ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠶᠡᠭᠡ ᠠᠵᠢᠯ ᠶᠠᠪᠤᠳᠠᠯ ᠤᠨ ᠲᠡᠮᠲᠡᠭᠯᠡᠯ — ᠲᠤᠯᠤᠳᠤᠭᠠᠷ ᠰᠠᠷ᠎ᠠ
ᠨᠡᠶᠢᠲᠡᠯᠡᠭᠰᠡᠨ ᠴᠠᠭ᠄
2024/12/3
      7 ᠰᠠᠷ᠎ᠠ ᠶᠢᠨ 2 ᠤᠨ ᠡᠳᠦᠷ᠂ 1.6 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ ᠮᠤᠵᠢ ᠶᠢᠨ ᠵᠠᠮ215 ᠱᠤᠭᠤᠮ ᠤᠨ ᠲᠥᠩᠽᠢ ᠠᠴᠠ ᠬᠠᠶ ᠽᠧ ᠫᠠᠨ ᠬᠥᠷᠬᠦ ︵ᠥᠪᠥᠷ ᠮᠣᠩᠭᠤᠯ ᠱᠠᠨᠰᠢ ᠶᠢᠨ ᠵᠠᠭᠠᠭ︶ ᠬᠡᠰᠡᠭ ᠤᠨ ᠵᠠᠰᠠᠮᠠᠯ ᠵᠠᠮ ᠤᠨ ᠢᠠᠵᠧᠨ᠋ᠷᠢᠩ ᠤᠨ ᠰᠢᠷᠬᠤᠰᠤᠨ ᠭᠤᠤᠯ ᠤᠨ ᠶᠡᠭᠡ ᠬᠥᠭᠦᠷᠭᠡ ᠶᠢᠨ ᠬᠤᠤᠰ ᠭᠥᠭᠦᠷᠭᠡ ᠶᠢ ᠠᠮᠵᠢᠯᠳᠠ ᠲᠠᠢ ᠨᠡᠶᠢᠯᠡᠭᠦᠯᠤᠨ ᠵᠠᠯᠭᠠᠵᠤ᠂ ᠪᠥᠬᠦ ᠱᠤᠭᠤᠮ ᠢᠶᠠᠷ ᠲᠡᠷᠭᠡ ᠨᠠᠪᠳᠠᠷᠠᠭᠦ ᠳᠤ ᠪᠡᠯᠡᠭᠡᠨ ᠪᠤᠯᠪᠠ       7 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠶᠠᠨ ᠯᠢ ᠲᠠᠢ ᠪᠠᠷᠠᠳᠠᠨ ᠠᠭᠤᠯᠵᠠᠪᠠ᠃ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠭᠦᠨᠵᠡᠭᠡᠢ ᠶᠠᠷᠢᠯᠴᠠᠨ ᠰᠣᠯᠢᠯᠴᠠᠪᠠ᠃ ᠬᠤᠰᠢᠭᠤ ᠤᠳᠤᠷᠢᠳᠤᠯᠭ᠎ᠠ ᠸᠠᠩ ᠵᠢᠶᠤᠤ᠂ ᠺᠠᠩ ᠷᠦᠢ ᠣᠷᠣᠯᠴᠠᠵᠠᠶ᠃ ᠡᠨᠡ ᠬᠤᠭᠤᠴᠠᠭᠠᠨ ᠳᠤ᠂ ᠰᠢᠨ᠎ᠡ ᠨᠠᠷ ᠪᠠᠰᠠ ᠶᠢᠨ ᠳ᠋ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︵ᠪᠡᠭᠡᠵᠢᠩ︶ ᠡᠨᠧᠷᠭᠢ ᠶᠢᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠯᠲᠠ ᠬᠢᠵᠤ ᠬᠤᠶᠠᠷ ᠲᠠᠯ᠎ᠠ ᠪᠠᠷ ᠢᠶᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠪᠠ ᠪᠣᠬᠢᠷᠲᠤᠯ ᠦᠭᠡᠢ ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠬᠦ ᠶᠢᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠬᠤᠯᠪᠣᠭᠳᠠᠯ ᠪᠦᠬᠦᠢ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠵᠠᠢ᠃      7 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ 2024 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠤᠯᠠ ᠠᠵᠢᠯ ᠬᠢᠭᠰᠡᠳ ᠤᠨ ᠵᠠᠬ᠎ᠠ ᠳᠡᠯᠭᠡᠭᠦᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠴᠢ ᠠᠷᠠᠳ ᠤᠨ ᠵᠠᠩ ᠦᠢᠯᠡ ᠶᠢᠨ ᠬᠥᠳᠡᠯᠭᠡᠭᠡᠨ ᠤ ᠬᠤᠷᠠᠯ ᠤᠨ ᠲᠠᠯᠠᠪᠤᠷ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠰᠤᠳᠤᠯᠤᠨ ᠲᠣᠬᠢᠷᠠᠭᠤᠯᠪᠠ᠃      7 ᠰᠠᠷ᠎ᠠ ᠶᠢᠨ 8 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠵᠢᠦᠳᠣᠣ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠦᠤᠰᠢᠨ ᠬᠤᠰᠢᠭᠤᠨ ᠤ ᠦᠳᠦᠨ ᠪᠦᠮᠪᠦᠭᠡ ᠶᠢᠨ ᠣᠷᠳᠣᠨ ᠳᠤ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃ 5 ᠡᠳᠦᠷ ᠤᠨ ᠬᠤᠭᠤᠴᠠᠭ᠎ᠠ ᠲᠠᠢ ᠤᠷᠤᠯᠳᠤᠭᠠᠨ ᠳᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 13 ᠲᠥᠯᠥᠭᠡᠯᠡᠭᠴᠢᠳ ᠤᠨ ᠠᠩᠭᠢ ᠶᠢᠨ 660 ᠭᠠᠷᠤᠶ ᠲᠠᠮᠢᠷᠴᠢᠨ ᠪᠠ ᠳᠠᠰᠬᠠᠯᠵᠢᠭᠤᠯᠤᠭᠴᠢ ᠣᠷᠣᠯᠴᠠᠪᠠ᠃      7 ᠰᠠᠷ᠎ᠠ ᠶᠢᠨ 11 ᠤ ᠡᠳᠦᠷ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠬᠠᠳᠠᠭᠠᠯᠠᠬᠤ ᠲᠠᠯᠠᠪᠠᠶ ᠶᠢᠨ ᠲᠥᠷᠥᠯ ᠵᠦᠢᠯ ᠤᠨ ᠭᠠᠵᠠᠷ ᠰᠣᠩᠭᠤᠬᠤ ᠠᠬᠢᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠠᠨ ᠸᠧᠢ᠂ ᠬᠤᠲᠠ ᠶᠢᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠽᠢ ᠰᠢᠶᠣᠣ ᠵᠢᠶᠦ᠋ᠨ ᠪᠣᠯᠣᠨ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠤ᠂ ᠬᠤᠰᠢᠭᠤ ᠳᠡᠳ᠋ ᠳᠠᠷᠤᠭ᠎ᠠ ᠺᠠᠩ ᠷᠦᠢ ᠬᠤᠷᠠᠯ ᠢ ᠡᠷᠬᠢᠯᠡᠭᠰᠡᠨ ᠪᠠᠶᠢᠨ᠎ᠠ᠃ ᠳᠠᠷᠠᠭ᠎ᠠ ᠨᠢ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠬᠤᠲᠠ ᠶᠢᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃       7 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠲᠣᠰ ᠲᠣᠰ ᠰᠢᠦ᠋ᠩ ᠠᠨ ᠬᠤᠸᠠ ᠨᠢᠦ ᠠᠮᠢᠳᠤ ᠪᠣᠳᠠᠰ ᠤᠨ ᠭᠧᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠢ ᠶᠢᠨ ᠪᠦᠯᠦᠭᠯᠡᠯ ᠤᠨ ᠬᠤᠶᠠᠳᠤᠭᠠᠷ ᠤᠰᠤᠨ ᠤ ᠬᠠᠶᠢᠨ ᠪᠠᠶᠢᠴᠠᠭᠠᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠠᠭᠤᠯᠵᠠᠵᠤ᠂ ᠬᠤᠰᠢᠭᠤ ᠤᠳᠤᠷᠢᠳᠤᠯᠭ᠎ᠠ ᠠᠯᠲᠠᠨᠴᠢᠯᠠᠭᠤ᠂ ᠱᠠ ᠵᠢᠶᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠭᠤᠯᠵᠠᠯᠲᠠ ᠳᠤ ᠣᠷᠣᠯᠴᠠᠭᠰᠠᠨ ᠪᠠᠶᠢᠨ᠎ᠠ᠃      7 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠦᠦᠰᠢᠨᠵᠤᠤ ᠪᠠᠯᠭᠠᠰᠤᠨ ᠳᠤ ᠬᠦᠷᠴᠦ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠬᠤᠢ ᠲᠠᠯᠠᠪᠠᠢ ᠳᠤ ᠠᠯᠪᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ ᠦᠦᠰᠢᠨᠵᠤᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠭᠰᠠᠨ ᠪᠠᠶᠢᠨ᠎ᠠ᠃ ᠰᠢᠨ᠎ᠡ ᠤᠷᠢᠳ ᠬᠤᠵᠢᠳ ᠦᠦᠰᠢᠨᠵᠤᠤ ᠪᠠᠯᠭᠠᠰᠤᠨ ᠤ ᠪᠠᠯᠭᠠᠰᠤᠨ ᠲᠣᠭᠤᠷᠢᠭ ᠪᠠ ᠬᠡᠰᠡᠭ ᠭᠠᠴᠠᠭ᠎ᠠ ᠲᠣᠰᠬᠤᠨ ᠢᠶᠠᠷ ᠪᠠᠶᠢᠴᠠᠭᠠᠨ ᠰᠤᠳᠤᠯᠤᠯᠲᠠ ᠬᠢᠵᠦ ︽ᠮᠠᠯᠵᠢᠬᠤ ᠳ᠋ᠠᠵᠠᠶ︾ ᠮᠦᠽᠧᠢ ᠶᠢ ᠨᠠᠷᠢᠨ ᠣᠶᠢᠯᠠᠭᠠᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠡᠷᠡᠭᠦᠯᠵᠢᠯ ᠰᠤᠪᠢᠯᠠᠯᠲᠠ ᠶᠢᠨ ᠬᠦᠷᠢᠶᠡᠯᠡᠩ ᠤᠨ ᠡᠵᠡᠩᠨᠡᠯᠲᠡ ᠬᠠᠮᠠᠭᠠᠯᠠᠯᠲᠠ ᠶᠢᠨ  ᠪᠠᠶᠢᠳᠠᠯ᠂ ᠦᠦᠰᠢᠨᠵᠤᠤ ᠭᠠᠴᠠᠭᠠᠨ ᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠪᠠᠶᠠᠨᠲᠣᠯᠤᠭᠠᠢ ᠭᠠᠴᠠᠭᠠᠨ ᠤ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠥᠷᠥᠯ ᠵᠦᠢᠯ᠂ ᠦᠦᠰᠢᠨᠵᠤᠤ ᠪᠠᠯᠭᠠᠰᠤᠨ ᠤ ᠲᠣᠮᠢᠯᠠᠭᠰᠠᠨ ᠰᠠᠯᠪᠤᠷᠢ ᠪᠠ ᠭᠠᠯ ᠤᠨᠲᠠᠷᠠᠭᠠᠬᠤ ᠥᠷᠲᠡᠭᠡ ᠶᠢ ᠥᠭᠡᠷᠡᠴᠢᠯᠡᠬᠦ ᠲᠥᠰᠥᠯ᠂ ᠦᠦᠰᠢᠨᠵᠤᠤ ᠪᠠᠯᠭᠠᠰᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠲᠥᠯᠥᠪᠵᠢᠭᠦᠯᠦᠨ ᠲᠥᠯᠥᠪᠯᠡᠭᠰᠡᠨ ᠪᠠᠶᠢᠳᠠᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ ᠪᠠᠭᠠᠨᠠᠭᠤᠷ ᠲᠣᠰᠬᠤᠨ ᠤ ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠳᠠᠷᠢᠬᠤ ᠠᠵᠢᠯ ᠢ ᠪᠠᠶᠢᠴᠠᠭᠠᠨ ᠠᠬᠤᠢ ᠲᠠᠯᠠᠪᠠᠢ ᠳᠤ ᠠᠯᠪᠠᠯᠠᠵᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠰᠢᠨ᠎ᠡ ᠪᠠᠰᠠ ᠨᠠᠭᠤᠷ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ ᠤᠰᠤᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ ᠤᠰᠤᠨ ᠠᠰᠢᠭᠯᠠᠯᠲᠠ ᠶᠢᠨ ᠠᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠰᠤᠨ ᠠᠰᠢᠭᠯᠠᠯᠲᠠ ᠶᠢᠨ ᠪᠠᠲᠤᠯᠠᠭ᠎ᠠ ᠬᠠᠩᠭᠠᠬᠤ ᠶᠢ ᠴᠢᠬᠤᠯᠠᠴᠢᠯᠠᠭᠰᠠᠨ ᠪᠠᠶᠢᠨ᠎ᠠ᠃       7 ᠰᠠᠷ᠎ᠠ ᠶᠢᠨ 16 ᠤ ᠡᠳᠦᠷ᠂ ᠣᠷᠳᠣᠰ ᠬᠤᠲᠠ ᠶᠢᠨ ᠦᠦᠰᠢᠨ ᠬᠤᠰᠢᠭᠤᠨ ᠤ ᠠᠵᠤ ᠠᠬᠤᠶᠢᠯᠠᠯᠲᠠᠨ ᠪᠣᠯᠣᠨ ᠰᠢᠨᠵᠢᠯᠡᠬᠦ ᠤᠬᠠᠭᠠᠨᠲᠠᠳ ᠢ ᠠᠭᠤᠯᠵᠠᠭᠤᠯᠬᠤ ᠠᠵᠢᠯᠯᠠᠭ᠎ᠠ ᠵᠢᠴᠢ ᠲᠤᠷᠰᠢᠯᠲᠠ ᠶᠢᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠠᠪᠴᠠᠯᠳᠤᠭᠤᠯᠬᠤ ᠬᠤᠷᠠᠯ ᠣᠷᠳᠣᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠤᠷᠠᠯᠳᠤᠪᠠ᠃ ᠬᠤᠷᠠᠯ ᠳᠡᠭᠡᠷ᠎ᠡ᠂ ᠭᠢᠷᠢᠨ ᠶᠡᠭᠡ ᠰᠤᠷᠭᠠᠭᠤᠯᠢ ᠶᠢᠨ ᠬᠤᠸᠠᠩ ᠫᠠᠢ ᠳ᠋ᠣᠺᠲ᠋ᠣᠷ ᠬᠠᠶᠠᠭᠳᠠᠮᠠᠯ ᠲᠣᠰᠣ ᠶᠢ ᠳᠠᠬᠢᠨ ᠠᠰᠢᠭᠯᠠᠬᠤ ᠮᠡᠷᠭᠡᠵᠢᠯ᠂ ᠡᠭᠡᠷᠡᠵᠦ ᠪᠣᠯᠬᠤ ᠨᠡᠭᠦᠷᠡᠰᠦᠨ ᠤ ᠪᠠᠷᠤᠭᠰᠢᠨ ᠢᠶᠠᠷ ᠰᠠᠭᠤᠷᠢ ᠪᠣᠯᠭᠠᠭᠰᠠᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠢ ᠦᠢᠯᠡᠳᠬᠦ ᠵᠡᠷᠭᠡ 2 ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠪᠡ᠃ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠭᠢᠷᠢᠨ ᠶᠡᠭᠡ ᠰᠤᠷᠭᠠᠭᠤᠯᠢ ᠨᠢ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠲᠠᠰᠤᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠣᠷᠳᠣᠰ ᠬᠤᠳᠠ ᠶᠢᠨ ᠪᠠᠢ ᠶᠦᠨ ᠠᠶᠤᠯᠲᠠᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠧᠩ ᠬᠤᠢ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠢ ᠬᠢᠷᠢᠨ ᠶᠡᠭᠡ ᠰᠤᠷᠭᠠᠭᠤᠯᠢ ᠶᠢᠨ ᠬᠢᠮᠢ ᠶᠢᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠤᠨ ᠪᠦᠯᠬᠦᠮ ᠲᠠᠢ ᠲᠣᠰᠪᠣᠷᠢ ᠬᠠᠶᠠᠭᠳᠠᠮᠠᠯ ᠲᠣᠰᠣ ᠶᠢ ᠲᠠᠬᠢᠨ ᠠᠰᠢᠭᠯᠠᠬᠤ ᠮᠡᠷᠭᠡᠵᠢᠯ ᠤᠨ ᠲᠤᠷᠰᠢᠯᠲᠠ᠂ ᠡᠭᠡᠷᠡᠵᠦ ᠪᠣᠯᠬᠤ ᠨᠡᠭᠦᠷᠡᠰᠦᠨ ᠤ ᠪᠠᠷᠤᠭᠰᠢᠨ ᠢᠶᠠᠷ ᠰᠠᠭᠤᠷᠢ ᠪᠣᠯᠭᠠᠭᠰᠠᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠢ ᠦᠢᠯᠡᠳᠬᠦ ᠲᠤᠷᠰᠢᠯᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ︔ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠲᠣᠰ ᠥᠪᠥᠷ ᠮᠣᠩᠭᠤᠯ ᠤᠨ ᠱᠧᠩ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠱᠧᠩ ᠳ᠋ᠣᠣ ᠲᠦᠷᠭᠡᠳᠬᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠳᠤᠮᠳᠠ ᠵᠡᠷᠭᠡ ᠶᠢᠨ ᠲᠤᠷᠰᠢᠯᠲᠠ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      7 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠣᠯᠠᠨ ᠨᠡᠶᠢᠲᠡ  ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠂ ᠪᠥᠬᠦ ᠬᠤᠰᠢᠭᠤᠨ ᠤ ᠳᠡᠭᠡᠳᠦ ᠱᠠᠲᠤᠨ ᠤ ᠬᠢᠨᠠᠨ ᠪᠤᠳᠤᠬᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠭᠰᠡᠨ ᠪᠠᠶᠢᠳᠠᠯ ᠢ ᠰᠣᠨᠣᠰᠴᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠶᠡᠭᠡ ᠬᠡᠮᠵᠢᠶᠡᠨ ᠤ ᠪᠡᠯᠡ ᠮᠥᠩᠭᠦ ᠰᠠᠯᠭᠠᠨ ᠥᠭᠬᠦ᠂ ᠰᠤᠷᠭᠠᠨ ᠬᠥᠮᠦᠵᠢᠯ ᠡᠮ ᠡᠮᠨᠡᠯᠭᠡ ᠶᠢᠨ ᠬᠦᠷᠢᠶ᠎ᠡ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      7 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠠᠪᠤᠴᠠ ᠶᠢᠨ ᠢᠨᠵᠧᠨᠧᠷᠢᠩ ᠤᠨ ᠰᠤᠳᠤᠯᠭᠠᠨ ᠤ ᠭᠠᠵᠠᠷ ᠤᠨ ᠡᠷᠳᠡᠮ ᠤᠨ ᠴᠣᠯᠠ ᠶᠢᠨ ᠵᠥᠪᠯᠡᠯ ᠤᠨ ᠡᠷᠬᠢᠯᠡᠭᠴᠢ ᠴᠧᠨ ᠶᠦᠨ ᠹᠠ ᠨᠠᠷ ᠦᠤᠰᠢᠨ ᠬᠤᠰᠢᠭᠤᠨ ᠳᠤ ᠬᠦᠷᠴᠦ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ᠂ ᠲᠤᠷᠰᠢᠯᠲᠠ ᠶᠢᠨ ᠰᠠᠭᠤᠷᠢᠨ ᠭᠠᠵᠠᠷ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠰᠢᠨ᠎ᠡ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ  ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠧᠤ ᠶᠦᠩ ᠴᠢᠶᠠᠩ᠂ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠠᠮ ᠵᠠᠰᠠᠭ ᠤᠨ ᠠᠯᠪᠠᠨ ᠬᠡᠷ᠂ ᠬᠥᠭᠵᠢᠬᠦᠯᠦᠯᠲᠡ ᠪᠠ ᠠᠷᠠᠯᠵᠢᠶᠠᠴᠢᠨ ᠤᠷᠢᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      7 ᠰᠠᠷ᠎ᠠ ᠶᠢᠨ 19 ᠤ ᠡᠳᠦᠷ᠂ ᠵᠦᠩ ᠮᠧᠢ ᠪᠦᠯᠦᠭᠯᠡᠯ ᠤᠨ ᠲᠤᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠸᠢ ᠯᠦ ᠨᠠᠷ ᠡᠬᠢᠯᠡᠯᠲᠡ ᠶᠢᠨ ᠬᠤᠷᠠᠯ ᠳᠤ ᠣᠷᠣᠯᠴᠠᠪᠠ᠃      7 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠪᠤᠯᠤᠨ ᠪᠡᠭᠡᠵᠢᠩ ᠶᠡᠭᠡ ᠰᠤᠷᠭᠠᠭᠤᠯᠢ ᠶᠢᠨ ᠤᠷᠳᠤᠰ ᠤᠨ ᠡᠨᠧᠷᠬᠢ ᠶᠢᠨ ᠰᠤᠳᠤᠯᠭᠠᠨ ᠤ ᠭᠦᠷᠢᠶᠠᠯᠠᠩ ᠤᠨ ᠰᠠᠭᠤᠳᠠᠯ ᠤᠨ ᠬᠤᠷᠠᠯ ᠬᠤᠷᠠᠯᠳᠤᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠭᠠᠵᠠᠷ ᠳᠣᠤᠷᠠᠬᠢ ᠴᠡᠪᠡᠷ ᠡᠨᠧᠷᠭᠢ ᠶᠢᠨ ᠡᠬᠢ ᠪᠠᠶᠠᠯᠢᠭ ᠤᠨ ᠬᠠᠨᠳᠤᠯᠭᠠᠲᠤ ᠰᠢᠨᠵᠢᠯᠡᠭᠡᠨ ᠤ ᠲᠡᠷᠢᠭᠦᠨ ᠤ ᠰᠢᠨᠵᠢᠯᠡᠬᠦ ᠤᠬᠠᠭᠠᠨᠲᠠᠨ ᠶᠢᠨ ᡁᠢ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠰᠣᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠧᠦ ᠶᠦᠩ ᠴᠢᠶᠠᠩ᠂ ᠬᠤᠰᠢᠭᠤ ᠳᠡᠳ᠋ ᠳᠠᠷᠤᠭ᠎ᠠ ᠱᠠ ᠵᠢᠶᠠᠨ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠬᠠᠤᠯᠢ ᠶᠢᠨ ᠬᠠᠷᠢᠭᠤᠴᠠᠯᠭᠠᠲᠠᠨ ᠳᠠᠷᠬᠠᠯᠲᠠ ᠮᠠᠶ᠋ᠢᠭ ᠤᠨ ᠡᠨᠧᠷᠭᠢ ᠶᠢᠨ ᠬᠠᠨᠳᠤᠯᠭᠠᠲᠤ ᠰᠢᠨᠵᠢᠯᠡᠭᠡᠨ ᠤ ᠲᠡᠷᠢᠭᠦᠨ ᠤ ᠰᠢᠨᠵᠢᠯᠡᠬᠦ ᠤᠬᠠᠭᠠᠨᠲᠠᠨ ᠶᠠᠩ ᠯᠸᠢ ᠵᠡᠷᠭᠡ ᠲᠤᠰᠬᠠᠢ ᠮᠡᠷᠭᠡᠵᠢᠯᠲᠡᠨ ᠪᠤᠯᠤᠨ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠰᠣᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠤᠯᠪᠣᠭᠳᠠᠯ ᠪᠦᠬᠦᠢ ᠲᠤᠳᠤᠭᠠᠳᠤᠬᠢ ᠪᠠᠶᠢᠭᠤᠯᠤᠮᠵᠢ ᠶᠢᠨ ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠣᠷᠣᠯᠴᠠᠪᠠ᠃      7 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠨᠠᠷᠢᠠᠭᠤᠣᠯ ᠤᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠺᠠᠩ ᠷᠦᠢ᠂ ᠱᠠ ᠵᠢᠶᠠᠨ ᠪᠤᠯᠤᠨ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠤᠪᠴᠢᠶ᠎ᠠ᠂ ᠠᠮᠢ ᠠᠬᠤᠶ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      7 ᠰᠠᠷ᠎ᠠ ᠶᠢᠨ 25 ᠤ ᠡᠳᠦᠷ᠂ ︽ᠬᠠᠲᠤᠨ ᠭᠤᠣᠯ ᠤᠨ ᠶᠡᠭᠡ ᠳᠤᠬᠤᠢ ᠣᠷᠣᠨ ᠤ ᠭᠠᠵᠠᠷ ᠳᠣᠣᠷᠠᠬᠢ ᠤᠰᠤ — ᠭᠤᠣᠯ ᠨᠠᠭᠤᠷ ᠤᠨ ᠰᠢᠰᠲ᠋ᠧᠮ ᠤᠨ ᠬᠠᠮᠠᠭᠠᠯᠠᠯᠲᠠ ᠬᠢᠭᠡᠳ ᠠᠵᠤ ᠦᠢᠯᠡᠰ ᠲᠤ ᠳᠤᠬᠢᠷᠠᠭᠤᠯᠤᠨ ᠤᠰᠤ  ᠶᠢ ᠲᠤᠬᠢᠷᠠᠭᠤᠯᠤᠨ ᠡᠵᠡᠮᠳᠡᠬᠦ ᠵᠠᠩᠭᠢᠯᠠᠭ᠎ᠠ ᠶᠢᠨ ᠮᠡᠷᠭᠡᠵᠢᠯ ᠵᠢᠴᠢ ᠬᠡᠷᠡᠭᠯᠡᠭᠡᠨ ᠤ ᠵᠢᠱᠢᠶ᠎ᠡ ᠦᠵᠡᠭᠦᠯᠬᠦ︾ ᠲᠥᠷᠥᠯ ᠵᠦᠢᠯ ᠤᠨ ᠳᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠦᠦᠰᠢᠨ ᠬᠤᠰᠢᠭᠤᠨ ᠳᠤ ᠬᠤᠷᠠᠯᠳᠤᠪᠠ᠃
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ