ᠡᠨᠡ ᠵᠢᠯ ᠠᠴᠠ ᠨᠠᠰᠢ᠂ ᠦᠦᠰᠢᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠰᠢᠨ᠎ᠡ ᠠᠶᠠᠨ ᠢ ᠨᠡᠭᠡᠭᠡᠵᠦ᠂ ᠬᠤᠰᠢᠭᠤᠷᠠᠨ ᠴᠤᠯᠭᠤᠷᠠᠵᠤ᠂ | ᠭᠤᠣᠯᠳᠠᠯᠭᠠᠲᠤ ᠣᠷᠣᠨ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠤ ᠵᠢᠭᠰᠠᠭᠠᠯᠲᠠ ᠳᠤ ᠤᠷᠤᠬᠤ ᠪᠠᠷ ᠴᠢᠷᠮᠠᠶᠢᠬᠤ︾ ᠬᠥᠭᠵᠢᠯᠲᠡ ᠶᠢᠨ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ ᠶᠢ ᠥᠷᠭᠡᠳᠬᠡᠪᠡ᠃ | ᠲᠦᠷᠦᠭᠦᠦ ᠭᠤᠷᠪᠠᠨ ᠤᠯᠠᠷᠢᠯ ᠳᠤ᠂ ᠠᠵᠤ ᠠᠬᠤᠢ ᠶᠢᠨ ᠡᠷᠬᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠶᠡᠷᠦᠩᠬᠡᠢ ᠠᠵᠤ ᠠᠬᠤᠢ ᠶᠢᠨ ᠭᠦᠢᠴᠡᠳᠬᠡᠯ | ᠲᠤᠭ᠎ᠠ ᠶᠢᠨ ᠬᠥᠭᠵᠢᠯᠲᠡ ᠲᠣᠭᠲᠠᠭᠤᠨ ᠪᠥᠭᠡᠳ ᠡᠮᠬᠢ ᠳᠢᠭᠯᠢᠮ ᠲᠠᠢ ᠪᠣᠯᠪᠠ᠃ | ᠲᠦᠷᠦᠭᠦᠤ ᠭᠤᠷᠪᠠᠨ ᠤᠯᠠᠷᠢᠯ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ ᠪᠥᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 359.65 ᠳ᠋ᠦᠩᠰᠢᠭᠤᠷ ᠲᠥᠭᠦᠷᠢᠭ ᠲᠤ | ᠬᠦᠷᠴᠦ᠂ ᠬᠤᠪᠢᠷᠠᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ | ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3. | 5% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 276.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 77.2 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ | ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ | ᠠᠬᠤᠶ ᠪᠦᠬᠦ ᠲᠠᠯ᠎ᠠ ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ | ᠶᠡᠷᠦᠩᠬᠡᠶ ᠦᠢᠯᠡᠳᠬᠦᠨ ᠤ ᠥᠷᠲᠡᠭ 12.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ | ᠡᠬᠦᠨ ᠳᠤ᠄ ᠳᠠᠷᠢᠶᠠᠯᠠᠩ ᠤᠨ ᠦᠢᠯᠡᠳᠬᠦᠨ ᠤ ᠦᠷᠳᠡᠭ 2.3 ᠳ᠋ᠦᠩᠰᠢᠭᠤᠷ ᠳᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 3.3% ᠪᠠᠷ | ᠨᠡᠮᠡᠭᠳᠡᠪᠡ︔ ᠤᠢ ᠰᠢᠭᠤᠢ ᠶᠢᠨ ᠦᠢᠯᠡᠳᠬᠦᠨ ᠤ ᠦᠷᠳᠡᠭ 0.8 ᠳ᠋ᠦᠩᠰᠢᠭᠤᠷ ᠳᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 12.5% | ᠪᠠᠷ ᠨᠡᠮᠡᠭᠳᠡᠪᠡ︔ ᠮᠠᠯ ᠠᠵᠤ ᠠᠬᠤᠢ ᠶᠢᠨ ᠦᠢᠯᠡᠳᠬᠦᠨ ᠤ ᠦᠷᠳᠡᠭ 8.3 ᠳ᠋ᠦᠩᠰᠢᠭᠤᠷ ᠳᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 2. | 1% ᠪᠠᠷ ᠨᠡᠮᠡᠭᠳᠡᠪᠡ︔ ᠵᠢᠭᠠᠰᠤᠨ ᠤ ᠦᠢᠯᠡᠰ ᠤᠨ ᠦᠢᠯᠡᠳᠬᠦᠨ ᠤ ᠦᠷᠳᠡᠭ 0.2 ᠳ᠋ᠦᠩᠰᠢᠭᠤᠷ ᠳᠦᠬᠦᠷᠢᠭ ᠲᠤ ᠬᠦᠷᠴᠤ᠂ ᠠᠳᠠᠯᠢ | ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ | ᠦᠢᠯᠡᠰ ᠤᠨ ᠦᠢᠯᠡᠳᠬᠦᠨ ᠤ ᠥᠷᠲᠡᠭ 0.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠤ ᠳᠤᠮᠳᠠ ᠰᠢᠯᠢᠳᠡᠭᠵᠢᠨ ᠰᠠᠶᠢᠵᠢᠷᠠᠬᠤ ᠬᠠᠨᠳᠤᠰᠢ ᠠᠭᠠᠵᠢᠮ ᠢᠶᠠᠷ ᠢᠯᠡᠷᠡᠵᠡᠶ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠄ ᠠᠭᠤᠷᠬᠠᠶ ᠮᠠᠯᠲᠠᠬᠤ ᠦᠢᠯᠡᠰ ᠤᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 1.6% ᠪᠠᠷ ᠪᠠᠭᠤᠷᠠᠪᠠ︔ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ | ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ | ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠪᠠ᠃ ᠠᠵᠤ ᠦᠢᠯᠡᠳᠪᠦᠷᠢ ᠶᠢᠨ | ᠦᠢᠯᠡᠳᠬᠦᠨ ᠠᠴᠠ ᠠᠪᠴᠤ ᠦᠵᠡᠪᠡᠯ᠂ ᠲᠦᠭᠦᠬᠡᠶ ᠨᠡᠭᠦᠷᠡᠰᠦ 3591 ᠲᠦᠮᠡᠨ ᠲᠣᠨ᠂ ᠨᠠᠷᠢᠯᠢᠭ ᠮᠧᠲ᠋ᠢᠯ ᠠᠯᠺᠣᠤᠯ 420.3 ᠲᠦᠮᠡᠨ ᠲᠣᠨ᠂ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ 67 ᠲᠦᠮᠡᠨ ᠲᠣᠨ᠂ ᠰᠢᠭᠡᠰᠦᠯᠢᠭ ᠡᠳ᠋ 207.1 ᠲᠦᠮᠡᠨ ᠲᠣᠨ᠂ ᠪᠥᠭᠡᠭᠡᠨᠡᠷᠡᠯ ᠡᠲ᠋ᠧᠨ 73.2 ᠲᠦᠮᠡᠨ | ᠲᠣᠨ᠂ ᠪᠥᠭᠡᠭᠡᠨᠡᠷᠡᠯ ᠫᠷᠣᠫᠧᠨ 73.6 ᠲᠦᠮᠡᠨ ᠲᠣᠨ᠂ ᠴᠠᠬᠢᠯᠭᠠᠨ ᠭᠠᠷᠭᠠᠭᠰᠠᠨ ᠬᠡᠮᠵᠢᠶ᠎ᠡ 20.2 ᠳ᠋ᠦᠩᠰᠢᠭᠤᠷ ᠺᠢᠯᠣᠸᠠᠲ ᠴᠠᠭ ᠲᠤ ᠬᠦᠷᠪᠡ᠃ | ᠭᠤᠷᠪᠠ᠂ ᠦᠢᠯᠡᠴᠢᠯᠡᠭᠡᠨ ᠤ ᠦᠢᠯᠡᠰ ᠲᠣᠭᠲᠠᠭᠤᠨ ᠤ ᠳᠤᠮᠳᠠ ᠰᠠᠶᠢᠵᠢᠷᠠᠵᠤ᠂ ᠭᠤᠣᠯᠳᠠᠯᠭ᠎ᠠ ᠲᠠᠢ ᠬᠦᠷᠢᠶᠡᠨ ᠳᠤ ᠳᠤᠪᠤᠶᠢᠮ᠎ᠠ ᠬᠤᠪᠢ ᠨᠡᠮᠡᠷᠢ | ᠦᠵᠡᠬᠦᠯᠪᠡ᠃ 1 — 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ | ᠣᠷᠣᠯᠭ᠎ᠠ ᠶᠢ 6.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠪᠠ᠃ ᠠᠵᠢᠯ ᠲᠥᠷᠥᠯ ᠢᠶᠠᠷ | ᠬᠤᠪᠢᠶᠠᠵᠤ ᠦᠵᠡᠪᠡᠯ ᠭᠤᠣᠯᠳᠠᠯᠭ᠎ᠠ ᠲᠠᠢ ᠬᠦᠷᠢᠶᠡᠨ ᠳᠤ ᠬᠤᠪᠢ ᠨᠡᠮᠡᠷᠢ ᠳᠤᠪᠤᠶᠢᠮ᠎ᠠ ᠪᠠᠶᠢᠨ᠎ᠠ᠃ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ | ᠨᠡᠶᠢᠲᠡ ᠶᠢᠨ ᠲᠦᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 0.9 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 153.6% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ | ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 3.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠢᠶᠡᠰᠦᠯᠡᠬᠦ ᠪᠠ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠰᠠᠭᠤᠭᠠᠯᠢ ᠠᠷᠠᠳ ᠤᠨ | ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠲᠤᠰ ᠲᠤᠰ 0.02 ᠳ᠋ᠦᠩᠰᠢᠭᠤᠷ ᠲᠥᠭᠦᠷᠢᠭ᠂ 0.07 ᠳ᠋ᠦᠩᠰᠢᠭᠤᠷ ᠲᠥᠭᠦᠷᠢᠭ᠂ 0.13 ᠳ᠋ᠦᠩᠰᠢᠭᠤᠷ | ᠲᠥᠭᠦᠷᠢᠭ ᠪᠡᠶᠡᠯᠡᠭᠦᠯᠪᠡ᠃ | ᠳᠥᠷᠪᠡ᠂ ᠪᠦᠲᠦᠮᠵᠢᠲᠡᠶ ᠪᠡᠯᠡ ᠣᠷᠣᠭᠤᠯᠤᠯᠲᠠ ᠦᠷᠭᠦᠯᠵᠢᠯᠡᠨ ᠳᠡᠭᠡᠭᠰᠢᠯᠡᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠯ ᠢᠯᠡᠷᠬᠡᠢ | ᠪᠤᠯᠪᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 40.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠲᠡᠷᠢᠬᠦᠯᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠢᠯᠡᠰ ᠤᠨ ᠨᠡᠮᠡᠭᠳᠡᠯ ᠴᠢᠩᠭ᠎ᠠ ᠪᠠᠶᠢᠨ᠎ᠠ᠃ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 237. | 7% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.1% ᠪᠠᠷ ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠪᠠ᠃ ᠬᠦᠷᠢᠶ᠎ᠡ ᠴᠠᠷᠠᠭ᠎ᠠ ᠪᠠᠷ | ᠬᠤᠪᠢᠶᠠᠵᠤ ᠦᠵᠡᠪᠡᠯ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠳᠠᠶᠢᠴᠢᠯᠠᠯᠲᠠ ᠨᠢ ᠬᠦᠴᠦᠲᠡᠶ ᠪᠠᠶᠢᠨ᠎ᠠ᠃ ᠰᠠᠭᠤᠷᠢ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 148.9% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ ᠬᠠᠷᠢᠴᠠᠯ ᠢᠶᠠᠷ 61.3 ᠬᠤᠪᠢ | ᠨᠡᠮᠡᠭᠳᠡᠭᠦᠯᠪᠡ᠃ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠭᠤᠤᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠯ ᠢᠯᠡᠷᠬᠡᠶ᠃ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠵᠦ᠂ ᠪᠥᠬᠦ ᠪᠠᠯᠠ | ᠣᠷᠣᠭᠤᠯᠤᠯᠲᠠ ᠶᠢᠨ 96.7% ᠢ ᠡᠵᠡᠯᠡᠪᠡ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 8 ᠪᠠᠶᠢᠵᠤ᠂ | ᠪᠡᠶᠡᠯᠡᠬᠦᠯᠦᠭᠰᠡᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 87.6% ᠶᠢ | ᠡᠵᠡᠯᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 39.6 ᠬᠤᠪᠢ ᠨᠡᠮᠡᠭᠳᠡᠭᠦᠯᠪᠡ᠃ | ᠲᠠᠪᠤ᠂ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠡᠷᠭᠦᠵᠦ᠂ ᠬᠡᠷᠡᠭᠴᠡᠭᠡ ᠱᠠᠭᠠᠷᠳᠠᠯᠭ᠎ᠠ ᠦᠷᠭᠦᠯᠵᠢᠯᠡᠨ ᠨᠡᠮᠡᠭᠳᠡᠪᠡ᠃ ᠲᠦᠷᠦᠭᠦᠤ | ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 28.7 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ ᠡᠭᠦᠨ ᠳᠤ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ | 25.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 3.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ᠃ ᠪᠠᠴᠢᠮ ᠬᠡᠷᠡᠭᠴᠡᠭᠡ ᠪᠠᠷ ᠬᠡᠷᠡᠭᠯᠡᠭᠡ ᠶᠢ ᠬᠦᠴᠦᠲᠡᠶ | ᠳᠠᠶᠢᠴᠢᠯᠠᠵᠤ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 20.4% ᠪᠠᠷ ᠨᠡᠮᠡᠭᠳᠡᠵᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ | ᠲᠡᠷᠭᠡ ᠠᠳᠠᠯᠢ ᠬᠤᠭᠤᠴᠠᠭᠠᠨ ᠤ ᠬᠢ ᠠᠴᠠ 351.9% ᠪᠠᠷ ᠨᠡᠮᠡᠭᠳᠡᠵᠦ᠂ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠶᠢ ᠵᠠᠭᠤᠨ ᠤ ᠬᠠᠷᠢᠴᠠᠯ ᠢᠶᠠᠷ 10 ᠬᠤᠪᠢ ᠨᠡᠮᠡᠭᠳᠡᠭᠦᠯᠪᠡ︔ ᠭᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ | ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ | ᠠᠳᠠᠯᠢ ᠬᠤᠭᠤᠴᠠᠭᠠᠨ ᠤ ᠬᠢ ᠠᠴᠠ 38.8% ᠪᠠᠷ ᠨᠡᠮᠡᠭᠳᠡᠪᠡ᠃ | ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠠᠮᠢᠳᠤᠷᠠᠯ ᠤᠨ ᠶᠠᠰᠤ ᠴᠢᠨᠠᠷ ᠯᠠᠪᠳᠠᠭᠤᠨ ᠢᠶᠠᠷ | ᠳᠡᠭᠡᠭᠰᠢᠯᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 34769 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ | ᠵᠢᠭᠰᠠᠭᠠᠭᠳᠠᠪᠠ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 44519 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19126 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.0% ᠢᠶᠠᠷ ᠨᠡᠮᠡᠭᠳᠡᠪᠡ᠃ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ ᠶᠢ | 23394 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠭᠤᠷᠪᠠᠳᠤᠭᠠᠷ ᠲᠤ ᠵᠢᠭᠰᠠᠭᠠᠭᠳᠠᠪᠠ᠃ ᠡᠭᠦᠨ ᠳᠤ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ | ᠵᠠᠷᠤᠯᠭ᠎ᠠ ᠶᠢ 27625 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ ᠶᠢ 18388 ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠤ ᠭᠤᠷᠪᠠᠨ ᠤᠯᠠᠷᠢᠯ ᠳᠤ ᠮᠠᠨ ᠤ ᠬᠤᠰᠢᠭᠤᠨ ᠤ ᠠᠵᠤ ᠠᠬᠤᠶ ᠶᠢᠨ ᠡᠷᠬᠢᠯᠲᠡ ᠶᠡᠷᠦᠩᠬᠡᠶ ᠳᠡᠭᠡᠨ | ᠲᠣᠭᠲᠠᠭᠤᠨ ᠪᠠᠶᠢᠵᠤ ᠰᠠᠶᠢᠵᠢᠷᠠᠬᠤ ᠬᠠᠨᠳᠤᠰᠢ ᠲᠠᠰᠤᠷᠠᠯᠲᠠ ᠥᠬᠡᠶ ᠬᠤᠷᠠᠮᠳᠤᠵᠤ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ ᠪᠥᠬᠦ | ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠪᠠᠶᠢᠨ᠎ᠠ᠃ ᠡᠭᠦᠨ ᠤ ᠬᠠᠮᠲᠤ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ | ᠮᠥᠨ ᠬᠦ ᠨᠡᠯᠢᠶᠡᠳ ᠶᠡᠭᠡ ᠪᠠᠶᠢᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠳᠤ ᠳᠠᠷᠤᠯᠲᠠ ᠥᠭᠬᠦ ᠴᠢᠬᠤᠯᠠᠲᠠᠶ ᠪᠠᠶᠢᠬᠤ ᠶᠢ | ᠣᠯᠵᠤ ᠬᠠᠷᠠᠬᠤ ᠬᠡᠷᠡᠭᠲᠡᠶ ᠪᠠᠶᠢᠨ᠎ᠠ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠬᠥᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ | ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠪᠠᠶᠢᠨ᠎ᠠ᠃ |