠨ ᠥᠷᠲᠡᠭᠡᠨ ᠤ ᠫᠠᠶᠢᠰᠠ ᠰᠡᠬᠦᠬᠦ ᠶᠣᠰᠣᠯᠠᠯ ᠵᠢᠴᠢ ᠠᠵᠢᠯ ᠤᠨ | ᠪᠣᠯᠪᠠᠰᠤᠷᠠᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠶᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠭᠤᠤ | ᠵᠢᠶᠦ᠋ᠨ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠶᠡᠷᠦᠩᠬᠡᠶᠢᠯᠡᠭᠰᠡᠨ ᠮᠡᠷᠭᠡᠵᠢᠯ ᠤᠨ ᠰᠤᠳᠤᠯᠭᠠᠨ ᠤ | ᠭᠠᠵᠠᠷ ᠤᠨ ᠴᠢᠶᠣᠤ ᠶᠠᠨ ᠪᠥᠸᠧ ᠳ᠋ᠣᠺᠲ᠋ᠣᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠢᠦᠶ ᠹᠧᠩ᠂ ᠬᠤᠰᠢᠭᠤ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠪᠣᠯᠤᠨ ᠦᠤᠰᠢᠨ ᠬᠤᠰᠢᠭᠤᠨ ᠤ 8 ᠭᠤᠤᠯᠳᠠᠯᠭ᠎ᠠ ᠲᠠᠢ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠢ ᠵᠧᠨ ᠷᠦᠩ ᠬᠤᠷᠠᠯ ᠡᠷᠭᠢᠯᠡᠪᠡ᠃ | 4 ᠰᠠᠷ᠎ᠠ ᠶᠢᠨ 23 ᠤ ᠡᠳᠦᠷ᠂ ᠦᠤᠰᠢᠨ ᠮᠣᠷᠢᠨ ᠬᠤᠭᠤᠷ ᠤᠨ ᠰᠢᠮᠫᠦᠨᠢ ᠨᠠᠶᠢᠷᠠᠯ ᠬᠥᠭᠵᠢᠮ ᠤᠨ | ᠪᠦᠯᠬᠦᠮ ᠤᠨ ᠶᠠᠨ ᠠᠨ ᠬᠤᠳᠠ ᠳᠠᠬᠢ ᠲᠤᠰᠬᠠᠶ ᠲᠠᠯᠠᠪᠠᠢ ᠶᠢᠨ ᠲᠣᠭᠯᠠᠯᠲᠠ ᠵᠢᠴᠢ ᠦᠤᠰᠢᠨ ᠬᠤᠰᠢᠭᠤᠨ ᠤ | ᠵᠢᠭᠤᠯᠴᠢᠯᠠᠯ ᠤᠨ ᠰᠢᠭᠤᠳ ᠠᠶᠠᠯᠠᠯ ᠨᠡᠪᠲᠡᠷᠡᠬᠦ ᠶᠣᠰᠣᠯᠠᠯ ᠶᠠᠨ ᠠᠨ ᠬᠤᠲᠠ ᠶᠢᠨ ᠵᠦᠴᠦᠭᠡ ᠶᠢᠨ ᠬᠦᠷᠢᠶᠡᠯᠡᠩ ᠳᠤ | ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃ ᠠᠵᠢᠯᠯᠠᠭ᠎ᠠ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ | ᠬᠠᠮᠲᠤ ᠪᠠᠷ ᠵᠢᠭᠤᠯᠴᠢᠯᠠᠯ ᠤᠨ ᠰᠢᠭᠤᠳ ᠠᠶᠠᠯᠠᠯ ᠨᠡᠪᠲᠡᠷᠡᠬᠦ ᠲᠡᠷᠭᠡ ᠶᠢ ᠨᠡᠪᠲᠡᠷᠡᠭᠦᠯᠦᠭᠰᠡᠨ ᠪᠥᠭᠡᠳ ᠦᠦᠰᠢᠨ | ᠬᠤᠰᠢᠭᠤᠨ ᠤ ᠰᠣᠶᠣᠯ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠲᠥᠪ ᠤᠨ ᠫᠠᠶᠢᠰᠠ ᠶᠢ ᠰᠡᠬᠦᠪᠡ᠃ | 4 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠰᠢᠨ᠎ᠡ ᠤᠯᠤᠰ ᠤᠨ ᠬᠤᠭᠤᠯᠠᠶ ᠲᠣᠤᠷ ᠤᠨ ᠪᠦᠯᠦᠭᠯᠡᠯ ᠤᠨ ᠪᠡᠭᠡᠵᠢᠩ ᠤᠨ ᠬᠤᠭᠤᠯᠠᠶ ᠲᠣᠤᠷ ᠤᠨ | ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠴᠧᠩ ᠹᠸᠢ ᠨᠠᠷ ᠲᠠᠢ ᠶᠠᠷᠢᠯᠴᠠᠵᠤ | ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠬᠤ᠂ ᠬᠤᠭᠤᠯᠠᠶ ᠲᠤᠤᠷ ᠤᠨ ᠪᠤᠰᠤ ᠬᠡᠶ ᠶᠢᠨ ᠨᠠᠲᠷᠢ᠂ ᠪᠠᠶᠢᠭᠠᠯᠢ ᠶᠢᠨ ᠰᠢᠲᠠᠮᠠᠬᠠᠶ | ᠬᠡᠶ ᠶᠢᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠵᠡᠷᠭᠡ ᠶᠠᠪᠤᠳᠠᠯ ᠤᠨ ᠲᠤᠬᠠᠶ ᠭᠦᠨᠵᠡᠭᠡᠶ ᠰᠣᠯᠢᠯᠴᠠᠪᠠ᠃ | 4 ᠰᠠᠷ᠎ᠠ ᠶᠢᠨ 25 ᠤ ᠡᠳᠦᠷ᠂ ᠦᠦᠰᠢᠨ ᠬᠤᠰᠢᠭᠤ ᠪᠣᠯᠣᠨ ᠬᠤᠲᠠ ᠶᠢᠨ ᠲᠠᠷᠢᠶᠠᠯᠠᠩ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠦᠯᠳᠡᠭᠡᠵᠤ ᠬᠦᠷᠦᠬᠡᠭᠦ ᠬᠡᠯᠬᠢᠶᠡᠵᠢᠯ ᠤᠨ ᠪᠠᠷᠠᠭᠠᠨ ᠭᠦᠢᠯᠭᠡᠭᠡᠨ ᠤ ᠲᠥᠷᠥᠯ | ᠵᠦᠢᠯ ᠤᠨ ᠰᠠᠭᠤᠳᠠᠯ ᠤᠨ ᠬᠤᠷᠠᠯ ᠬᠤᠷᠠᠯᠳᠤᠪᠠ᠃ ᠬᠤᠲᠠ ᠶᠢᠨ ᠤᠰᠤᠨ ᠠᠰᠢᠭᠯᠠᠯᠲᠠ ᠶᠢᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ᠂ ᠬᠤᠲᠠ ᠶᠢᠨ ᠲᠠᠷᠢᠶᠠᠯᠠᠩ ᠤᠨ ᠪᠠᠯᠠ | ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠶᠦᠩ | ᠬᠤᠸᠠ ᠨᠠᠷ ᠪᠣᠯᠣᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ᠂ ᠬᠤᠰᠢᠭᠤ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠦᠦᠰᠢᠨ ᠬᠤᠰᠢᠭᠤᠨ ᠤ ᠬᠦᠯᠳᠡᠭᠡᠵᠤ ᠬᠦᠷᠦᠬᠡᠭᠦ ᠬᠡᠯᠬᠢᠶᠡᠵᠢᠯ ᠤᠨ | ᠪᠠᠷᠠᠭᠠᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠥᠪ ᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ | ᠲᠤᠯᠭᠠᠷᠠᠭᠰᠠᠨ ᠬᠦᠴᠢᠷᠳᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠰᠢᠢᠳᠪᠦᠷᠢᠯᠡᠬᠦ | ᠠᠷᠭ᠎ᠠ ᠬᠡᠮᠵᠢᠶ᠎ᠡ ᠶᠢ ᠰᠤᠳᠤᠯᠤᠭᠰᠠᠨ ᠪᠠᠶᠢᠨ᠎ᠠ᠃ | 4 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠠᠯᠲᠠᠨᠴᠢᠯᠠᠭᠤ᠂ | ᠴᠢᠯᠠᠭᠤ᠂ ᠶᠤᠸᠠᠢ ᠵᠧᠨ ᠷᠦᠩ᠂ ᠴᠠᠩ ᠢᠦᠶ ᠵᠢᠶᠦ᠋ᠨ᠂ ᠱᠠ ᠵᠢᠶᠠᠨ᠂ ᠤᠯᠠᠭᠠᠨᠪᠠᠭᠠᠲᠤᠷ᠂ ᠡᠯ᠎ᠡ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ | ᠵᠣᠬᠢᠶᠠᠯ ᠤᠨ ᠵᠣᠷᠢᠭ ᠰᠠᠨᠠᠭ᠎ᠠ᠂ ᠶᠡᠷᠦᠩᠬᠡᠶ ᠰᠠᠶᠢᠳ ᠯᠢ ᠴᠢᠶᠠᠩ ᠤᠨ ᠶᠠᠷᠢᠶ᠎ᠠ ᠵᠢᠴᠢ ᠳᠡᠭᠡᠳᠦ ᠱᠠᠲᠤᠨ ᠤ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ | ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠵᠠᠳᠠᠷᠠᠭᠤᠯᠵᠤ ᠪᠤᠯᠬᠤ ᠮᠠᠲ᠋ᠧᠷᠢᠶᠠᠯ ᠤᠨ ᠠᠵᠤ ᠦᠢᠯᠡᠰ | ᠤᠨ ᠬᠦᠷᠢᠶᠡᠯᠡᠩ ᠢ ᠴᠢᠨᠠᠷ ᠰᠠᠶᠢᠲᠠᠶ ᠪᠠᠶᠢᠭᠤᠯᠬᠤ ᠲᠥᠰᠦᠯ ᠵᠢᠴᠢ ᠠᠵᠤ ᠦᠢᠯᠡᠰ ᠤᠨ ᠬᠥᠭᠵᠢᠯᠲᠡ ᠶᠢᠨ | ᠰᠤᠳᠤᠯᠭᠠᠨ ᠤ ᠮᠡᠳᠡᠭᠦᠯᠦᠯᠲᠡ︾᠂ ︽ᠦᠦᠰᠢᠨ ᠬᠤᠰᠢᠭᠤᠨ ᠤ ᠰᠤᠮᠤ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ | ᠵᠦᠢᠯᠡᠰ ᠤᠨ ᠨᠠᠷᠢᠨ ᠲᠠᠩᠰᠠ︾᠂ ︽ᠦᠦᠰᠢᠨ ᠬᠤᠰᠢᠭᠤᠨ ᠤ ︿ᠮᠢᠩᠭ᠎ᠠ ᠲᠦᠮᠡ ᠶᠢᠨ ᠢᠨᠵᠧᠨᠧᠷᠢᠩ﹀ ᠤᠨ | ᠲᠤᠷᠰᠢᠯᠭ᠎ᠠ ᠶᠢ ᠰᠤᠷᠤᠯᠴᠠᠨ ᠠᠰᠢᠭᠯᠠᠬᠤ ᠬᠡᠷᠡᠭᠵᠢᠭᠦᠯᠬᠦ ᠲᠥᠰᠦᠯ︾ ᠵᠡᠷᠭᠡ ᠠᠭᠤᠯᠭ᠎ᠠ ᠶᠢ ᠬᠢᠨᠠᠨ ᠵᠥᠪᠯᠡᠵᠦ᠂ ᠵᠠᠮ | ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠲᠤᠭ ᠪᠠᠯᠭᠠᠰᠤᠨ ᠳᠤ ᠨᠡᠶᠢᠲᠡ ᠶᠢᠨ ᠮᠠᠰᠢᠨ | ᠨᠡᠪᠲᠡᠷᠡᠬᠦᠯᠬᠦ ᠪᠠᠷ ᠲᠦᠰᠦᠪᠯᠡᠵᠤ ᠪᠠᠶᠢᠭ᠎ᠠ ᠲᠥᠷᠥᠯ ᠵᠦᠢᠯ᠂ ᠤᠯᠤᠰ ᠤᠨ ᠪᠠᠯᠠ ᠣᠷᠣᠭᠤᠯᠤᠯᠲᠠ ᠶᠢᠨ | ᠪᠦᠯᠦᠭᠯᠡᠯ ᠤᠨ ᠨᠡᠭᠦᠷᠡᠰᠦᠨ ᠳᠠᠪᠬᠤᠷᠭ᠎ᠠ ᠶᠢᠨ ᠬᠡᠢ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠲᠥᠷᠥᠯ ᠵᠦᠢᠯ᠂ | ᠪᠠᠯᠭᠠᠰᠤᠨ ᠤ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠤᠭᠤᠯᠠᠶ ᠲᠣᠤᠷ ᠤᠨ ᠢᠨᠵᠧᠨᠧᠷᠢᠩ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠵᠡᠷᠭᠡ ᠶᠠᠪᠤᠳᠠᠯ ᠢ ᠰᠤᠳᠤᠯᠵᠠᠶ ᠃ | 4 ᠰᠠᠷ᠎ᠠ ᠶᠢᠨ 26 ᠤ ᠡᠳᠦᠷ᠂ ᠦᠦᠰᠢᠨ ᠬᠤᠰᠢᠭᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ | ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠣᠯᠣᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ | ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠢᠨ᠎ᠡ ᠪᠣᠯᠣᠨ | ᠬᠤᠰᠢᠭᠤ ᠤᠳᠤᠷᠢᠳᠤᠯᠭ᠎ᠠ ᠠᠯᠲᠠᠨᠴᠢᠯᠠᠭᠤ᠂ ᠴᠠᠩ ᠢᠦᠶ ᠵᠢᠶᠦ᠋ᠨ ᠵᠢᠴᠢ ᠡᠯ᠎ᠡ ᠰᠤᠮᠤ ᠪᠠᠯᠭᠠᠰᠤ᠂ ᠬᠤᠰᠢᠭᠤ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠠᠴᠠ ᠪᠥᠬᠦ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ ᠠᠵᠢᠯ ᠤᠨ ᠶᠡᠷᠦᠩᠭᠡᠢ ᠪᠠᠶᠢᠳᠠᠯ ᠢ ᠮᠡᠳᠡᠭᠳᠡᠪᠡ᠃ ᠡᠯ᠎ᠡ ᠰᠤᠮᠤ ᠪᠠᠯᠭᠠᠰᠤᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠨᠤᠲᠤᠭ ᠪᠡᠯᠴᠢᠭᠡᠷ ᠣᠶᠢᠲᠤ ᠭᠠᠵᠠᠷ ᠢ ᠲᠤᠰᠬᠠᠶ ᠴᠡᠭᠴᠡᠯᠡᠨ ᠵᠠᠰᠠᠬᠤ | ᠠᠵᠢᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠪᠡ᠃ | 4 ᠰᠠᠷ᠎ᠠ ᠶᠢᠨ 27 ᠤ ᠡᠳᠦᠷ᠂ ᠦᠦᠰᠢᠨ ᠬᠤᠰᠢᠭᠤᠨ ᠤ ︽ᠰᠢᠷᠭ᠎ᠠ ᠮᠣᠷᠢ ᠶᠠᠨ ᠠᠨ ᠳᠤ ᠳᠠᠬᠢᠨ ᠪᠤᠴᠠᠬᠤ | ︾ ᠳᠤᠭᠤᠢ ᠲᠡᠷᠭᠡᠨ ᠤ ᠪᠦᠯᠬᠦᠮ ᠤᠷᠤᠭᠰᠢᠲᠠᠢ ᠪᠤᠴᠠᠵᠤ ᠢᠷᠡᠪᠡ᠃ ᠬᠤᠰᠢᠭᠤ ᠨᠠᠮ ᠤᠨ ᠬᠤᠷᠢᠶᠠᠨ ᠤ ᠱᠦᠵᠢ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ ᠬᠤᠰᠢᠭᠤ ᠳᠥᠷᠪᠡᠨ ᠶᠡᠭᠡ ᠤᠳᠤᠷᠢᠳᠬᠤ ᠪᠠᠭ ᠢ | ᠳᠠᠭᠠᠭᠤᠯᠤᠨ ᠲᠤᠬᠠᠶ ᠶᠢᠨ ᠲᠠᠯᠠᠪᠠᠢ ᠳᠤ ᠤᠭᠲᠤᠬᠤ ᠶᠢᠨ ᠬᠠᠮᠲᠤ ᠴᠡᠴᠡᠭ ᠬᠦᠷᠭᠡᠪᠡ᠃ | |