ᠣᠶᠢᠷ᠎ᠠ ᠶᠢᠨ ᠡᠳᠦᠷ᠂ ᠶᠡᠷᠦᠩᠬᠡᠢ ᠪᠡᠯᠡ ᠣᠷᠤᠭᠤᠯᠤᠯᠲᠠ ᠨᠢ 110 ᠳ᠋ᠦᠩᠰᠢᠭᠤᠷ ᠲᠦᠭᠦᠷᠢᠭ ᠤᠨ ᠦᠦᠰᠢᠨ ᠬᠤᠰᠢᠭᠤᠨ ᠤ ᠰᠠᠯᠬᠢ ᠭᠡᠷᠡᠯ ᠤᠨ | ᠡᠨᠧᠷᠬᠢ ᠶᠢ ᠠᠭᠤᠰᠤᠯᠴᠠᠭᠤᠯᠤᠨ ᠨᠢᠭᠡ ᠴᠣᠭᠴᠠᠵᠢᠭᠤᠯᠬᠤ ᠲᠥᠷᠥᠯ ᠵᠦᠢᠯ ᠪᠠ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠠᠰ ᠳᠡᠪᠰᠢᠭᠦᠯᠦᠨ | ᠦᠭᠡᠷᠡᠴᠢᠯᠡᠨ ᠪᠠᠶᠢᠭᠤᠯᠬᠤ ᠲᠥᠷᠥᠯ ᠵᠦᠢᠯ ᠠᠵᠢᠯ ᠢᠶᠠᠨ ᠡᠬᠢᠯᠡᠭᠦᠯᠵᠦ ᠴᠠᠭ ᠢ ᠠᠮᠵᠢᠨ ᠠᠬᠢᠴᠠ ᠶᠢ ᠲᠦᠷᠭᠡᠳᠬᠡᠵᠦ ᠵᠢᠯ ᠤᠨ ᠡᠴᠦᠰ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠪᠠᠶᠢᠭᠤᠯᠬᠤ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠬᠤ ᠶᠢᠨ ᠲᠥᠯᠥᠭᠡ᠂ | ᠵᠦᠩ ᠲᠢᠶᠠᠨ ᠾᠧ ᠴᠤᠸᠠᠩ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠲᠥᠭᠦᠷᠴᠢᠯᠡᠭᠰᠠᠨ ᠲᠤᠨᠤᠭ ᠲᠥᠭᠦᠭᠡᠷᠤᠮᠵᠢ ᠲᠠᠢ ᠪᠠᠨ ᠤᠶᠠᠯᠳᠤᠭᠤᠯᠤᠨ᠂ | ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠠᠰ ᠳᠡᠪᠰᠢᠭᠦᠯᠦᠨ ᠥᠭᠡᠷᠡᠴᠢᠯᠠᠨ ᠪᠠᠶᠢᠭᠤᠯᠬᠤ ᠲᠥᠷᠥᠯ ᠵᠦᠢᠯ ᠪᠠ ᠰᠠᠯᠬᠢ ᠭᠡᠷᠡᠯ ᠤᠨ ᠡᠨᠧᠷᠬᠢ ᠶᠢ | ᠠᠭᠤᠰᠤᠯᠴᠠᠭᠤᠯᠤᠨ ᠪᠤᠬᠢᠷᠳᠦᠯ ᠦᠭᠡᠢ ᠤᠰᠤᠳᠦ᠋ᠷᠦᠭᠴᠢ ᠦᠢᠯᠡᠳᠬᠦ ᠲᠥᠷᠥᠯ ᠵᠦᠢᠯ ᠢ ᠪᠠᠶᠢᠭᠤᠯᠵᠤ᠂ ᠵᠢᠯ ᠤᠨ ᠭᠠᠷᠤᠯᠳᠠ ᠨᠢ 30 ᠲᠦᠮᠡᠨ ᠲᠣᠨ ᠤ ᠼᠤᠤ | ᠬᠦᠴᠢᠯ ᠤᠨ ᠲᠣᠨᠣᠭᠯᠠᠯ᠂ ᠵᠢᠯ ᠤᠨ ᠭᠠᠷᠤᠯᠳᠠ ᠨᠢ 20 ᠲᠦᠮᠡᠨ ᠲᠣᠨ ᠤ ᠼᠤᠤ ᠬᠦᠴᠢᠯ ᠤᠨ ᠡᠲ᠋ᠧᠨ ᠤ ᠲᠣᠨᠣᠭᠯᠠᠯ᠂ 60.36 ᠺᠢᠯᠣᠮᠧᠲᠷ ᠤᠨ 220 | ᠺᠢᠯᠤᠸᠤᠯᠲ ᠶᠢᠨ ᠴᠠᠭᠢᠯᠭᠠᠨ ᠤᠳᠠᠰᠤ ᠪᠤᠯᠤᠨ ᠢᠵᠢ ᠪᠦᠷᠢᠳᠦᠭᠰᠡᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠵᠢᠴᠢ ᠲᠤᠰᠠᠯᠠᠬᠤ ᠦᠢᠯᠡᠳᠪᠦᠷᠢᠯᠡᠯ ᠤᠨ | ᠲᠥᠬᠦᠭᠡᠷᠦᠮᠵᠢ ᠵᠡᠷᠭᠡ ᠶᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠵᠢᠷᠤᠭ ᠲᠥᠯᠥᠪᠯᠡᠭᠡ ᠶᠢᠨ ᠴᠣᠬᠤᠯᠠᠪᠤᠷᠢ ᠲᠦᠢᠮᠣ ᠲᠥᠰᠦᠪ ᠨᠢ ᠪᠠᠷᠤᠭ 110 ᠳ᠋ᠦᠩᠰᠢᠭᠤᠷ | ᠲᠥᠭᠦᠷᠢᠭ ᠪᠠᠶᠢᠵᠤ᠂ ᠪᠤᠬᠢᠷᠳᠦᠯ ᠦᠭᠡᠢ ᠤᠰᠤᠳᠦ᠋ᠷᠦᠭᠴᠢ᠂ ᠪᠤᠬᠢᠷᠳᠦᠯ ᠦᠭᠡᠢ ᠤᠰᠤᠳᠦ᠋ᠷᠦᠭᠴᠢ ᠪᠠᠷ ᠨᠡᠶᠢᠯᠡᠮᠡᠯ ᠠᠯᠺᠧᠨ ᠦᠢᠯᠡᠳᠬᠦ ᠪᠤᠯᠤᠨ᠎ᠠ᠃ | ᠵᠥᠩ ᠲᠢᠶᠠᠨ ᠾᠧ ᠴᠤᠸᠠᠩ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠡᠯᠲᠡᠰ ᠤᠨ | ᠳᠠᠭᠠᠭᠠᠮᠠᠯ ᠮᠤᠤ ᠬᠤᠸᠠᠨ ᠰᠢᠨ ᠰᠣᠷᠪᠤᠯᠵᠢᠯᠠᠭᠴᠢ ᠳᠤ ᠶᠠᠷᠢᠬᠤ ᠳᠠᠭᠠᠨ᠄ ︽ᠦᠦᠰᠢᠨ ᠬᠤᠰᠢᠭᠤᠨ ᠤ ᠰᠠᠯᠬᠢ ᠭᠡᠷᠡᠯ ᠤᠨ ᠡᠨᠧᠷᠬᠢ ᠶᠢ ᠠᠭᠤᠰᠤᠯᠴᠠᠭᠤᠯᠤᠨ | ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠨᠢ ᠡᠪᠦᠯ ᠤᠨ ᠤᠯᠠᠷᠢᠯ ᠠᠴᠠ ᠡᠭᠢᠯᠠᠨ᠂ ᠴᠠᠭᠠᠨ ᠰᠠᠷ᠎ᠠ ᠠᠴᠠ ᠡᠮᠦᠨ᠎ᠡ ᠠᠵᠢᠯ | ᠢᠶᠠᠨ ᠲᠠᠭᠤᠰᠬᠠᠵᠤ᠂ ᠢᠷᠡᠬᠦ ᠵᠢᠯ ᠤᠨ ᠪᠦᠲᠦᠭᠡᠨ ᠪᠠᠶᠢᠭᠤᠯᠤᠯᠲᠠ ᠳᠤ ᠨᠥᠬᠦᠴᠡᠯ ᠪᠦᠷᠢᠯᠳᠦᠭᠦᠯᠵᠦ ᠥᠭᠬᠦ ᠪᠠᠷ ᠲᠥᠯᠥᠪᠯᠡᠵᠦ ᠪᠠᠶᠢᠨ᠎ᠠ︾ ᠭᠡᠯ᠎ᠠ᠃ | ᠡᠨᠡ ᠬᠤᠶᠠᠷ ᠲᠦᠷᠦᠯ ᠵᠦᠢᠯ ᠢ ᠲᠤᠰ ᠲᠤᠰ 2026 ᠤᠨ ᠪᠠ 2027 ᠤᠨ ᠳᠤ ᠠᠰᠢᠬᠯᠠᠯᠳᠠ ᠳᠤ ᠤᠷᠤᠭᠤᠯᠵᠤ᠂ ᠲᠦᠷᠦᠯ ᠵᠦᠢᠯ ᠢ ᠪᠠᠶᠢᠭᠤᠯᠵᠤ | ᠲᠠᠭᠤᠰᠬᠠᠭᠰᠠᠨ ᠤ ᠲᠠᠷᠠᠭ᠎ᠠ ᠤᠳᠤ ᠶᠢᠨ ᠪᠠᠶᠢᠭ᠎ᠠ ᠠᠵᠤ ᠦᠢᠯᠡᠰ ᠤᠨ ᠭᠡᠯᠭᠢᠶᠠᠵᠢᠯ ᠢ ᠤᠷᠳᠤᠳᠬᠠᠬᠤ᠂ ᠨᠦᠬᠦᠪᠦᠷᠢᠯᠡᠬᠦ ᠪᠠ ᠴᠢᠩᠭᠠᠳᠬᠠᠵᠤ ᠨᠡᠬᠦᠷᠡᠰᠤ | ᠬᠢᠮᠢ ᠶᠢᠨ ᠠᠵᠤ ᠦᠢᠯᠡᠳᠪᠤᠷᠢ ᠶᠢᠨ ᠡᠷᠬᠢᠯᠳᠡᠳᠦ ᠠᠵᠤ ᠠᠬᠤᠢ ᠶᠢᠨ ᠠᠵᠤ ᠦᠢᠯᠡᠰ ᠤᠨ ᠭᠡᠯᠭᠢᠶᠠᠵᠢᠯ ᠢ ᠴᠢᠨᠠᠬᠰᠢᠳᠠ ᠤᠷᠳᠤᠳᠬᠠᠨ ᠤᠷᠳᠤᠰ ᠤᠨ | ᠨᠡᠬᠦᠷᠡᠰᠤᠨ ᠤ ᠡᠬᠢ ᠪᠠᠶᠠᠯᠢᠬ ᠢ ︽ᠰᠢᠳᠠᠭᠠᠯᠭ᠎ᠠ ᠶᠢᠨ ᠮᠠᠲ᠋ᠧᠷᠢᠶᠠᠯ ᠤᠨ ᠬᠡᠯᠪᠡᠷᠢ︾ ᠠᠴᠠ ︽ᠲᠦᠬᠦᠭᠡᠢ ᠮᠠᠲ᠋ᠧᠷᠢᠶᠠᠯ ᠤᠨ ᠬᠡᠯᠪᠡᠷᠢ︾ ᠲᠡᠶᠢᠰᠢ ᠬᠤᠪᠢᠷᠠᠭᠤᠯᠵᠤ | ᠦᠢᠯᠡᠳᠭᠦᠨ ᠢ ︽ᠡᠩ ᠤᠨ ᠪᠤᠯᠪᠠᠰᠤᠷᠠᠭᠤᠯᠤᠯᠳᠠ︾ ᠠᠴᠠ ︽ᠲᠡᠭᠡᠳᠤ ᠲᠡᠰ ᠤᠨ ᠥᠢᠯᠡᠳᠪᠤᠷᠢᠯᠠᠯᠳᠠ︾ ᠲᠡᠶᠢᠰᠢ ᠬᠤᠪᠢᠷᠠᠭᠤᠯᠤᠨ ᠤᠷᠤᠨ ᠪᠦᠰᠡ ᠶᠢᠨ | ᠠᠵᠤ ᠦᠢᠯᠡᠰ ᠤᠨ ᠪᠦᠳᠦᠴᠡ ᠶᠢ ᠰᠢᠯᠢᠳᠡᠭᠵᠢᠬᠦᠯᠬᠦ ᠶᠢ ᠪᠠᠶᠠᠯᠡᠬᠦᠯᠵᠤ ᠨᠡᠬᠦᠷᠡᠰᠤ ᠪᠠᠷ ᠠᠯᠺᠧᠨ ᠦᠢᠯᠡᠳᠬᠦ ᠵᠢᠴᠢ ᠲᠡᠭᠡᠳᠤ ᠲᠡᠰ ᠤᠨ ᠮᠠᠲ᠋ᠧᠷᠢᠶᠠᠯ ᠪᠠ ᠨᠠᠷᠢᠯᠢᠭ | ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠢ ᠬᠦᠴᠤᠷᠬᠡᠭᠵᠢᠬᠦᠯᠤᠨ ᠪᠤᠵᠠᠭᠠᠶᠢᠷᠠᠭᠤᠯᠬᠤ ᠪᠤᠯᠤᠨ᠎ᠠ᠃ | ᠡᠨᠡ ᠵᠢᠯ ᠠᠴᠠ ᠨᠠᠰᠢ᠂ ᠮᠠᠨ ᠤ ᠬᠤᠰᠢᠭᠤ ᠬᠠᠷᠠᠯᠲᠠ ᠪᠠᠨ ᠲᠤᠭᠳᠠᠭᠠᠨ ︽ᠭᠤᠷᠪᠠᠨ ᠬᠦᠷᠢᠶᠡᠯᠡᠩ ᠭᠤᠷᠪᠠᠨ ᠰᠠᠭᠤᠷᠢᠨ ᠭᠠᠵᠠᠷ︾ ᠢᠶᠠᠷ ᠭᠠᠷᠳᠠᠴᠠ | ᠪᠣᠯᠭᠠᠵᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠭᠤᠣᠯᠯᠠᠬᠤ ᠠᠵᠤ ᠦᠢᠯᠡᠰ | ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠣᠭᠤᠷᠢᠨ ᠳᠤ ᠨᠢᠭᠡ ᠪᠦᠯᠦᠭ ᠴᠢᠬᠤᠯᠠ ᠲᠤᠮᠤ ᠲᠦᠷᠦᠯ | ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠦᠬᠦ ᠵᠢᠯ ᠳᠤ 30 ᠭᠤᠣᠯᠳᠠᠯᠭ᠎ᠠ ᠲᠠᠢ ᠲᠤᠭᠢᠷᠠᠭᠤᠯᠬᠤ ᠲᠦᠷᠦᠯ | ᠵᠦᠢᠯ ᠢ ᠬᠡᠷᠡᠭᠵᠢᠭᠦᠯᠦᠨ᠂ 252 ᠳ᠋ᠦᠩᠰᠢᠭᠤᠷ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠳᠣᠬᠠᠨ ᠳᠤ ᠪᠦᠬᠦ ᠬᠤᠰᠢᠭᠤᠨ ᠤ ᠭᠡᠪᠴᠢᠶᠠᠨ ᠳᠤ ᠪᠠᠰᠠ | ᠥᠪᠥᠷ ᠮᠣᠩᠭᠤᠯ ᠤᠨ ᠪᠦᠦ ᠹᠧᠩ ᠪᠦᠯᠦᠭᠯᠡᠯ᠂ ᠲᠣᠭᠤᠭᠠᠲᠤ ᠨᠡᠭᠦᠷᠡᠰᠦᠨ ᠠᠭᠤᠷᠬᠠᠢ᠂ ᠮᠠᠩᠭᠢᠰᠦᠨ ᠵᠠᠳᠠᠭᠠᠢ ᠨᠡᠭᠦᠷᠡᠰᠦᠨ ᠠᠭᠤᠷᠬᠠᠢ ᠶᠢᠨ ᠬᠤᠳᠳᠤᠭ ᠵᠢᠴᠢ | ᠨᠡᠭᠦᠷᠡᠰᠦ ᠰᠣᠩᠭᠤᠬᠤ ᠦᠢᠯᠡᠳᠪᠦᠷᠢ ᠵᠡᠷᠭᠡ ᠲᠦᠷᠦᠯ ᠵᠦᠢᠯ ᠢ ᠡᠪᠤᠯ ᠤᠨ ᠤᠯᠠᠷᠢᠯ ᠳᠤ ᠲᠥᠷᠭᠡᠨ ᠪᠦᠳᠦᠭᠡᠨ ᠪᠠᠶᠢᠭᠤᠯᠵᠤ᠂ 2024 ᠣᠨ ᠤ ᠠᠵᠢᠯ ᠤᠨ | ᠬᠠᠷᠠᠯᠲᠠ ᠶᠢ ᠪᠡᠶᠡᠯᠡᠭᠦᠯᠬᠦ ᠪᠠᠷ ᠪᠠᠶᠢᠨ᠎ᠠ᠃ | | | ᠰᠤᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠾᠧ ᠵᠢᠶ ᠶᠦᠨ᠂ ᠭᠦᠸᠧ ᠵᠢᠶᠠ ᠳ᠋ᠦᠩ |