ᠦᠭᠡᠷ ᠪᠣᠯ ᠭᠦᠮᠦᠨ ᠲᠥᠷᠥᠯᠬᠢᠳᠡᠨ ᠳᠤ ᠰᠢᠮ᠎ᠡ ᠲᠡᠵᠢᠭᠡᠯ ᠰᠠᠶᠢᠲᠠᠢ ᠰᠦ ᠴᠠᠭ᠎ᠠ ᠪᠣᠯᠣᠨ ᠮᠢᠬ᠎ᠠ ᠲᠤᠰᠤ ᠬᠠᠨᠭ᠍ᠭᠠᠵᠤ ᠥᠭᠳᠡᠭ ᠣᠯᠠᠨ ᠵᠣᠶᠢᠯ ᠤᠨ | ᠠᠵᠦ ᠠᠬᠤᠢ ᠶᠢᠨ ᠥᠷᠳᠡᠭ ᠲᠠᠢ ᠮᠠᠯ ᠪᠣᠯᠣᠨ᠎ᠠ᠃ ᠡᠯ᠎ᠡ ᠲᠥᠷᠥᠯ ᠤᠨ ᠮᠠᠯ ᠤᠨ ᠳᠣᠲᠣᠷ᠎ᠠ ᠰᠦᠨ ᠤ ᠭᠠᠷᠴᠠ ᠪᠠᠷ ᠬᠠᠮᠤᠭ ᠶᠡᠭᠡ ᠨᠢ ᠰᠦᠨ ᠤ | ᠬᠡᠷᠡᠭᠴᠡᠭᠡᠲᠦ ᠦᠨᠢᠶ᠎ᠡ ᠪᠣᠯᠣᠨ᠎ᠠ᠃ ᠨᠢᠭᠡ ᠰᠠᠭᠠᠯᠢ ᠶᠢᠨ ᠦᠨᠢᠶᠡᠨ ᠠᠴᠠ ᠵᠢᠯ ᠳᠤ ᠪᠠᠷᠤᠭ 4000 — 6000 ᠺᠢᠯᠥᠭᠷᠡᠮ ᠰᠦ ᠭᠠᠷᠳᠠᠭ᠃ ᠡᠳᠡᠭᠡᠷ ᠰᠦᠨ | ᠤ ᠪᠠᠨ ᠪᠠᠭ᠎ᠠ ᠬᠡᠰᠡᠭ ᠢ ᠲᠤᠭᠤᠯ ᠳᠠᠭᠠᠨ ᠬᠦᠬᠦᠬᠦᠯᠬᠦ ᠠᠴᠠ ᠭᠠᠳᠠᠨ᠎ᠠ ᠶᠡᠬᠡᠨᠭᠬᠢ ᠨᠢ ᠬᠦᠮᠦᠰ ᠲᠤ ᠰᠢᠭᠤᠳ ᠪᠤᠶᠤ ᠲᠠᠮ ᠢᠶᠠᠷ ᠠᠰᠢᠭᠯᠠᠭᠳᠠᠨ᠎ᠠ᠃ ᠦᠨᠢᠶᠡᠨ | ᠰᠦ ᠪᠣᠯᠣᠨ ᠰᠦᠨ ᠤ ᠪᠥᠳᠦᠭᠡᠭᠳᠡᠭᠦᠨ ᠳᠤ ᠰᠢᠮ᠎ᠡ ᠲᠡᠵᠢᠭᠡᠯᠲᠦ ᠪᠣᠳᠠᠰ ᠡᠯᠪᠡᠭ ᠮᠥᠷᠳᠡᠭᠡᠨ ᠲᠥᠷᠥᠯ ᠵᠤᠶᠢᠯ ᠨᠢ ᠪᠦᠷᠢᠨ ᠬᠦᠢᠴᠡᠳ ᠪᠠᠶᠢᠳᠠᠭ᠃ | ᠦᠭᠡᠷ᠂ ᠮᠢᠬᠠᠨ ᠤ ᠤᠶᠢᠯᠡᠳᠪᠦᠷᠢᠯᠡᠯ ᠤᠨ ᠲᠠᠯ᠎ᠠ ᠪᠠᠷ ᠴᠤ ᠴᠢᠬᠤᠯᠠ ᠪᠠᠶᠢᠷᠢ ᠶᠢ ᠡᠵᠡᠯᠡᠳᠡᠭ᠃ ᠲᠡᠭᠦᠨ ᠤ ᠠᠷᠠᠴᠢᠯᠠᠭ᠎ᠠ ᠲᠡᠵᠢᠭᠡᠯᠭᠡ ᠶᠢ ᠨᠢ | ᠰᠠᠶᠢᠵᠢᠷᠠᠭᠤᠯᠵᠤ᠂ ᠵᠣᠬᠢᠰᠲᠠᠢ ᠪᠣᠷᠳᠤᠵᠣ ᠲᠠᠷᠭᠤᠯᠠᠭᠤᠯᠪᠠᠯ ᠪᠢᠷᠠᠭᠤᠨ ᠤ ᠦᠶ᠎ᠡ ᠳᠡᠭᠡᠨ ᠪᠡᠶ᠎ᠡ ᠶᠢᠨ ᠬᠦᠨᠳᠦᠴᠡ ᠨᠢ ᠪᠠᠷᠤᠭ 500 ᠺᠢᠯᠥᠭᠷᠠᠮ ᠳᠤ ᠬᠦᠷᠳᠡᠭ᠃ | ᠡᠶᠢᠮᠦ ᠦᠭᠡᠷ ᠤᠨ ᠮᠢᠬᠠᠨ ᠤ ᠭᠠᠷᠴᠠ ᠨᠢ ᠶᠡᠭᠡ ᠪᠠᠶᠢᠳᠠᠭ ᠢᠶᠠᠷ ᠪᠠᠷᠠᠬᠤ ᠦᠭᠡᠢ ᠬᠠᠷ᠎ᠠ ᠮᠢᠬ᠎ᠠ ᠡᠯᠪᠡᠭᠲᠡᠢ ᠪᠥᠭᠡᠳ ᠮᠢᠬ᠎ᠠ ᠨᠢ ᠵᠥᠭᠡᠯᠡᠨ ᠰᠢᠮᠡᠲᠡᠢ ᠪᠠᠶᠢᠳᠠᠭ | ᠪᠣᠯᠬᠤᠷ ᠸᠢᠲ᠋ᠠᠮᠢᠨA ᠶᠢᠨ ᠠᠭᠤᠯᠣᠭᠳᠠᠴᠠ ᠡᠯᠪᠡᠭ ᠪᠠᠶᠢᠳᠠᠭ᠃ | ᠦᠭᠡᠷ ᠪᠤᠯ ᠡᠪᠡᠰᠦᠨ ᠲᠡᠵᠢᠭᠡᠯᠲᠦ ᠠᠮᠢᠳᠠᠨ ᠪᠣᠯᠬᠤᠷ ᠶᠡᠬᠡᠨᠭᠬᠢ ᠳᠡᠭᠡᠨ ᠪᠦᠳᠦᠬᠦᠯᠢᠭ ᠡᠪᠡᠰᠦ ᠪᠣᠷᠳᠤᠭ᠎ᠠ ᠶᠢ ᠠᠰᠢᠭᠯᠠᠳᠠᠭ᠃ ᠡᠶᠢᠮᠦ ᠠᠴᠠ | ᠤᠶᠢᠯᠡᠳᠪᠦᠷᠢᠯᠡᠯ ᠤᠨ ᠥᠪᠡᠷ ᠤᠨ ᠥᠷᠳᠡᠭ ᠨᠢ ᠲᠤᠤᠷ᠎ᠠ᠂ ᠰᠢᠮ᠎ᠡ ᠲᠡᠵᠢᠭᠡᠯ ᠡᠯᠪᠡᠭ ᠲᠠᠢ᠂ ᠠᠵᠤ ᠠᠬᠤᠢ ᠶᠢᠨ ᠠᠰᠢᠭ ᠬᠤᠨᠵᠢᠪᠦᠷᠢ ᠨᠢ ᠶᠡᠭᠡ ᠪᠠᠶᠢᠳᠠᠭ᠃ | ᠦᠭᠡᠷ ᠪᠤᠯ ᠬᠡᠪᠡᠭᠴᠢ ᠮᠠᠯ ᠪᠣᠯᠬᠤᠷ ᠡᠳᠦᠷ ᠲᠤ ᠭᠠᠷᠭᠠᠬᠤ ᠪᠠᠭᠠᠰᠤ ᠰᠢᠭᠡᠰᠦ ᠨᠢ ᠪᠣᠰᠣᠳ ᠠᠮᠢᠳᠠᠨ ᠤ ᠬᠢ ᠠᠴᠠ ᠠᠷᠪᠢᠨ ᠶᠤᠮ᠃ ᠡᠨᠡ ᠨᠢ | ᠲᠠᠷᠢᠶᠠᠯᠠᠩ ᠠᠵᠦ ᠣᠶᠢᠯᠡᠳᠪᠦᠷᠢᠯᠡᠯ ᠤᠨ ᠤᠷᠭᠠᠨᠢᠭ ᠪᠣᠷᠳᠤᠭᠤᠷ ᠤᠨ ᠭᠤᠣᠯ ᠢᠷᠡᠯᠲᠡ ᠪᠣᠯᠣᠨ᠎ᠠ᠃ ᠡᠳᠡᠭᠡᠷ ᠤᠷᠭᠠᠨᠢᠭ ᠪᠣᠷᠳᠣᠭᠤᠷ ᠨᠢ ᠲᠠᠷᠢᠮᠠᠯ ᠪᠣᠷᠳᠣᠭᠠᠨ | ᠳᠤ ᠱᠠᠭᠠᠷᠳᠠᠭᠳᠠᠬᠤ ᠰᠢᠮ᠎ᠡ ᠲᠡᠵᠢᠭᠡᠯ ᠢ ᠰᠢᠭᠤᠳ ᠬᠠᠨᠭ᠍ᠭᠠᠬᠤ ᠪᠠᠷ ᠪᠠᠷᠠᠬᠤ ᠦᠭᠡᠢ ᠪᠠᠰᠠ ᠬᠦᠷᠦᠰᠦ ᠰᠢᠷᠦᠢ ᠶᠢᠨ ᠪᠦᠳᠦᠴᠡ ᠶᠢ ᠰᠠᠶᠢᠵᠢᠷᠠᠭᠤᠯᠬᠤ ᠪᠠ ᠣᠰᠣ | ᠶᠢ ᠬᠠᠮᠠᠭᠠᠯᠠᠬᠤ ᠣᠶᠢᠯᠡᠳᠦᠯ ᠲᠠᠢ᠃ | ᠦᠭᠡᠷ ᠤᠨ ᠠᠷᠠᠰᠣ᠂ ᠦᠰᠦ ᠡᠪᠡᠷ᠂ ᠲᠤᠳᠤᠭᠠᠳᠤ ᠡᠷᠭᠡᠳᠡᠨ᠂ ᠴᠢᠰᠦ ᠵᠡᠷᠭᠡ ᠲᠠᠭᠠᠯᠳᠤᠪᠤᠷᠢ ᠪᠥᠳᠦᠭᠡᠭᠳᠡᠭᠦᠨ ᠨᠢ ᠬᠦᠡᠭᠭᠡᠨ ᠠᠵᠦ ᠤᠶᠢᠯᠡᠳᠪᠦᠷᠢ ᠪᠠ | ᠡᠮ ᠡᠮᠨᠡᠯᠭᠡ ᠶᠢᠨ ᠲᠦᠭᠦᠭᠡᠢ ᠮᠠᠲ᠋ᠧᠷᠢᠶᠠᠯ ᠪᠣᠯᠣᠨ᠎ᠠ᠃ ᠡᠳᠡᠭᠡᠷ ᠨᠢ ᠮᠥᠨ ᠴᠤ ᠭᠠᠳᠠᠭᠠᠳᠤ ᠳᠤ ᠭᠠᠷᠭᠠᠬᠤ ᠴᠢᠬᠤᠯᠠ ᠡᠳ᠋ ᠪᠣᠳᠠᠰ ᠪᠣᠯᠣᠨ᠎ᠠ᠃ | ᠠᠵᠦ ᠠᠬᠤᠢ ᠬᠥᠭᠵᠢᠭᠰᠡᠨ ᠤᠯᠤᠰ ᠤᠨ ᠮᠠᠯ ᠠᠵᠤ ᠠᠬᠤᠢ ᠶᠢᠨ ᠤᠶᠢᠯᠡᠳᠭᠦᠨ ᠤ ᠥᠷᠳᠡᠭ ᠨᠢ ᠲᠠᠷᠢᠶᠠᠯᠠᠩ ᠠᠵᠦ ᠠᠬᠤᠶᠢᠯᠠᠯ ᠤᠨ ᠶᠡᠷᠦᠩᠭᠡᠢ | ᠦᠢᠯᠡᠳᠭᠦᠨ ᠤ ᠥᠷᠳᠡᠭ ᠤᠨ 50% ᠠᠴᠠ ᠲᠡᠭᠡᠭᠰᠢᠬᠢ ᠶᠢ ᠡᠵᠡᠯᠡᠵᠦ ᠪᠤᠢ᠃ ᠵᠢᠱᠢᠶᠠᠯᠠᠪᠠᠯ ᠠᠦ᠋ᠰᠲᠷᠯᠢᠶ᠎ᠠ ᠳᠤ 70% ᠶᠢ ᠡᠵᠡᠯᠡᠵᠦ᠂ ᠠᠮᠧᠷᠢᠺᠠ ᠳᠤ | 60% ᠶᠢ ᠡᠵᠡᠯᠡᠵᠦ ᠪᠠᠶᠢᠨ᠎ᠠ᠃ ᠡᠭᠦᠨ ᠤ ᠳᠣᠲᠣᠷ᠎ᠠ ᠦᠭᠡᠷ ᠮᠠᠯᠵᠢᠯ ᠤᠨ ᠤᠶᠢᠯᠡᠰ ᠤᠨ ᠤᠶᠢᠯᠡᠳᠭᠦᠨ ᠤ ᠥᠷᠳᠡᠭ ᠤᠨ ᠡᠵᠡᠯᠡᠬᠦ ᠬᠠᠷᠢᠴᠠᠯ ᠨᠢ ᠬᠠᠮᠤᠭ | ᠶᠡᠭᠡ᠃ ᠬᠡᠳᠡᠯ᠎ᠡ ᠮᠠᠨ ᠤ ᠤᠯᠤᠰ ᠲᠤ ᠵᠥᠪᠭᠡᠨ 15% ᠶᠢ ᠯᠠ ᠡᠵᠡᠯᠡᠵᠦ ᠪᠠᠶᠢᠳᠠᠭ᠃ | | | ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ | |