ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 23 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ | ᠬᠤᠷᠠᠯᠳᠤᠭᠤᠯᠵᠤ᠂ ︽ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ︾ ᠢ ᠬᠢᠨᠠᠨ | ᠵᠥᠪᠯᠡᠵᠦ ᠪᠠᠲᠤᠯᠠᠭᠠᠳ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠮ | ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠪᠠᠷᠢᠯ ᠢ ᠪᠠᠶᠢᠷᠢᠯᠠᠭᠤᠯᠵᠤ᠂ ᠢᠳᠡᠭᠡᠨ ᠤ ᠠᠮᠤᠷ | ᠲᠦᠪᠰᠢᠨ ᠤ ᠪᠥᠬᠦ ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠠᠵᠢᠯ ᠢ ᠰᠤᠳᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠰᠢᠯᠵᠢᠭᠦᠯᠬᠦ ᠲᠥᠯᠥᠪᠦᠷᠢ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠠᠷᠢᠭᠤ ᠮᠡᠳᠡᠭᠦᠯᠦᠯᠲᠡ ᠶᠢ ᠰᠣᠨᠣᠰᠴᠤ᠂ | ︽ᠺᠣᠮᠫᠠᠨᠢ ᠶᠢᠨ ᠢᠯᠡ ᠪᠠᠷ ᠰᠲ᠋ᠣᠺ ᠲᠠᠷᠬᠠᠭᠠᠬᠤ ᠳᠤ ᠦᠢᠯᠡᠴᠢᠯᠡᠭᠡ ᠬᠠᠩᠭᠠᠬᠤ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ︵ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠪᠣᠯ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠷᠭ᠎ᠠ | ᠬᠡᠯᠪᠡᠷᠢ ᠮᠥᠨ᠂ ᠲᠡᠭᠦᠨ ᠤ ᠤᠭ ᠵᠣᠷᠢᠯᠭ᠎ᠠ ᠨᠢ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠶᠢ ᠵᠢᠷᠤᠮᠵᠢᠭᠤᠯᠬᠤ ᠪᠠ ᠬᠥᠲᠥᠯᠥᠨ ᠵᠢᠯᠤᠭᠤᠳᠬᠤ ᠶᠢᠨ | ᠲᠥᠯᠥᠭᠡ ᠶᠤᠮ᠃ ᠭᠡᠪᠡᠴᠦ ᠦᠢᠯᠡᠳᠦᠯᠭᠡ ᠶᠢᠨ ᠶᠠᠪᠤᠴᠠ ᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠭᠰᠠᠨ | ᠵᠠᠰᠠᠭ ᠵᠠᠬᠢᠷᠭᠠᠨ ᠤ ᠪᠠᠶᠢᠴᠠᠭᠠᠯᠲᠠ ᠪᠠᠨ ᠳᠤᠷ᠎ᠠ ᠪᠠᠷ ᠢᠶᠠᠨ ᠦᠢᠯᠡᠳᠴᠦ ᠪᠠᠶᠢᠭ᠎ᠠ ᠠᠰᠠᠭᠤᠳᠠᠯ ᠪᠠᠶᠢᠨ ᠲᠠᠬᠢᠨ ᠭᠠᠷᠤᠭᠰᠠᠨ ᠠᠴᠠ ᠠᠵᠤ ᠠᠬᠤᠶᠢᠯᠠᠯ ᠤᠳ ᠤᠨ | ᠬᠡᠪ ᠤᠨ ᠦᠢᠯᠡᠳᠪᠦᠷᠢᠯᠡᠯ ᠡᠵᠡᠩᠨᠡᠯᠲᠡ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠠᠶᠢᠵᠢᠷᠠᠯᠲᠠ ᠶᠢ ᠨᠥᠯᠥᠭᠡᠯᠡᠵᠦ ᠪᠠᠶᠢᠨ᠎ᠠ᠃ ᠵᠠᠬ᠎ᠠ | ᠳᠡᠯᠭᠡᠭᠦᠷ ᠤᠨ ᠵᠢᠱᠢᠯᠲᠡ ᠶᠢ ᠲᠣᠭᠲᠠᠭᠤᠨ ᠪᠠᠶᠢᠯᠭᠠᠬᠤ ᠳᠤ ᠠᠩᠬᠠᠷᠤᠯ ᠢᠶᠠᠨ ᠬᠠᠨᠳᠤᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠠᠩᠬᠠᠷᠤᠯ ᠲᠠᠯᠪᠢᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠤᠨ᠂ | ᠳᠠᠪᠲᠠᠮᠵᠢ ᠪᠠᠨ ᠵᠦᠢ ᠵᠣᠬᠢᠰᠲᠠᠢ ᠲᠣᠬᠢᠷᠠᠭᠤᠯᠵᠤ᠂ ᠡᠷᠴᠢᠮ ᠢᠶᠠᠨ ᠲᠣᠬᠢᠲᠠᠢ ᠡᠵᠡᠮᠳᠡᠨ᠂ ᠣᠨᠣᠪᠴᠢ ᠶᠢᠨ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ᠂ | ᠪᠠᠶᠢᠴᠠᠭᠠᠯᠲᠠ ᠪᠠᠨ ᠳᠤᠲᠠᠭᠳᠠᠭᠤᠯᠬᠤ ᠦᠭᠡᠢ ᠮᠥᠷᠲᠡᠭᠡᠨ ᠢᠯᠡᠭᠦᠴᠡ ᠪᠠᠶᠢᠴᠠᠭᠠᠯᠲᠠ ᠬᠢᠬᠦ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠵᠠᠰᠠᠭ | ᠵᠠᠬᠢᠷᠭᠠᠨ ᠤ ᠪᠠᠶᠢᠴᠠᠭᠠᠯᠲᠠ ᠶᠢᠨ ᠪᠡᠶᠡᠴᠢ ᠴᠣᠭᠴᠠ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠢ ᠢᠯᠭᠠᠷᠠᠭᠤᠯᠤᠨ ᠨᠡᠶᠢᠲᠡᠯᠡᠵᠦ᠂ | ᠳᠤᠷ᠎ᠠ ᠪᠠᠷ ᠪᠠᠶᠢᠴᠠᠭᠠᠬᠤ ᠶᠢ ᠡᠬᠢ ᠢᠷᠡᠯᠲᠡ ᠠᠴᠠ ᠨᠢ ᠬᠤᠷᠢᠭᠯᠠᠬᠤ ᠬᠡᠷᠡᠭᠲᠡᠢ᠃ ᠪᠠᠶᠢᠴᠠᠭᠠᠬᠤ ᠠᠷᠭ᠎ᠠ ᠮᠠᠶ᠋ᠢᠭ ᠢᠶᠠᠨ ᠵᠦᠢ ᠵᠣᠬᠢᠰᠲᠠᠢ ᠲᠣᠭᠲᠠᠭᠠᠵᠤ᠂ | ᠪᠠᠶᠢᠴᠠᠭᠠᠬᠤ ᠪᠠᠷᠢᠮᠵᠢᠶ᠎ᠠ ᠪᠠ ᠲᠠᠰ ᠳᠠᠷᠠᠭᠠᠯᠠᠯ ᠢᠶᠠᠨ ᠴᠢᠩᠳᠠᠯᠠᠵᠤ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠴᠢᠩᠭᠠᠳᠬᠠᠨ᠂ ᠠᠵᠤ ᠠᠬᠤᠶᠢᠯᠠᠯ ᠳᠤ ᠣᠴᠢᠵᠤ ᠪᠠᠶᠢᠴᠠᠭᠠᠬᠤ ᠳᠠᠪᠲᠠᠮᠵᠢ ᠪᠠᠨ ᠪᠠᠭᠠᠰᠬᠠᠵᠤ᠂ ᠳᠤᠷ᠎ᠠ ᠪᠠᠷ ᠪᠠᠶᠢᠴᠠᠭᠠᠬᠤ ᠶᠢ ᠡᠷᠡᠰ ᠬᠤᠷᠢᠭᠯᠠᠬᠤ | ᠬᠡᠷᠡᠭᠲᠡᠢ᠃ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠬᠤ ᠠᠵᠢᠯ ᠢᠶᠠᠨ ᠢᠷᠡᠬᠦ ᠵᠢᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ | ᠬᠡᠷᠡᠭᠵᠢᠭᠦᠯᠦᠯᠲᠡ ᠶᠢᠨ ᠲᠤᠰᠬᠠᠢ ᠠᠵᠢᠯᠯᠠᠭᠠᠨ ᠢ ᠵᠢᠷᠤᠮᠵᠢᠭᠤᠯᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠲᠤᠰᠬᠠᠯ ᠶᠡᠬᠡᠲᠡᠢ ᠲᠣᠪᠣᠶᠢᠮ᠎ᠠ | ᠠᠰᠠᠭᠤᠳᠠᠯ ᠤᠳ ᠢ ᠴᠠᠭ ᠲᠤᠬᠠᠢ ᠳᠤ ᠨᠢ ᠰᠢᠢᠳᠪᠦᠷᠢᠯᠡᠨ᠂ ᠳᠤᠷ᠎ᠠ ᠪᠠᠷ ᠪᠠᠶᠢᠴᠠᠭᠠᠯᠲᠠ ᠬᠢᠬᠦ ᠶᠢ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠪᠦᠬᠦ | ᠶᠠᠪᠤᠴᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠪᠥᠮᠪᠥᠷᠴᠡᠭ ᠲᠤ ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠠᠮᠢ ᠠᠬᠤᠢ ᠶᠢ ᠪᠤᠢ | ᠪᠣᠯᠭᠠᠨ᠂ ᠮᠠᠨ ᠤ ᠤᠯᠤᠰ ᠤᠨ ᠡᠮ ᠦᠢᠯᠡᠳᠬᠦ ᠲᠣᠮᠣ ᠤᠯᠤᠰ ᠠᠴᠠ ᠡᠮ ᠦᠢᠯᠡᠳᠬᠦ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠶᠢ ᠠᠬᠢᠭᠤᠯᠵᠤ᠂ ᠤᠯᠠᠨ | ᠲᠦᠮᠡᠨ ᠤ ᠴᠢᠨᠠᠷ ᠰᠠᠶᠢᠲᠠᠢ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠡᠮ ᠤᠨ ᠵᠦᠢᠯ | ᠡᠮᠴᠢᠯᠡᠭᠡᠨ ᠤ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠨᠢ ᠳᠡᠮᠵᠢᠬᠦ ᠪᠠᠨ ᠴᠢᠩᠭᠠᠳᠬᠠᠵᠤ᠂ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ ᠰᠢᠨ᠎ᠡ ᠪᠠᠷ ᠡᠭᠦᠳᠦᠭᠰᠡᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠢᠳᠡᠪᠬᠢᠲᠡᠢ ᠪᠠᠷ ᠳᠡᠯᠭᠡᠷᠡᠭᠦᠯᠦᠨ | ᠬᠡᠷᠡᠭᠯᠡᠬᠦ ᠬᠡᠷᠡᠭᠲᠡᠢ᠃ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠦᠨ᠂ ᠡᠮᠴᠢᠯᠡᠭᠡᠨ ᠳᠤ ᠪᠠᠴᠢᠮ | ᠬᠡᠷᠡᠭᠰᠡᠭᠳᠡᠬᠦ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠵᠥᠪᠰᠢᠶᠡᠷᠡᠵᠦ ᠵᠠᠬ᠎ᠠ ᠳᠡᠯᠭᠡᠭᠦᠷ ᠲᠤ ᠭᠠᠷᠭᠠᠬᠤ ᠪᠠᠨ ᠲᠦᠷᠭᠡᠳᠬᠡᠵᠦ᠂ ᠬᠤᠪᠣᠷ | ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠨᠥᠬᠦᠴᠡᠯ ᠳᠤ ᠨᠡᠶᠢᠴᠡᠵᠦ ᠪᠦᠬᠦᠢ ᠰᠢᠨ᠎ᠡ ᠪᠠᠷ ᠡᠭᠦᠳᠦᠭᠰᠡᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠳᠤ | ᠡᠮᠴᠢᠯᠡᠭᠡᠨ ᠤ ᠲᠤᠷᠰᠢᠯᠲᠠ ᠬᠢᠬᠦ ᠶᠢ ᠬᠠᠰᠤᠵᠤ ᠬᠡᠯᠲᠦᠷᠢᠭᠦᠯᠬᠦ ᠬᠡᠷᠡᠭᠲᠡᠢ᠃ ᠥᠨᠳᠥᠷ ᠪᠦᠲᠦᠮᠵᠢᠲᠡᠢ ᠴᠢᠩᠭ᠎ᠠ ᠬᠢᠨᠠᠯᠲᠠ ᠬᠠᠮᠢᠶᠠᠷᠤᠯᠲᠠ ᠪᠠᠷ ᠡᠮ ᠡᠮᠨᠡᠯᠭᠡ ᠶᠢᠨ | ᠠᠵᠤ ᠦᠢᠯᠡᠰ ᠤᠨ ᠲᠣᠭᠲᠠᠭᠠᠯ ᠳᠤ ᠨᠡᠶᠢᠴᠡᠭᠦᠯᠬᠦ ᠲᠦᠪᠰᠢᠨ ᠢ ᠨᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠨᠡᠭᠡᠭᠡᠯᠲᠡ ᠬᠢᠬᠦ ᠬᠠᠮᠲᠤᠷᠠᠨ | ᠠᠵᠢᠯᠯᠠᠬᠤ ᠪᠠᠨ ᠥᠷᠭᠡᠳᠬᠡᠬᠦ ᠶᠢ ᠨᠢ ᠳᠡᠮᠵᠢᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ᠂ ᠡᠮᠴᠢᠯᠡᠭᠡ᠂ ᠦᠨ᠎ᠡ ᠬᠠᠩᠰᠢ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠶᠢ ᠴᠠᠭ ᠲᠤᠬᠠᠢ ᠳᠤ ᠨᠢ ᠳᠠᠭᠠᠵᠤ᠂ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠵᠤ ᠬᠦᠴᠦᠯᠡᠨ | ᠠᠬᠢᠭᠤᠯᠬᠤ ᠬᠡᠷᠡᠭᠲᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠬᠢᠭᠡᠳ | ᠠᠮᠢ ᠨᠠᠰᠤᠨ ᠤ ᠠᠮᠤᠷ ᠲᠦᠪᠰᠢᠨ ᠯᠦᠭᠡ ᠬᠤᠯᠪᠣᠭᠳᠠᠵᠤ ᠪᠠᠶᠢᠳᠠᠭ᠃ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠳᠤ ᠨᠢ ᠴᠢᠩᠭ᠎ᠠ | ᠬᠠᠮᠢᠶᠠᠷᠬᠤ᠂ ᠲᠦᠭᠰᠢᠭᠦᠷᠢ ᠶᠢ ᠴᠢᠩᠭ᠎ᠠ ᠡᠵᠡᠮᠳᠡᠬᠦ ᠶᠢ ᠪᠠᠷᠢᠮᠲᠠᠯᠠᠵᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠦᠬᠦ | ᠬᠡᠯᠬᠢᠶᠡᠨ ᠳᠠᠬᠢ ᠬᠢᠨᠠᠨ ᠬᠠᠮᠢᠶᠠᠷᠬᠤ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ | ᠡᠷᠡᠰ ᠪᠠᠲᠤ ᠰᠠᠬᠢᠬᠤ ᠬᠡᠷᠡᠭᠲᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠰᠢᠯᠵᠢᠭᠦᠯᠬᠦ ᠲᠥᠯᠥᠪᠦᠷᠢ ᠶᠢᠨ ᠬᠥᠲᠥᠯᠥᠨ | ᠵᠢᠯᠤᠭᠤᠳᠬᠤ ᠦᠢᠯᠡᠳᠦᠯ ᠢ ᠨᠢ ᠪᠠᠳᠠᠷᠠᠭᠤᠯᠵᠤ᠂ ᠤᠷᠮᠠᠰᠢᠭᠤᠯᠬᠤ ᠪᠡᠯᠡ ᠮᠥᠩᠭᠦ ᠶᠢ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ᠂ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠨᠢ ᠨᠡᠯᠢᠶᠡᠳ ᠲᠦᠷᠭᠡᠨ ᠭᠠᠵᠠᠷ ᠣᠷᠣᠨ ᠲᠡᠶᠢᠰᠢ ᠬᠡᠯᠪᠡᠶᠢᠯᠭᠡᠬᠦ ᠬᠡᠷᠡᠭᠲᠡᠢ᠃ ᠲᠣᠭᠲᠠᠴᠠ ᠶᠢ ᠬᠡᠷᠡᠭᠵᠢᠭᠦᠯᠬᠦ ᠠᠵᠢᠯ ᠢᠶᠠᠨ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ ᠰᠠᠶᠢᠲᠤᠷ ᠠᠳᠬᠤᠵᠤ᠂ ᠡᠯ᠎ᠡ ᠭᠠᠵᠠᠷ ᠤᠨ ᠬᠢᠨ ᠤ ᠴᠢᠨᠠᠷ ᠰᠠᠶᠢᠲᠠᠢ ᠬᠥᠭᠵᠢᠯᠲᠡ ᠪᠠᠷ ᠳᠠᠮᠵᠢᠭᠤᠯᠤᠨ ᠭᠠᠶᠢᠯᠢ ᠶᠢᠨ | ᠢᠷᠡᠯᠲᠡ ᠪᠠᠨ ᠬᠤᠷᠠᠭᠤᠯᠤᠨ ᠨᠡᠮᠡᠭᠳᠡᠭᠦᠯᠬᠦ ᠶᠢ ᠨᠢ ᠵᠣᠷᠢᠭᠵᠢᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠰᠠᠨᠠᠭᠠᠴᠢᠯᠠᠭᠠᠲᠤ ᠴᠢᠨᠠᠷ ᠪᠠ ᠡᠳ᠋ ᠤᠨ | ᠵᠠᠰᠠᠭ ᠤᠨ ᠦᠷᠭᠦᠯᠵᠢᠯᠡᠬᠦᠶᠢᠴᠡ ᠴᠢᠨᠠᠷ ᠢ ᠴᠢᠩᠭᠠᠳᠬᠠᠬᠤ ᠬᠡᠷᠡᠭᠲᠡᠢ᠃ | ᠬᠤᠷᠠᠯᠳᠤᠭᠠᠨ ᠢᠶᠠᠷ ︽ᠺᠣᠮᠫᠠᠨᠢ ᠶᠢᠨ ᠢᠯᠡ ᠪᠠᠷ ᠰᠲ᠋ᠣᠺ ᠲᠠᠷᠬᠠᠭᠠᠬᠤ ᠳᠤ ᠦᠢᠯᠡᠴᠢᠯᠡᠭᠡ ᠬᠠᠩᠭᠠᠬᠤ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠥᠯ︶︾ ᠢ ᠬᠢᠨᠠᠨ ᠵᠥᠪᠯᠡᠵᠦ ᠪᠠᠲᠤᠯᠠᠵᠤ᠂ ᠵᠠᠭᠤᠴᠢ ᠪᠠᠶᠢᠭᠤᠯᠤᠮᠵᠢ ᠶᠢᠨ ᠬᠥᠷᠥᠩᠭᠡ ᠶᠢᠨ | ᠵᠠᠬ᠎ᠠ ᠳᠡᠯᠭᠡᠭᠦᠷ ᠤᠨ ︽ᠡᠭᠦᠳᠡ ᠮᠠᠨᠠᠭᠠᠴᠢ︾ ᠶᠢᠨ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠵᠠᠭᠤᠴᠢ ᠪᠠᠶᠢᠭᠤᠯᠤᠮᠵᠢ ᠪᠠ ᠲᠠᠷᠬᠠᠭᠠᠭᠴᠢ ᠶᠢᠨ ᠵᠣᠬᠢᠰ | ᠦᠭᠡᠢ ᠠᠰᠢᠭ ᠲᠤᠰᠠ ᠶᠢᠨ ᠲᠥᠯᠥᠭᠡ ᠰᠦᠯᠪᠡᠭᠡᠯᠡᠬᠦ ᠶᠢ ᠰᠡᠷᠭᠡᠶᠢᠯᠡᠨ᠂ ᠡᠳ᠋ ᠤᠨ ᠶᠠᠪᠤᠳᠠᠯ ᠢ ᠬᠠᠭᠤᠷᠮᠠᠭᠯᠠᠨ ᠵᠣᠬᠢᠶᠠᠬᠤ᠂ ᠮᠡᠬᠡᠯᠡᠨ ᠲᠠᠷᠬᠠᠭᠠᠬᠤ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |