ᠲᠤᠮᠤ ᠦᠷᠤᠮ᠎ᠠ ᠬᠢᠨᠢᠰ ᠤᠨ ᠲᠡᠮᠳᠡᠭᠯᠡᠯ ᠢ ᠡᠭᠦᠳᠴᠠᠢ
ᠨᠡᠶᠢᠲᠡᠯᠡᠭᠰᠡᠨ ᠴᠠᠭ᠄
2024/11/8
      11 ᠰᠠᠷ᠎ᠠ ᠶᠢᠨ 5 ᠤ ᠡᠳᠦᠷ᠂ ᠭᠠᠯᠠᠭᠤᠲᠤ ᠪᠠᠯᠭᠠᠰᠤᠨ ᠠᠴᠠ ᠮᠡᠳᠡᠭᠦᠯᠦᠭᠰᠡᠨ ︽ᠲᠣᠮᠣ ᠥᠷᠥᠮ᠎ᠡ︾ ᠬᠢᠨᠢᠰ ᠤᠨ ᠳᠡᠯᠡᠬᠡᠶ ᠶᠢᠨ ᠲᠡᠮᠳᠡᠭᠯᠡᠯ ᠢ ᠡᠭᠦᠳᠴᠤ᠂ ᠭᠡᠷᠡᠴᠢᠯᠡᠭᠴᠢ ᠠᠴᠠ ᠭᠠᠯᠠᠭᠤᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠭᠡᠷᠡᠴᠢᠯᠡᠯ ᠤᠨ ᠦᠨᠡᠮᠯᠡᠯ ᠭᠠᠷᠳᠠᠭᠤᠯᠪᠠ᠃        2000 ᠵᠢᠩ ᠦᠨᠢᠶᠡᠨ ᠰᠦ ᠪᠠᠷ ᠬᠦᠭᠡᠷᠤᠭᠦᠯᠦᠨ ᠬᠢᠭᠰᠡᠨ ᠣᠷᠳᠣ ᠨᠢ 4.94 ᠮᠧᠲᠷ᠂ ᠥᠷᠭᠡᠨ ᠨᠢ 1.94 ᠮᠧᠲᠷ᠂ ᠲᠠᠯᠠᠪᠠᠶ ᠨᠢ 9.58 ᠲᠡᠭᠰᠢ ᠳᠥᠷᠪᠡᠯᠵᠢᠨ ᠮᠧᠲᠷ ᠤᠨ ᠲᠣᠮᠣ ᠥᠷᠥᠮ᠎ᠡ ᠶᠢ ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ︽ᠠᠷᠡᠳ ᠤᠨ ᠰᠡᠳᠬᠢᠯ︾ ᠴᠠᠭᠠᠨ ᠢᠳᠡᠭᠡ ᠪᠤᠯᠪᠠᠰᠤᠷᠠᠭᠤᠯᠬᠤ ᠤᠶᠢᠯᠡᠳᠪᠤᠷᠢ ᠶᠢᠨ ᠮᠦᠷᠡᠨ ᠬᠢᠵᠤ ᠪᠦᠲᠦᠭᠡᠭᠡᠳ ︽ᠬᠠᠮᠤᠭ ᠤᠨ ᠲᠣᠮᠣ ᠥᠷᠥᠮ᠎ᠡ︾ ᠪᠠᠷ ᠬᠢᠨᠢᠰ ᠤᠨ ᠲᠡᠮᠳᠡᠭᠯᠡᠯ ᠢ ᠡᠭᠦᠳᠴᠠᠢ᠃ ᠡᠨᠡ  ᠨᠢ ᠭᠢᠨᠢᠰ ᠤᠨ ᠲᠡᠮᠳᠡᠭᠯᠡᠯ ᠳᠤ ᠲᠠᠩᠰᠠᠯᠠᠭᠤᠯᠤᠭᠰᠠᠨ ᠮᠠᠨ ᠤ ᠬᠤᠲᠠ ᠶᠢᠨ ᠠᠩᠬᠠᠳᠠᠭᠴᠢ ᠤᠯᠠᠮᠵᠢᠯᠠᠯᠲᠤ ᠴᠠᠭᠠᠨ ᠢᠳᠡᠭᠡᠨ ᠤ ᠨᠢᠭᠡᠨ ᠲᠦᠷᠦᠯ ᠪᠤᠯᠤᠭᠰᠠᠨ ᠪᠠᠶᠢᠨ᠎ᠠ᠃  
2.jpg
1.jpg
3.jpg
4.jpg
5.jpg
6.jpg
                                      ᠰᠤᠷᠪᠤᠯᠵᠢᠯᠠᠭᠴᠢ᠄ ᠪᠤᠶᠠᠨᠲᠤ᠂ ᠲᠠᠸᠠᠩᠨᠤᠷᠪᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ