ᠦᠦᠰᠢᠨ ᠤᠰᠤᠨ ᠵᠢᠷᠤᠭ᠎ᠠ ᠮᠤᠷᠢᠨ ᠤ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠣᠷᠣᠨ 
ᠨᠡᠶᠢᠲᠡᠯᠡᠭᠰᠡᠨ ᠴᠠᠭ᠄
2024/11/4
      ᠦᠦᠰᠢᠨ ᠤᠰᠤᠨ ᠵᠢᠷᠤᠭ᠎ᠠ ᠮᠤᠷᠢᠨ ᠤ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠣᠷᠣᠨ ᠨᠢ ᠦᠦᠰᠢᠨ ᠬᠤᠰᠢᠭᠤᠨ ᠤ ᠰᠦᠯᠳᠡ ᠰᠤᠮᠤᠨ ᠳᠤ ᠬᠠᠷᠢᠶᠠᠯᠠᠭᠳᠠᠵᠤ᠂ ᠭᠠᠯᠠᠭᠤᠲᠤ ᠪᠠᠯᠭᠠᠰᠤ ᠠᠴᠠ 16 ᠺᠢᠯᠣᠮᠧᠲᠷ ᠵᠠᠶᠢᠲᠠᠢ᠂ ᠱᠠᠨᠰᠢ ᠮᠤᠵᠢ ᠶᠢᠨ ᠲᠡᠮᠡᠭᠡᠲᠤ ᠬᠤᠲᠠ ᠶᠢᠨ ᠢᠦᠢ ᠶᠠᠩ ᠲᠣᠭᠤᠷᠢᠭ ᠠᠴᠠ 60 ᠺᠢᠯᠣᠮᠧᠲᠷ ᠵᠠᠢ ᠲᠠᠢ ᠪᠠᠶᠢᠳᠠᠭ᠃ ᠠᠮᠠᠷᠠᠯᠲᠠ ᠶᠢᠨ ᠣᠷᠣᠨ ᠤ ᠶᠡᠷᠦᠩᠬᠡᠢ ᠲᠠᠯᠠᠪᠠᠶ ᠨᠢ 5000 ᠭᠠᠷᠤᠢ ᠮᠦ ᠪᠠᠶᠢᠵᠤ᠂ ᠱᠠᠨᠰᠢ ᠥᠪᠥᠷ ᠮᠣᠩᠭᠤᠯ ᠤᠨ ᠵᠠᠬ᠎ᠠ ᠳ᠋ᠪ᠊ ᠪᠠᠶᠢᠭ᠎ᠠ‌ᠦᠩᠰᠢᠭ ᠰᠠᠶᠢᠬᠠᠨ ᠡᠪᠡᠰᠦ ᠪᠡᠯᠴᠢᠭᠡᠷ᠂ ᠦᠷᠨᠢᠬᠦᠨ ᠪᠡᠯᠴᠢᠭᠰᠡᠨ ᠮᠠᠯ ᠰᠦᠷᠦᠭ ᠲᠠᠢ ᠬᠤᠪᠣᠷ ᠴᠤᠬᠠᠭ ᠲᠠᠯ᠎ᠠ ᠨᠤᠲᠤᠭ ᠤᠨ ᠦᠵᠡᠮᠵᠢ ᠶᠢᠨ ᠤᠷᠤᠨ ᠪᠣᠯᠣᠨ᠎ᠠ᠃ ᠤᠯᠤᠰ ᠤᠨ AAAA ᠲᠠᠰ ᠤᠨ ᠦᠵᠡᠮᠵᠢ ᠶᠢᠨ ᠣᠷᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠬᠢᠭᠡᠳ ᠬᠥᠳᠡᠭᠡ ᠲᠣᠰᠬᠤᠨ ᠤ ᠮᠠᠯ ᠠᠵᠤ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠪᠤᠯᠤᠨ᠎ᠠ᠃      ᠦᠦᠰᠢᠨ ᠤᠰᠤᠨ ᠵᠢᠷᠤᠭ᠎ᠠ ᠮᠣᠷᠢᠨ ᠤ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠣᠷᠣᠨ ᠳᠤ ᠬᠤᠶᠠᠷ ᠲᠦᠷᠦᠯ ᠤᠨ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠰᠤᠷᠤᠯᠴᠠᠬᠤ ᠭᠠᠵᠠᠷ ᠪᠠᠶᠢᠳᠠᠭ᠃ ᠳᠠᠷᠤᠢ ᠴᠠᠭᠠᠨ ᠰᠦᠯᠳᠡ ᠶᠢᠨ ᠳᠠᠬᠢᠯᠭ᠎ᠠ ᠪᠤᠯᠤᠨ ᠦᠦᠰᠢᠨ ᠤᠰᠤᠨ ᠵᠢᠷᠤᠭ᠎ᠠ ᠮᠤᠷᠢᠨ ᠤ ᠤᠷᠤᠯᠳᠤᠭᠠᠨ ᠪᠤᠯᠤᠨ᠎ᠠ᠃ ᠠᠮᠠᠷᠠᠯᠲᠠ ᠶᠢᠨ ᠣᠷᠣᠨ ᠳᠤ ᠪᠠᠰᠠ ᠪᠠᠶᠠᠨᠴᠠᠶᠢᠳᠠᠮ ᠤᠨ ᠡᠷᠲᠡᠨ ᠤ ᠬᠤᠲᠠ ᠶᠢᠨ ᠪᠠᠭᠤᠷᠢ ᠪᠠ ᠶᠢᠰᠦᠨ ᠬᠦᠬᠦᠯᠲᠤ ᠴᠠᠭᠠᠨ ᠰᠦᠯᠳᠡ ᠶᠢᠨ ᠪᠠᠭᠤᠷᠢ ᠭᠡᠬᠦ ᠬᠤᠶᠠᠷ ᠵᠦᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠠᠯᠠᠪᠤᠷ ᠲᠠᠢ ᠪᠠᠶᠢᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠪᠡᠶᠡᠴᠢᠯᠡᠨ ᠣᠶᠢᠯᠠᠭᠠᠬᠤ ᠬᠠᠮᠤᠭ ᠤᠨ ᠨᠡᠶᠢᠲᠡᠯᠢᠭ ᠭᠠᠵᠠᠷ ᠪᠣᠯᠣᠨ᠎ᠠ᠃
2.jpg
1.jpg
 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ