ᠤᠮᠠᠷᠠᠲᠤ ᠬᠢᠯᠢ ᠶᠢᠨ ᠰᠤᠶᠤᠯ —  ᠰᠢᠷᠭ᠎ᠠ ᠮᠣᠷᠢ
ᠨᠡᠶᠢᠲᠡᠯᠡᠭᠰᠡᠨ ᠴᠠᠭ᠄
2024/11/6
      ᠦᠦᠰᠢᠨ ᠮᠣᠷᠢ ᠪᠣᠯ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠨᠡᠷᠡᠲᠦ ᠮᠣᠷᠢ ᠪᠥᠭᠡᠳ ᠱᠠᠨᠰᠢ ᠭᠠᠨᠰᠤ ᠨᠢᠩᠰᠢᠶᠠ ᠶᠢᠨ ᠠᠭᠤᠯᠵᠠᠷ ᠤᠷᠤᠨ ᠪᠦᠰᠡ ᠶᠢᠨ ᠨᠡᠷᠡᠲᠦ ᠮᠣᠷᠢᠨ ᠤ ᠲᠥᠷᠥᠯ ᠪᠣᠯᠣᠨ᠎ᠠ᠂ ᠦᠦᠰᠢᠨ ᠮᠣᠷᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠬᠤᠪᠢᠰᠬᠠᠯᠲᠤ ᠳᠠᠶᠢᠨ ᠤ ᠳᠤᠮᠳᠠ ᠴᠢᠬᠤᠯᠠ ᠭᠠᠪᠢᠶ᠎ᠠ ᠵᠢᠳᠬᠦᠯ ᠦᠵᠡᠬᠦᠯᠵᠤ ᠦᠦᠰᠢᠨ ᠮᠣᠷᠢᠨ ᠤ ᠬᠤᠪᠢᠰᠬᠠᠯ ᠤᠨ ᠦᠯᠢᠭᠡᠷ ᠳᠣᠮᠤᠭ ᠢ ᠲᠡᠦᠬᠡ ᠶᠢᠨ ᠬᠠᠭᠤᠳᠠᠰᠤᠨ ᠳᠤ ᠥᠨᠢᠳᠡ ᠲᠡᠮᠳᠡᠭᠯᠡᠵᠡᠢ᠃       ᠦᠦᠰᠢᠨ ᠮᠣᠷᠢ ᠪᠣᠯ 1920 ᠣᠨ ᠤ ᠰᠡᠭᠦᠯᠴᠢ ᠪᠠᠷ ᠪᠠᠶᠢᠭᠤᠯᠤᠭᠰᠠᠨ ᠤᠯᠠᠭᠠᠨ ᠴᠡᠷᠢᠭ ᠤᠨ ᠫᠠᠷᠲ᠋ᠢᠽᠠᠨ ᠠᠩᠭᠢ᠂ ᠱᠠᠨᠰᠢ ᠶᠢᠨ ᠬᠤᠶᠢᠲᠤ ᠬᠡᠰᠡᠭ ᠤᠨ ᠤᠯᠠᠭᠠᠨ ᠴᠡᠷᠢᠭ ᠤᠨ ᠫᠠᠷᠲ᠋ᠢᠽᠠᠨ ᠠᠩᠭᠢ ᠶᠢᠨ 22 ᠳ᠋ᠤᠭᠠᠷ ᠰᠠᠯᠪᠤᠷᠢ ᠠᠩᠭᠢ᠂ ᠮᠣᠩᠭᠤᠯ ᠬᠢᠲᠠᠳ ᠮᠣᠷᠢᠲᠤ ᠴᠡᠷᠢᠭ ᠤᠨ ᠫᠠᠷᠲ᠋ᠢᠽᠠᠨ ᠠᠩᠭᠢ᠂ ᠤᠯᠠᠭᠠᠨ ᠴᠡᠷᠢᠭ ᠤᠨ 26 ᠳ᠋ᠤᠭᠠᠷ ᠠᠷᠮᠢ ᠶᠢᠨ ᠮᠣᠷᠢᠲᠤ ᠴᠡᠷᠢᠭ ᠤᠨ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠤᠶᠠᠳᠤᠭᠠᠷ ᠵᠠᠮ ᠤᠨ ᠮᠣᠷᠢᠲᠤ ᠴᠡᠷᠢᠭ ᠤᠨ ᠬᠤᠷᠢᠶᠠᠨ ᠤ  ᠴᠡᠷᠢᠭ ᠠᠩᠭᠢ ᠶᠢᠨ ᠭᠤᠣᠯ ᠤᠨᠤᠵᠤ ᠪᠠᠶᠢᠭᠰᠠᠨ ᠮᠤᠷᠢᠨ ᠤ ᠲᠦᠷᠦᠯ ᠪᠣᠯᠣᠨ᠎ᠠ᠃ 1937 ᠣᠨ ᠤ 4 ᠰᠠᠷ᠎ᠠ ᠳᠤ᠂ ᠦᠦᠰᠢᠨ ᠬᠤᠰᠢᠭᠤᠨ ᠤ ᠮᠠᠯᠴᠢᠳ ᠤᠨ ᠲᠣᠭᠤᠷᠢᠨ ᠦᠵᠡᠬᠦ ᠪᠦᠯᠬᠦᠮ ᠶᠠᠨ ᠠᠨ ᠳᠤ ᠬᠦᠷᠴᠦ ᠲᠣᠭᠤᠷᠢᠨ ᠦᠵᠡᠬᠦ ᠳᠡᠭᠡᠨ ᠮᠠᠤ ᠽᠧ ᠳ᠋ᠦᠩ ᠳᠤ ᠨᠢᠭᠡᠨ ᠰᠢᠷᠭ᠎ᠠ ᠮᠣᠷᠢ ᠪᠡᠯᠡᠭᠯᠡᠪᠡ᠃ ᠰᠡᠭᠦᠯᠡᠷ ᠨᠢ ᠦᠦᠰᠢᠨ ᠤ ᠠᠵᠢᠯ ᠤᠨ ᠬᠤᠷᠢᠶ᠎ᠠ᠂ ᠶᠡᠭᠡ ᠵᠤᠤ ᠠᠶᠢᠮᠠᠭ ᠤᠨ ᠠᠵᠢᠯ ᠤᠨ ᠬᠤᠷᠢᠶ᠎ᠠ ᠪᠣᠯᠣᠨ ᠠᠨᠪᠢᠶᠠᠨ᠂ ᠳ᠋ᠢᠩᠪᠢᠶᠠᠨ ᠂ ᠵᠢᠩᠪᠢᠶᠠᠨ ᠤ ᠨᠠᠮ ᠵᠠᠰᠠᠭ ᠴᠡᠷᠢᠭ ᠤᠨ ᠵᠣᠬᠢᠶᠠᠨ ᠪᠠᠶᠢᠭᠤᠯᠤᠯᠲᠠ ᠠᠴᠠ ᠦᠦᠰᠢᠨ ᠮᠣᠷᠢ ᠶᠢ ᠶᠠᠨ ᠠᠨ ᠳᠤ ᠲᠠᠰᠤᠷᠠᠯᠳᠠ ᠦᠭᠡᠢ ᠬᠦᠷᠭᠡᠵᠦ ᠪᠠᠶᠢᠪᠠ᠃       ᠶᠠᠨ ᠠᠨ ᠤ ᠬᠤᠪᠢᠰᠬᠠᠯ ᠤᠨ ᠳᠤᠷᠠᠰᠬᠠᠯ ᠤᠨ ᠣᠷᠳᠣᠨ ᠳᠤ ᠳᠡᠯᠭᠡᠨ ᠦᠵᠡᠭᠦᠯᠵᠤ ᠪᠠᠶᠢᠭ᠎ᠠ ᠮᠠᠤ ᠽᠧ ᠳ᠋ᠦᠩ ᠲᠡᠷᠢᠭᠦᠯᠡᠭᠴᠢ ᠶᠢᠨ ᠣᠨᠣᠭᠰᠠᠨ ᠰᠢᠷᠭ᠎ᠠ ᠮᠣᠷᠢᠨ ᠤ ᠬᠤᠨᠳᠤᠯᠠᠢ ᠶᠢᠨ ᠭᠡᠰᠡᠭ ᠲᠤ ᠦᠦᠰᠢᠨ ᠨᠤᠲᠤᠭ ᠲᠤ ᠣᠨᠴᠠ ᠪᠠᠶᠢᠳᠠᠭ ᠰᠦᠯᠳᠡ ᠶᠢᠨ ᠬᠡ ᠤᠭᠠᠯᠵᠠ ᠶᠢᠨ ᠢᠮ ᠲᠠᠮᠠᠭ᠎ᠠ ᠲᠠᠢ ᠪᠠᠶᠢᠳᠠᠭ᠃ ᠪᠡᠭᠡᠵᠢᠩ ᠤᠨ ᠠᠮᠢᠲᠠᠨ ᠤ ᠬᠦᠷᠢᠶᠡᠯᠡᠩ ᠤᠨ ᠳᠠᠩᠰᠠ ᠡᠪᠬᠡᠮᠡᠯ ᠤᠨ ᠮᠠᠲ᠋ᠧᠷᠢᠶᠠᠯ ᠳᠤ ᠲᠡᠮᠳᠡᠭᠯᠡᠭᠰᠡᠨ ᠢᠶᠠᠷ ᠪᠣᠯ᠂ ᠮᠠᠤ ᠽᠧ ᠳ᠋ᠦᠩ ᠤᠨ ᠣᠨᠣᠵᠤ ᠪᠠᠶᠢᠭᠰᠠᠨ ᠰᠢᠷᠭ᠎ᠠ ᠮᠣᠷᠢ ᠶᠢ 1940 ᠣᠨ ᠳᠤ ᠮᠣᠩᠭᠤᠯ ᠮᠣᠷᠢᠲᠤ ᠴᠡᠷᠢᠭ ᠤᠨ ᠰᠠᠯᠪᠤᠷᠢ ᠠᠩᠭᠢ ᠶᠢᠨ ᠲᠥᠯᠥᠭᠡᠯᠡᠭᠴᠢ ᠶᠠᠨ ᠠᠨ ᠳᠤ ᠮᠠᠤ ᠽᠧ ᠳ᠋ᠦᠩ ᠳᠤ ᠬᠦᠷᠭᠡᠵᠤ 1947 ᠣᠨ ᠤ 3 ᠰᠠᠷ᠎ᠠ ᠠᠴᠠ 1948 ᠣᠨ ᠤ 3 ᠰᠠᠷ᠎ᠠ ᠪᠣᠯᠲᠠᠯ᠎ᠠ ᠮᠠᠤ ᠽᠧ ᠳ᠋ᠦᠩ ᠰᠢᠷᠭ᠎ᠠ ᠮᠤᠷᠢ ᠤᠨᠤᠵᠤ ᠱᠠᠨᠪᠧᠢ ᠪᠠᠷ ᠠᠶᠠᠯᠠᠨ ᠪᠠᠶᠢᠯᠳᠤᠵᠤ᠂ ᠪᠦᠬᠦ ᠤᠯᠤᠰ ᠤᠨ ᠴᠢᠯᠦᠭᠡᠯᠡᠬᠦ ᠳᠠᠶᠢᠨ ᠢ ᠵᠢᠯᠣᠭᠤᠳᠴᠤ ᠪᠠᠶᠢᠵᠠᠢ᠃       1940 ᠣᠨ ᠤ ᠮᠣᠩᠭᠤᠯ ᠮᠣᠷᠢᠲᠤ ᠴᠡᠷᠢᠭ ᠤᠨ ᠰᠠᠯᠪᠤᠷᠢ ᠠᠩᠭᠢ ᠶᠢᠨ ᠠᠰᠠᠭᠤᠳᠠᠯ ᠤᠨ ᠲᠤᠬᠠᠢ ᠤᠳᠤᠬᠠᠨ ᠳᠤ ᠪᠠᠶᠢᠭ᠎ᠠ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ ᠤ ᠳᠠᠩᠰᠠ ᠡᠪᠬᠡᠮᠡᠯ ᠲᠤᠯᠭᠤᠷ ᠪᠢᠴᠢᠭ ᠮᠠᠲ᠋ᠧᠷᠢᠶᠠᠯ ᠪᠣᠯᠣᠨ ᠱᠠᠨᠰᠢ ᠮᠤᠵᠢ ᠶᠢᠨ ᠲᠡᠮᠡᠭᠡᠲᠤ ᠬᠤᠳᠠ ᠶᠢᠨ ᠨᠠᠮ ᠤᠨ ᠲᠡᠦᠬᠡ ᠶᠢᠨ ᠰᠤᠳᠤᠯᠭᠠᠨ ᠤ ᠦᠷ᠎ᠡ ᠪᠦᠲᠦᠭᠡᠯ ᠵᠢᠴᠢ ᠥᠪᠥᠷ ᠮᠣᠩᠭᠤᠯ ᠤᠨ ᠨᠠᠮ ᠤᠨ ᠲᠡᠦᠬᠡ ᠶᠢᠨ ᠮᠠᠲ᠋ᠧᠷᠢᠶᠠᠯ ᠤᠨ ᠶᠡᠷᠦᠩᠬᠡᠢ ᠵᠠᠳᠠᠯᠤᠯᠲᠠ ᠠᠴᠠ ᠦᠵᠡᠪᠡᠯ᠂ 1940 ᠣᠨ ᠳᠤ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ᠂ ᠶᠡᠭᠡ ᠵᠤᠤ ᠠᠶᠢᠮᠠᠭ ᠤᠨ ᠡᠮᠦᠨᠡᠲᠦ ᠬᠡᠰᠡᠭ ᠲᠤ ᠮᠣᠩᠭᠤᠯ ᠮᠣᠷᠢᠲᠤ ᠴᠡᠷᠢᠭ ᠤᠨ ᠰᠠᠯᠪᠤᠷᠢ ᠠᠩᠭᠢ ᠶᠢᠨ ᠵᠡᠪᠰᠡᠭᠲᠦ ᠬᠦᠴᠦᠨ ᠪᠠᠶᠢᠭᠰᠠᠨ ᠦᠭᠡᠢ᠂ ᠬᠠᠷᠢᠨ ᠮᠣᠩᠭᠤᠯ ᠬᠢᠲᠠᠳ ᠮᠣᠷᠢᠲᠤ ᠴᠡᠷᠢᠭ ᠤᠨ ᠵᠡᠪᠰᠡᠭᠲᠦ ᠬᠦᠴᠦᠨ ᠪᠠᠶᠢᠵᠠᠢ᠃ ᠲᠤᠰ ᠴᠡᠷᠢᠭ ᠠᠩᠭᠢ ᠶᠢ ᠬᠡᠳᠦᠨᠲᠡ ᠴᠡᠭᠴᠡᠯᠡᠨ ᠪᠠᠶᠢᠭᠤᠯᠤᠭᠰᠠᠨ ᠪᠣᠯᠪᠠᠴᠤ ᠮᠣᠩᠭᠤᠯ ᠬᠢᠲᠠᠳ ᠤᠯᠠᠨ ᠲᠦᠮᠡᠨ ᠮᠣᠩᠭᠤᠯ ᠬᠢᠲᠠᠳ ᠮᠣᠷᠢᠲᠤ ᠴᠡᠷᠢᠭ ᠤᠨ ᠵᠡᠪᠰᠡᠭᠲᠦ ᠬᠦᠴᠦᠨ ᠳᠤ ᠭᠦᠨ ᠰᠠᠭᠤᠭᠳᠠᠯ ᠲᠠᠢ ᠪᠠᠶᠢᠵᠤ᠂ ᠶᠡᠷᠦ ᠳᠡᠭᠡᠨ ᠮᠣᠩᠭᠤᠯ ᠰᠠᠯᠪᠤᠷᠢ ᠠᠩᠭᠢ ᠪᠤᠶᠤ ᠮᠣᠩᠭᠤᠯ ᠬᠢᠲᠠᠳ ᠰᠠᠯᠪᠤᠷᠢ ᠠᠩᠭᠢ ᠭᠡᠳᠡᠭ ᠪᠠᠶᠢᠵᠠᠢ᠃       1962 ᠣᠨ ᠳᠤ᠂ ᠰᠢᠷᠭ᠎ᠠ ᠮᠤᠷᠢ ᠥᠲᠡᠯᠵᠦ ᠦᠬᠦᠪᠡ᠃ ᠮᠤᠷᠢᠨ ᠤ ᠠᠷᠠᠰᠤ ᠶᠢ ᠦᠯᠢᠭᠡᠷ ᠬᠡᠪ ᠪᠣᠯᠭᠠᠨ ᠬᠠᠳᠠᠭᠠᠯᠠᠵᠤ᠂ 1964 ᠣᠨ ᠤ 8 ᠰᠠᠷ᠎ᠠ ᠳᠤ᠂ ᠶᠠᠨ ᠠᠨ ᠤ ᠲᠤᠰᠬᠠᠢ ᠣᠷᠣᠨ ᠤ ᠨᠠᠮ ᠤᠨ ᠬᠤᠷᠢᠶ᠎ᠠ ᠪᠣᠯᠣᠨ ᠲᠥᠪ ᠬᠤᠷᠢᠶᠠᠨ ᠤ ᠠᠯᠪᠠᠨ ᠲᠢᠩᠬᠢᠮ ᠵᠥᠪᠳᠡᠯᠴᠡᠵᠦ᠂ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠣᠷᠳᠣᠨ ᠠᠴᠠ ᠲᠤᠰᠬᠠᠢ ᠬᠥᠮᠥᠨ ᠲᠣᠮᠢᠯᠠᠨ ᠪᠡᠭᠡᠵᠢᠩ ᠳᠤ ᠬᠦᠷᠭᠡᠭᠦᠯᠵᠤ᠂ ᠤᠯᠤᠰ ᠤᠨ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠤᠪᠢ ᠪᠠᠷ ᠦᠵᠡᠭᠦᠯᠭᠡ ᠶᠢᠨ ᠲᠢᠩᠬᠢᠮ ᠳᠤ ᠳᠡᠯᠭᠡᠨ ᠦᠵᠡᠭᠦᠯᠵᠦ᠂ ᠥᠷᠭᠡᠨ ᠤᠯᠠᠨ ᠠᠷᠠᠳ ᠲᠦᠮᠡᠨ ᠳᠤ ᠤᠯᠤᠰ ᠢᠶᠠᠨ ᠬᠠᠶᠢᠷᠠᠯᠠᠬᠤ ᠦᠵᠡᠯ᠂ ᠬᠤᠪᠢᠰᠬᠠᠯ ᠤᠨ ᠤᠯᠠᠮᠵᠢᠯᠠᠯ ᠪᠠ ᠶᠠᠨ ᠠᠨ ᠤ ᠵᠣᠷᠢᠭ ᠰᠠᠨᠠᠭᠠᠨ ᠤ ᠬᠥᠮᠦᠵᠢᠯ ᠬᠢᠬᠦ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠤ ᠪᠠᠶᠢᠨ᠎ᠠ᠃
1.jpg
2.jpg
 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ