ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠶᠡᠭᠡ ᠠᠵᠢᠯ ᠶᠠᠪᠤᠳᠠᠯ ᠤᠨ ᠲᠡᠮᠳᠡᠭᠯᠡᠯ — ᠲᠠᠪᠤᠳᠤᠭᠠᠷ ᠰᠠᠷ᠎ᠠ
ᠨᠡᠶᠢᠲᠡᠯᠡᠭᠰᠡᠨ ᠴᠠᠭ᠄
2024/11/28
      5 ᠰᠠᠷ᠎ᠠ ᠶᠢᠨ 8 ᠤ ᠡᠳᠦᠷ᠂ ᠮᠠᠨ ᠤ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠱᠠᠭᠠᠷᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠠᠯᠲᠠᠨᠴᠢᠯᠠᠭᠤ᠂ ᠶᠤᠸᠠᠢ ᠵᠧᠨ ᠷᠦᠩ᠂ ᠺᠠᠩ ᠷᠦᠢ᠂ ᠴᠠᠩ ᠢᠦᠶ ᠵᠢᠶᠦ᠋ᠨ᠂ ᠱᠠ ᠵᠢᠶᠠᠨ᠂ ᠸᠠᠩ ᠮᠧᠩ᠂ ᠤᠯᠠᠭᠠᠨᠪᠠᠭᠠᠲᠤᠷ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠠᠴᠠ ᠥᠩᠭᠡᠷᠡᠭᠰᠡᠨ ᠵᠢᠯ ᠤᠳ ᠤᠨ ᠠᠮᠢ ᠠᠬᠤᠢ ᠣᠷᠴᠢᠨ ᠲᠣᠭᠤᠷᠢᠨ ᠤ ᠱᠠᠭᠠᠷᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠴᠡᠭᠴᠡᠯᠡᠨ ᠰᠠᠶᠢᠵᠢᠷᠠᠭᠤᠯᠬᠤ ᠳᠤ ᠲᠤᠯᠭᠠᠷᠠᠭᠰᠠᠨ ᠬᠦᠴᠢᠷ ᠠᠰᠠᠭᠤᠳᠠᠯ ᠢ ᠰᠢᠢᠳᠪᠤᠷᠢᠯᠡᠭᠰᠡᠨ ᠪᠠᠶᠢᠳᠠᠯ ᠢ ᠨᠡᠶᠢᠲᠡᠯᠡᠵᠦ᠂ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠵᠢᠯ ᠤᠨ ᠲᠥᠯᠥᠪᠯᠡᠭᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠤᠰᠣᠨ ᠬᠤᠯᠪᠣᠭᠳᠠᠯ ᠪᠦᠬᠦᠢ ᠤᠳᠤᠷᠢᠳᠤᠯᠭ᠎ᠠ ᠠᠴᠠ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠲᠤᠭᠢᠷᠠᠭᠤᠯᠤᠯᠳᠠ ᠪᠠᠶᠢᠷᠢᠯᠠᠭᠤᠯᠤᠯᠲᠠ ᠬᠢᠪᠡ᠃       5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠠᠯᠲᠠᠨᠴᠢᠯᠠᠭᠤ᠂ ᠴᠢᠯᠠᠭᠤ᠂ ᠶᠤᠸᠠᠢ ᠵᠧᠨ ᠷᠦᠩ᠂ ᠺᠠᠩ ᠷᠦᠢ᠂ ᠴᠠᠩ ᠢᠦᠶ ᠵᠢᠶᠦ᠋ᠨ᠂ ᠹᠠᠨ ᠴᠦᠨ ᠬᠤᠶ᠂ ᠱᠠ ᠵᠢᠶᠠᠨ᠂ ᠸᠠᠩ ᠮᠧᠩ᠂ ᠭᠤᠤ ᠴᠢᠶᠠᠩ ᠶᠢᠩ᠂ ᠤᠯᠠᠭᠠᠨᠪᠠᠭᠠᠲᠤᠷ ᠪᠣᠯᠣᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠠᠬᠢ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠠᠭᠤᠳᠠᠯ ᠤᠨ ᠬᠤᠷᠠᠯ ᠪᠣᠯᠤᠨ ᠴᠦᠩᠴᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠦᠰᠢᠨ ᠬᠤᠰᠢᠭᠤᠨ ᠤ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠬᠠᠪᠰᠤᠷᠤᠨ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠲᠥᠰᠦᠯ︾᠂ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠦᠷᠨᠢᠬᠦᠯᠦᠭᠰᠡᠨ ᠪᠠᠶᠢᠩᠭᠤ ᠶᠢᠨ ᠲᠤᠭ᠎ᠠ ᠪᠦᠷᠢᠳᠬᠡᠯ ᠤᠨ ᠱᠠᠭᠠᠷᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠤᠨ ᠳᠤᠬᠠᠢ ᠦᠦᠰᠢᠨ ᠬᠤᠰᠢᠭᠤᠨ ᠤ ᠴᠡᠭᠴᠡᠯᠡᠨ ᠰᠠᠶᠢᠵᠢᠷᠠᠭᠤᠯᠬᠤ ᠲᠥᠰᠦᠯ︾ ᠵᠡᠷᠭᠡ ᠶᠠᠪᠤᠳᠠᠯ ᠢ ᠰᠤᠳᠤᠯᠤᠨ ᠬᠢᠨᠠᠨ ᠵᠦᠪᠯᠡᠪᠡ᠃       5 ᠰᠠᠷ᠎ᠠ ᠶᠢᠨ 9 ᠤ ᠡᠳᠦᠷ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠣᠷᠳᠣᠰ ᠬᠤᠲᠠ ᠶᠢᠨ ᠡᠬᠢᠯᠡᠯᠲᠡ ᠶᠢᠨ ᠶᠣᠰᠣᠯᠠᠯ ᠵᠢᠴᠢ ᠪᠥᠬᠦ ᠬᠤᠲᠠ ᠶᠢᠨ ᠠᠷᠪᠠᠳᠤᠭᠠᠷ ᠬᠤᠭᠤᠴᠠᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠦᠤᠰᠢᠨ ᠬᠤᠰᠢᠭᠤᠨ ᠳᠤ ᠶᠠᠪᠤᠭᠳᠠᠪᠠ᠃      5 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠰᠢᠷᠬᠤᠰᠤᠨ ᠪᠠᠯᠭᠠᠰᠤ᠂ ᠲᠤᠭ ᠪᠠᠯᠭᠠᠰᠤ᠂ ᠤᠯᠠᠭᠠᠨᠳᠤᠯᠤᠭᠠᠢ ᠪᠠᠯᠭᠠᠰᠤ ᠪᠠᠷ ᠬᠦᠷᠴᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠵᠢᠯᠣᠭᠤᠳᠤᠯᠭ᠎ᠠ ᠭᠢᠵᠤ ᠬᠤᠰᠢᠭᠤ ᠤᠳᠤᠷᠢᠳᠤᠯᠭ᠎ᠠ ᠵᠧᠤ ᠶᠦᠩ ᠴᠢᠶᠠᠩ᠂ ᠠᠯᠲᠠᠨᠴᠢᠯᠠᠭᠤ᠂ ᠺᠠᠩ ᠷᠦᠢ ᠂ ᠤᠯᠠᠭᠠᠨᠪᠠᠭᠠᠲᠤᠷ ᠵᠢᠴᠢ ᠡᠯ᠎ᠡ ᠬᠤᠯᠪᠣᠭᠳᠠᠯ ᠪᠥᠬᠦᠶ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠤᠯᠲᠠ ᠳᠤ᠂ ᠰᠢᠨ᠎ᠡ ᠤᠷᠢᠳ ᠬᠤᠵᠢᠳ ᠥᠪᠥᠷ ᠮᠣᠩᠭᠤᠯ ᠤᠨ ᠳ᠋ᠠ ᠳ᠋ᠢ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠪᠠᠲᠤ ᠶᠢᠨ ᠲᠤᠬᠤᠢ ᠲᠣᠰᠬᠤᠨ ᠤ ᠤᠷᠭᠤᠮᠠᠯ ᠤᠨ ᠪᠦᠷᠭᠦᠴᠡ ᠶᠢ ᠰᠡᠷᠭᠦᠭᠡᠬᠦ ᠴᠡᠭ᠂ ᠨᠠᠷᠢᠠᠭᠤᠤᠯ ᠠᠵᠤ ᠦᠢᠯᠡᠰ ᠤᠨ ᠬᠦᠷᠢᠶᠡᠯᠡᠩ᠂ ᠢᠦᠢ ᠬᠤᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠮᠣᠳᠤᠨᠴᠠᠶᠢᠳᠠᠮ ᠨᠡᠭᠦᠷᠡᠰᠦᠨ ᠠᠭᠤᠷᠬᠠᠢ᠂ ᠮᠦᠩᠭᠡᠴᠢᠨ ᠨᠡᠭᠦᠷᠡᠰᠦᠨ ᠠᠭᠤᠷᠬᠠᠢ ᠪᠠᠷ ᠬᠦᠷᠴᠤ ᠪᠠᠶᠢᠴᠠᠭᠠᠨ ᠰᠤᠲᠤᠯᠤᠨ ᠬᠢᠨᠠᠨ ᠵᠢᠯᠣᠭᠤᠳᠴᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠦᠢᠯᠠᠭᠠᠵᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃        5 ᠰᠠᠷ᠎ᠠ ᠶᠢᠨ 12 ᠤᠨ ᠡᠳᠦᠷ᠂ ᠦᠦᠰᠢᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠬᠦᠯᠬᠦ ᠪᠣᠯᠪᠠᠰᠤᠷᠠᠯ ᠤᠨ ᠠᠩᠭᠢ ᠠᠨᠾᠦ᠋ᠢ ᠮᠣᠵᠢ ᠶᠢᠨ ᠾᠹᠸᠢ ᠬᠤᠲᠠ ᠳᠤ ᠬᠢᠴᠢᠶᠡᠯ ᠡᠬᠢᠯᠡᠪᠡ᠃ ᠪᠣᠯᠪᠠᠰᠤᠷᠠᠯ ᠤᠨ ᠬᠤᠭᠤᠴᠠᠭ᠎ᠠ ᠨᠢ 6 ᠡᠳᠦᠷ ᠪᠠᠶᠢᠵᠤ᠂ ᠭᠤᠤᠯ ᠰᠡᠳᠦᠪᠲᠦ ᠲᠠᠶᠢᠯᠤᠮᠵᠢ᠂ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠵᠡᠷᠭᠡ ᠣᠯᠠᠨ ᠡᠰᠢᠵᠢᠭᠰᠡᠨ ᠠᠭᠤᠯᠭ᠎ᠠ ᠶᠢ ᠪᠠᠭᠲᠠᠭᠠᠵᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠥᠬᠦ ᠬᠤᠰᠢᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 2024 ᠣᠨ ᠳᠤ ᠳᠡᠭᠡᠳᠦ ᠰᠢᠨ᠎ᠡ ᠮᠡᠷᠭᠡᠵᠢᠯ ᠢ ᠭᠤᠶᠤᠴᠢᠯᠠᠨ ᠮᠡᠳᠡᠬᠦᠯᠬᠦ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠬᠠᠨᠳᠤᠭᠤᠯᠵᠤ ᠦᠤᠰᠢᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠠᠷ ᠵᠤᠷᠢᠯᠭ᠎ᠠ ᠪᠠᠨ ᠪᠤᠯᠭᠠᠭᠰᠠᠨ ᠪᠠᠶᠢᠨ᠎ᠠ᠃      5 ᠰᠠᠷ᠎ᠠ ᠶᠢᠨ 13 ᠤ ᠡᠳᠦᠷ᠂ ᠦᠦᠰᠢᠨ ᠬᠤᠰᠢᠭᠤᠨ ᠤ 2024 ᠣᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠭᠠᠯᠠᠭᠤᠳᠤ ᠪᠠᠯᠭᠠᠰᠤᠨ ᠤ ᠴᠢᠬᠡᠴᠢ ᠵᠠᠰᠠᠭ ᠤᠨ ᠠᠭᠤᠳᠠᠮ ᠲᠠᠯᠠᠪᠠᠢ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠴᠢᠯᠠᠭᠤ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠤᠯᠠᠭᠠᠨᠪᠠᠭᠠᠲᠤᠷ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      5 ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠨ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂ ᠪᠥᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠲᠤ ᠪᠠᠷ ᠴᠢᠨᠡᠭᠡᠯᠢᠭᠵᠢᠬᠦ ᠤᠯᠤᠰ ᠤᠨ ᠥᠯᠢᠭᠡᠷ ᠳᠠᠭᠤᠷᠢᠶᠠᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠦᠤᠰᠢᠨ ᠬᠤᠰᠢᠭᠤᠨ ᠤ ︽520 ᠬᠠᠮᠳᠤ ᠪᠠᠷ ᠪᠠᠶᠠᠵᠢᠵᠤ ᠬᠠᠮᠳᠤ ᠪᠠᠷ ᠡᠳ᠋ᠯᠡᠭᠦ︾ ᠬᠦᠷᠰᠢ ᠰᠠᠭᠠᠬᠠᠯᠳᠠ ᠶᠢᠨ ᠰᠤᠶᠤᠯ ᠤᠷᠠᠯᠢᠭ ᠤᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠦᠤᠰᠢᠨ ᠬᠤᠰᠢᠭᠤᠨ ᠤ ᠠᠷᠡᠳ ᠤᠨ ᠠᠭᠤᠳᠠᠮ ᠲᠠᠯᠠᠪᠠᠢ ᠳᠤ ᠶᠠᠪᠤᠭᠳᠠᠯ᠎ᠠ᠃ ᠠᠵᠢᠯᠯᠠᠭ᠎ᠠ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠮᠠᠯ ᠲᠠᠷᠢᠶᠠᠯᠡᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠤᠷᠤᠯᠠᠭᠤᠯᠭ᠎ᠠ᠂ ᠰᠣᠨᠢᠷᠬᠠᠯᠲᠤ ᠪᠡᠶ᠎ᠡ ᠲᠠᠮᠢᠷ ᠤᠨ ᠴᠤᠭᠯᠠᠭᠠᠨ᠂ ᠤᠷᠤᠭ ᠭᠡᠷ ᠪᠦᠯᠢ ᠶᠢᠨ ᠳᠤᠷᠠᠰᠬᠠᠯ ᠤᠨ ᠠᠵᠢᠯᠯᠠᠭ᠎ᠠ᠂ ᠴᠠᠭᠠᠰᠤᠨ ᠰᠢᠪᠠᠭᠤ ᠨᠢᠰᠭᠡᠭᠦ᠂ ᠠᠮᠳᠠᠳᠥ ᠢᠳᠡᠭᠡᠨ ᠠᠮᠳᠠᠯᠠᠬᠤ ᠵᠡᠷᠭᠡ ᠪᠠᠶᠠᠯᠢᠭ ᠠᠭᠤᠯᠭ᠎ᠠ ᠶᠢ ᠲᠤᠬᠢᠷᠠᠭᠤᠯᠵᠤ᠂ ᠪᠦᠬᠦ ᠬᠤᠰᠢᠭᠤᠨ ᠤ ᠰᠠᠭᠤᠭᠠᠯᠢ ᠠᠷᠠᠳ ᠲᠤ ᠰᠡᠯᠡᠭᠦᠴᠡᠨ ᠠᠮᠠᠷᠠᠬᠤ᠂ ᠵᠤᠭᠠᠴᠠᠨ ᠨᠠᠭᠠᠳᠬᠤ ᠵᠡᠷᠭᠡ ᠤᠷᠴᠢᠨ ᠢ ᠪᠦᠷᠢᠯᠲᠦᠭᠦᠯᠵᠤ᠂ ᠬᠦᠷᠰᠢ ᠰᠠᠭᠠᠬᠠᠯᠳᠠ ᠶᠢᠨ ᠬᠠᠷᠢᠴᠠᠭ᠎ᠠ ᠶᠢ ᠤᠯᠠᠮ ᠨᠦᠭᠦᠷᠰᠡᠭ ᠪᠤᠯᠭᠠᠵᠠᠢ᠃      5 ᠰᠠᠷ᠎ᠠ ᠶᠢᠨ 19 ᠤ ᠡᠳᠦᠷ᠂ ᠦᠦᠰᠢᠨ ᠬᠤᠰᠢᠭᠤᠨ ᠤ 2024 ᠣᠨ ᠤ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠦᠦᠰᠢᠨ ᠵᠢᠷᠤᠭ᠎ᠠ ᠮᠤᠷᠢᠨ ᠤ ᠰᠤᠶᠤᠯ ᠵᠢᠭᠤᠯᠴᠢᠯᠠᠯ ᠤᠨ ᠠᠮᠠᠷᠠᠯᠲᠠ ᠶᠢᠨ ᠤᠷᠤᠨ ᠳᠤ ᠡᠬᠢᠯᠡᠪᠡ᠃      5 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠶᠣᠣ ᠨᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠶ ᠵᠠᠬᠢᠷᠤᠯ ᠰᠢᠤᠢ ᠱᠦᠸᠧ ᠢ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠬᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠰᠤᠪᠤᠷᠭ᠎ᠠ ᠠᠵᠤ ᠠᠬᠤᠢ ᠶᠢᠨ ᠨᠡᠬᠡᠬᠡᠯᠳᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠬᠠᠮᠢᠶᠠᠷᠤᠯᠳᠠ ᠶᠢᠨ ᠵᠦᠪᠯᠡᠯ ᠤᠨ ᠳᠡᠳ᠋ ᠡᠷᠬᠢᠯᠡᠭᠴᠢ ᠵᠸᠤ ᠶᠦᠩ ᠴᠢᠶᠠᠩ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ ᠡᠨᠧᠷᠬᠢ ᠶᠢᠨ ᠳᠤᠪᠴᠢᠶ᠎ᠠ ᠶᠢᠨ ᠭᠤᠤᠯ ᠬᠠᠷᠢᠭᠤᠴᠠᠯᠭᠠᠳᠠᠨ ᠰᠠᠭᠤᠳᠠᠯ ᠤᠨ ᠬᠤᠷᠠᠯ ᠳᠤ ᠤᠷᠤᠯᠴᠠᠪᠠ᠃      5 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ  ᠨᠡᠶᠢᠬᠡᠮ ᠤᠨ ᠠᠵᠢᠯ ᠤᠨ ᠬᠡᠯᠲᠡᠰ ᠪᠠᠢᠭᠤᠯᠤᠭᠳᠠᠪᠠ᠃      5 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ 2024 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ ᠪᠦᠬᠦᠢ ᠠᠵᠢᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠬᠠᠳᠤᠨ ᠭᠤᠣᠯ ᠤᠨ ᠶᠡᠭᠡ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠢᠴᠢ ᠴᠢᠨᠠᠷ ᠰᠠᠶᠢᠲᠠᠢ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠢ ᠬᠢᠨᠠᠨ ᠵᠥᠪᠯᠡᠪᠡ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ