ᠮᠠᠨ ᠤ ᠬᠤᠰᠢᠭᠤ ︽ᠤᠳᠬ᠎ᠠ ᠤᠷᠠᠯᠢᠭ ᠢᠶᠠᠷ ᠠᠷᠠᠳ ᠲᠦᠮᠡᠨ ᠳᠤ ᠦᠢᠯᠡᠴᠢᠯᠡᠬᠦ︾ ᠭᠡᠷᠡᠯ ᠵᠢᠷᠤᠭ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/12/10
      ᠤᠶᠢᠷ᠎ᠠ ᠶᠢᠨ ᠡᠳᠦᠷ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠡᠷᠡᠯ ᠵᠢᠷᠤᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ︽ᠤᠳᠬ᠎ᠠ ᠤᠷᠠᠯᠢᠭ ᠢᠶᠠᠷ ᠠᠷᠠᠳ ᠲᠦᠮᠡᠨ ᠳᠤ ᠦᠢᠯᠡᠴᠢᠯᠡᠬᠦ︾ ᠭᠡᠷᠡᠯ ᠵᠢᠷᠤᠭ ᠤᠨ ᠪᠣᠯᠪᠠᠰᠤᠷᠠᠯ ᠤᠨ ᠠᠩᠭᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠬᠢᠴᠢᠶᠡᠯ ᠡᠭᠢᠯᠠᠵᠤ᠂ ᠪᠥᠬᠦ ᠬᠤᠰᠢᠭᠤᠨ ᠤ ᠬᠡᠷᠡᠯ ᠵᠢᠷᠤᠭ ᠤᠨ ᠰᠣᠨᠢᠷᠬᠠᠭᠴᠢ᠂ ᠰᠢᠨ᠎ᠡ ᠵᠠᠭᠤᠴᠢᠯᠠᠭᠤᠷ ᠤᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠳᠤ᠂ ᠳᠤᠮᠳᠠᠳᠤ ᠤᠯᠤᠰ ᠤᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠤᠯᠤᠰ ᠤᠨ ᠳᠡᠭᠡᠳᠦ ᠵᠡᠷᠭᠡ ᠶᠢᠨ ᠭᠡᠷᠡᠯ ᠵᠢᠷᠤᠭᠴᠢᠨ᠂ ᠥᠪᠥᠷ ᠮᠣᠩᠭᠤᠯ ᠤᠨ ᠭᠡᠷᠡᠯ ᠵᠢᠷᠤᠭ ᠤᠨ ᠬᠤᠯᠪᠣᠭ᠎ᠠ ᠶᠢᠨ ᠡᠭᠦᠳᠦᠭᠴᠢ ᠬᠤᠸᠠᠩ ᠫᠦ᠋ ᠵᠢᠶᠠ ᠷᠧᠨ ᠢ ᠤᠷᠢᠵᠤ᠂ ᠰᠣᠨᠢᠨ ᠮᠡᠳᠡᠭᠡᠨ ᠤ ᠭᠡᠷᠡᠯ ᠵᠢᠷᠤᠭ ᠲᠠᠲᠠᠬᠤ ᠪᠠ ᠥᠩᠭᠡ ᠦᠵᠡᠮᠵᠢ ᠶᠢᠨ ᠬᠡᠷᠡᠯ ᠵᠢᠷᠤᠭ ᠲᠠᠲᠠᠬᠤ ᠬᠤᠶᠠᠷ ᠭᠤᠤᠯ ᠰᠡᠳᠦᠪ ᠤᠨ ᠲᠣᠭᠤᠷᠢᠨ ᠳᠤ᠂ ᠡᠯ᠎ᠡ ᠲᠥᠷᠥᠯ ᠤᠨ ᠬᠡᠷᠡᠯ ᠵᠢᠷᠤᠭ ᠤᠨ ᠪᠦᠲᠦᠭᠡᠯ ᠢᠶᠠᠷ ᠥᠯᠢᠭᠡᠷ ᠵᠢᠱᠢᠶ᠎ᠡ ᠪᠣᠯᠭᠠᠵᠤ᠂ ᠠᠵᠢᠯᠯᠠᠭ᠎ᠠ᠂ ᠬᠥᠮᠦᠰ᠂ ᠥᠩᠭᠡ ᠦᠵᠡᠮᠵᠢ ᠵᠡᠷᠭᠡ ᠠᠳᠠᠯᠢ ᠪᠤᠰᠤ ᠰᠡᠭᠦᠳᠡᠷᠯᠡᠬᠦ ᠡᠲᠡᠭᠡᠳ ᠲᠠᠢ ᠤᠶᠠᠯᠳᠤᠭᠤᠯᠤᠨ ᠵᠢᠷᠤᠭ ᠪᠦᠲᠦᠭᠡᠬᠦ ᠤᠷ᠎ᠠ ᠮᠡᠷᠭᠡᠵᠢᠯ᠂ ᠭᠤᠤᠯ ᠰᠡᠳᠦᠪᠲᠦ ᠢᠯᠡᠷᠡᠭᠦᠯᠦᠯ᠂ ᠥᠩᠭᠡ ᠪᠤᠳᠤᠭ ᠢ ᠵᠣᠬᠢᠴᠠᠭᠤᠯᠬᠤ᠂ ᠠᠩᠬᠠᠷᠬᠤ ᠵᠦᠢᠯᠡᠰ ᠵᠡᠷᠭᠡ ᠲᠠᠯ᠎ᠠ ᠶᠢᠨ ᠠᠭᠤᠯᠭ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠯᠭᠡᠪᠡ᠃       ᠲᠣᠰ ᠤᠳᠠᠭᠠᠨ ᠤ ᠪᠣᠯᠪᠠᠰᠤᠷᠠᠯ ᠨᠢ ᠰᠤᠷᠤᠭᠴᠢᠳ ᠲᠤ ᠰᠤᠷᠤᠯᠴᠠᠬᠤ ᠪᠠ ᠰᠣᠯᠢᠯᠴᠠᠨ ᠰᠦᠪᠡᠭᠴᠢᠯᠡᠬᠦ ᠲᠠᠪᠴᠠᠩ ᠬᠠᠩᠭᠠᠵᠤ᠂ ᠰᠤᠷᠤᠭᠴᠢᠳ ᠲᠤ ᠭᠡᠷᠡᠯ ᠵᠢᠷᠤᠭ ᠤᠨ ᠤᠷᠠᠯᠢᠭ ᠤᠨ ᠷᠢᠳᠢ ᠰᠢᠳᠢ ᠶᠢ ᠮᠡᠳᠡᠷᠡᠭᠦᠯᠵᠦ᠂ ᠣᠯᠠᠨ ᠤ ᠵᠣᠬᠢᠶᠠᠨ ᠪᠦᠲᠦᠭᠡᠬᠦ ᠰᠡᠳᠬᠢᠯᠭᠡ ᠪᠠ ᠰᠢᠨ᠎ᠡ ᠶᠢ ᠡᠭᠦᠳᠬᠦ ᠤᠬᠠᠮᠰᠠᠷ ᠢ ᠬᠦᠭᠵᠢᠭᠡᠭᠰᠡᠨ ᠪᠠᠶᠢᠨ᠎ᠠ᠃                           ᠰᠣᠷᠪᠤᠯᠵᠢᠯᠠᠭᠴᠢ᠄ ᠠᠯᠤᠰ᠂ ᠴᠧᠨ ᠸᠧᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ