ᠦᠦᠰᠢᠨ ᠬᠤᠰᠢᠭᠤᠨ ᠤ 2024 ᠣᠨ ᠤ 1 — 10 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭᠠᠨ ᠤ ᠵᠠᠳᠠᠯᠤᠯᠲᠠ
ᠨᠡᠶᠢᠲᠡᠯᠡᠭᠰᠡᠨ ᠴᠠᠭ᠄
2024/12/10
      ᠨᠢᠭᠡ᠂ ᠪᠡᠯᠡ ᠣᠷᠣᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠪᠡᠯᠡ ᠣᠷᠣᠭᠤᠯᠤᠯᠲᠠ ᠶᠢᠨ ᠬᠦᠷᠢᠶ᠎ᠡ ᠴᠠᠷᠠᠭᠠᠨ ᠳᠤ ᠴᠦᠮ ᠬᠦᠭᠵᠢᠯᠲᠡ  ᠲᠠᠢ ᠪᠠᠶᠢᠨ᠎ᠠ      1 — 10 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 193.7% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 45.2% ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ ᠬᠦᠴᠦᠷᠬᠡᠭ ᠶᠡᠭᠡ ᠬᠦᠴᠦᠨ ᠨᠡᠮᠡᠷᠢᠯᠡᠪᠡ᠃ ᠪᠦᠬᠦ ᠬᠤᠰᠢᠭᠤᠨ ᠤ ᠬᠥᠮᠥᠷᠭᠡ ᠳᠤ ᠤᠷᠤᠭᠤᠯᠤᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 45.2% ᠢᠶᠠᠷ ᠨᠡᠮᠡᠭᠳᠡᠵᠦ᠂ ᠪᠡᠯᠡ ᠣᠷᠣᠭᠤᠯᠤᠯᠲᠠ ᠶᠢ ᠳᠠᠶᠢᠴᠢᠯᠠᠨ ᠵᠠᠭᠤᠨ ᠤ ᠬᠠᠷᠢᠴᠠᠯ ᠢᠶᠠᠷ 39.5 ᠬᠤᠪᠢ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠥᠨᠳᠥᠷ ᠬᠡᠮᠵᠢᠶᠡᠨ ᠳᠤ ᠬᠦᠷᠪᠡ᠃ ᠳᠣᠯᠣᠭᠠᠨ ᠰᠠᠷ᠎ᠠ ᠳᠠᠷᠠᠭᠠᠯᠠᠨ ᠲᠦᠷᠭᠡᠨ ᠨᠡᠮᠡᠭᠳᠡᠯ ᠢ ᠪᠡᠶᠡᠯᠡᠭᠦᠯᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 269.5% ᠪᠠᠷ ᠨᠡᠮᠡᠭᠳᠡᠪᠡ᠃ ᠳ᠋ᠦᠩᠰᠢᠭᠤᠷ ᠲᠥᠭᠦᠷᠢᠭ ᠤᠨ ᠲᠥᠷᠥᠯ  ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠷᠬᠡᠶ ᠪᠤᠯᠪᠠ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 8 ᠲᠥᠷᠥᠯ ᠵᠦᠢᠯ ᠳᠤ ᠪᠠᠯᠠ ᠣᠷᠣᠭᠤᠯᠬᠤ ᠪᠠᠷ ᠲᠥᠯᠥᠪᠯᠡᠵᠦ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 47.8% ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 87.3% ᠶᠢ ᠡᠵᠡᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠪᠠᠯᠠ ᠣᠷᠣᠭᠤᠯᠤᠯᠲᠠ ᠠᠴᠠ ᠵᠠᠭᠤᠨ ᠤ ᠬᠠᠷᠢᠴᠠᠯ ᠢᠶᠠᠷ 6.2 ᠬᠤᠪᠢ ᠥᠨᠳᠥᠷ ᠪᠣᠯᠪᠠ᠃      ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠬᠢᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠪᠠ      1 — 10 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 33 ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠶ ᠬᠡᠶ ᠪᠠᠭᠲᠠᠨ᠎ᠠ︶ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠄ ᠠᠭᠤᠷᠬᠠᠶ ᠮᠠᠯᠲᠠᠬᠤ  ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 6.8% ᠢᠶᠠᠷ ᠨᠡᠮᠡᠭᠳᠡᠪᠡ︔ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.5% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ ᠭᠤᠣᠯ ᠪᠣᠯᠬᠤ ᠦᠢᠯᠡᠳᠬᠦᠨ ᠠᠴᠠ ᠦᠵᠡᠪᠡᠯ᠄ ᠲᠦᠭᠦᠬᠡᠶ ᠨᠡᠭᠦᠷᠡᠰᠦ 3978.86 ᠲᠦᠮᠡᠨ ᠲᠣᠨ᠂ ᠨᠠᠷᠢᠯᠢᠭ ᠮᠧᠲ᠋ᠢᠯ ᠠᠯᠺᠣᠤᠯ 479.22 ᠲᠦᠮᠡᠨ ᠲᠣᠨ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ 77.51 ᠲᠦᠮᠡᠨ ᠲᠣᠨ᠂ ᠰᠢᠭᠡᠰᠦᠯᠢᠭ ᠡᠳ᠋ 235.77 ᠲᠦᠮᠡᠨ ᠲᠣᠨ᠂ ᠪᠥᠭᠡᠭᠡᠨᠡᠷᠡᠯ ᠡᠲ᠋ᠧᠨ 82.24 ᠲᠦᠮᠡᠨ ᠲᠣᠨ᠂ ᠪᠥᠭᠡᠭᠡᠨᠡᠷᠡᠯ ᠫᠷᠣᠫᠧᠨ 82.93 ᠲᠦᠮᠡᠨ ᠲᠣᠨ᠂ ᠴᠠᠬᠢᠯᠭᠠᠨ ᠭᠠᠷᠭᠠᠭᠰᠠᠨ ᠬᠡᠮᠵᠢᠶ᠎ᠡ 22.90 ᠳ᠋ᠦᠩᠰᠢᠭᠤᠷ ᠺᠢᠯᠣᠸᠠᠲ ᠴᠠᠭ ᠲᠤ ᠬᠦᠷᠪᠡ᠃       ᠭᠤᠷᠪᠠ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠵᠤ᠂ ᠲᠠᠰ ᠳᠡᠪᠰᠢᠭᠦᠯᠬᠦ ᠲᠥᠷᠥᠯ ᠤᠨ ᠬᠡᠷᠡᠭᠯᠡᠭᠡ ᠶᠢ ᠲᠦᠷᠭᠡᠳᠬᠡᠨ ᠠᠬᠢᠭᠤᠯᠪᠠ      1 — 10 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 33.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠬᠢᠵᠠᠭᠠᠷᠯᠠᠭᠰᠠᠨ ᠠᠴᠠ ᠳᠡᠭᠡᠭᠰᠢᠬᠢ ᠠᠵᠤ ᠠᠬᠤᠶᠢᠯᠠᠯ ᠲᠣᠭᠲᠠᠭᠤᠨ ᠢᠶᠠᠷ ᠨᠡᠮᠡᠭᠲᠡᠪᠡ᠃ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠨ᠂ ᠡᠭᠦᠨ ᠳᠤ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 3.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ ᠶᠢ 0.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.0%  ᠢᠶᠠᠷ ᠪᠠᠭᠤᠷᠠᠪᠠ᠃ ᠪᠣᠬᠢᠷᠲᠤᠯ ᠥᠬᠡᠢ ᠣᠶᠤᠨᠴᠢ ᠳᠡᠰ ᠳᠡᠪᠰᠢᠬᠦ ᠲᠥᠷᠥᠯ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 41.1% ᠪᠠᠷ ᠨᠡᠮᠡᠭᠳᠡᠵᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 388.3% ᠪᠠᠷ ᠨᠡᠮᠡᠭᠳᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 41.8% ᠢᠶᠠᠷ ᠨᠡᠮᠡᠭᠳᠡᠵᠦ᠂ ᠡᠭᠦᠨ ᠳᠤ ᠤᠶᠤᠨᠲᠤ ᠭᠠᠷ ᠤᠲᠠᠰᠤ ᠠᠳᠠᠯᠢ ᠬᠤᠭᠤᠴᠠᠭᠠᠨ ᠤ ᠬᠢ ᠠᠴᠠ 41.9% ᠪᠠᠷ ᠨᠡᠮᠡᠭᠳᠡᠪᠡ︔ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 17.8% ᠢᠶᠠᠷ ᠨᠡᠮᠡᠭᠳᠡᠵᠦ᠂ ᠡᠭᠦᠨ ᠳᠤ ᠤᠶᠤᠨᠲᠤ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠠᠳᠠᠯᠢ ᠬᠤᠭᠤᠴᠠᠭᠠᠨ ᠤ ᠬᠢ ᠠᠴᠠ 13.9%  ᠪᠠᠷ ᠨᠡᠮᠡᠭᠳᠡᠪᠡ᠃      ᠳᠥᠷᠪᠡ᠂ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠠᠵᠢᠯᠯᠠᠵᠤ᠂ ᠠᠵᠤ ᠠᠬᠤᠶᠢᠯᠠᠯ ᠤᠨ ᠡᠵᠡᠩᠨᠡᠯᠲᠡ ᠦᠷᠭᠦᠯᠵᠢᠯᠡᠨ ᠰᠠᠶᠢᠵᠢᠷᠠᠪᠠ      1— 9 ᠰᠠᠷ᠎ᠠ ᠳᠤ᠂ ᠪᠦᠬᠦ ᠬᠤᠰᠢᠭᠤᠨ ᠤ 28 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠢᠭᠡᠴᠢ 6.86 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.98% ᠢᠶᠠᠷ ᠪᠠᠭᠤᠷᠠᠪᠠ︔ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 1.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1054% ᠪᠠᠷ ᠨᠡᠮᠡᠭᠳᠡᠪᠡ︔ ᠲᠤᠰᠢᠶᠠᠬᠤ ᠶᠣᠰᠣᠲᠠᠶ ᠥᠷᠲᠡᠭ ᠨᠡᠮᠡᠭᠳᠡᠯ ᠤᠨ ᠭᠠᠶᠢᠯᠢ 0.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠪᠡ︔ ᠬᠤᠭᠤᠴᠠᠭᠠᠨ ᠤ ᠡᠴᠦᠰ ᠤᠨ ᠠᠵᠢᠯᠴᠢᠨ 967 ᠬᠦᠮᠦᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ︔ ᠠᠷᠭᠠᠴᠠᠬᠤ ᠶᠣᠰᠣᠲᠠᠶ ᠠᠵᠢᠯᠲᠠᠨ ᠤ ᠴᠠᠯᠢᠩ 0.66 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠪᠡ᠃ ᠭᠤᠤᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠶ ᠪᠤᠯᠪᠠ᠃ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 3.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.61% ᠪᠠᠷ ᠨᠡᠮᠡᠭᠳᠡᠪᠡ︔ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠦᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 67.59% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡᠨ ᠤ ᠰᠡᠯᠪᠢᠨ ᠵᠠᠰᠠᠬᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠲᠣᠰ ᠲᠣᠰ ᠡᠵᠡᠩᠨᠡᠯᠲᠡ ᠶᠢᠨ ᠣᠷᠣᠯᠭ᠎ᠠ ᠶᠢ 0.03 ᠳ᠋ᠦᠩᠰᠢᠭᠤᠷ ᠲᠥᠭᠦᠷᠢᠭ ᠂ 0.08 ᠳ᠋ᠦᠩᠰᠢᠭᠤᠷ ᠲᠥᠭᠦᠷᠢᠭ᠂ 0.15 ᠳ᠋ᠦᠩᠰᠢᠭᠤᠷ ᠲᠥᠭᠦᠷᠢᠭ ᠪᠡᠶᠡᠯᠡᠭᠦᠯᠪᠡ᠃      ᠲᠠᠪᠤ᠂ ᠠᠵᠢᠯᠯᠠᠭᠠᠨ ᠤ ᠣᠷᠴᠢᠨ ᠲᠣᠭᠤᠷᠢᠨ ᠶᠡᠷᠦᠩᠬᠡᠢ ᠳᠡᠭᠡᠨ ᠲᠣᠭᠲᠠᠭᠤᠨ ᠬᠠᠨᠳᠤᠰᠢ ᠲᠠᠢ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃      1 — 10 ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 93.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 176.8% ᠪᠠᠷ ᠨᠡᠮᠡᠭᠳᠡᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 7.5% ᠪᠠᠷ ᠪᠠᠭᠤᠷᠠᠵᠤ᠂ ᠭᠠᠶᠢᠯᠢ ᠶᠢᠨ ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 1327.8% ᠢᠶᠠᠷ ᠨᠡᠮᠡᠭᠳᠡᠪᠡ᠃ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢ 84.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.7% ᠪᠠᠷ ᠨᠡᠮᠡᠭᠳᠡᠪᠡ᠃      10 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 214.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.5% ᠪᠠᠷ ᠨᠡᠮᠡᠭᠳᠡᠨ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 152.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. 8 % ᠢᠶᠠᠷ ᠪᠠᠭᠤᠷᠠᠪᠠ᠃ᠶᠡᠷᠦᠩᠬᠡᠶ ᠳᠤᠨᠢ ᠠᠪᠴᠤ ᠦᠵᠡᠪᠡᠯ᠂ 1 — 10 ᠰᠠᠷ᠎ᠠ ᠳᠤ ᠮᠠᠨ ᠤ ᠬᠤᠰᠢᠭᠤᠨ ᠤ ᠠᠵᠤ ᠠᠬᠤᠶ ᠶᠢᠨ ᠡᠷᠬᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠰᠠᠶᠢᠵᠢᠷᠠᠯᠲᠠ ᠶᠢᠨ ᠪᠠᠶᠢᠳᠠᠯ ᠲᠠᠰᠤᠷᠠᠯᠲᠠ ᠥᠬᠡᠶ ᠬᠤᠷᠠᠮᠳᠤᠵᠤ᠂ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠪᠥᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ  ᠲᠠᠯᠪᠢᠭᠰᠠᠨ ᠪᠠᠶᠢᠨ᠎ᠠ᠃ ᠡᠭᠦᠨ ᠤ ᠬᠠᠮᠲᠤ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠳᠤ ᠮᠥᠨ ᠬᠦ ᠳᠠᠷᠤᠯᠲᠠ ᠥᠭᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠬᠥᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ