ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠶᠡᠭᠡ ᠶᠠᠪᠤᠳᠠᠯ ᠤᠨ ᠲᠡᠮᠳᠡᠭᠯᠡᠯ — ᠨᠠᠢᠮᠠᠳᠤᠭᠠᠷ ᠰᠠᠷ᠎ᠠ
ᠨᠡᠶᠢᠲᠡᠯᠡᠭᠰᠡᠨ ᠴᠠᠭ᠄
2024/12/4
      8 ᠰᠠᠷ᠎ᠠ ᠶᠢᠨ 1 ᠤ ᠡᠳᠦᠷ᠂ ︽ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ︾ ᠣᠷᠳᠣᠰ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ︵ᠳᠠᠷᠤᠭ᠎ᠠ︶ ᠶᠢᠨ ᠵᠢᠵᠢᠭᠦᠷᠯᠡᠬᠦ ᠠᠵᠢᠯᠯᠠᠭ᠎ᠠ ᠵᠢᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠠᠵᠤ ᠠᠬᠤᠶᠢᠯᠠᠯ ᠤᠳ ᠢ ᠵᠣᠯᠭᠠᠭᠤᠯᠬᠤ ᠬᠤᠷᠠᠯ ᠦᠤᠰᠢᠨ ᠬᠤᠰᠢᠭᠤᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᡁᠢ ᠵᠥᠩ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠬᠤᠳᠠᠯᠳᠤᠭᠠᠴᠢᠳ ᠤᠨ ᠶᠡᠷᠦᠩᠬᠡᠶ ᠡᠪᠯᠡᠯ ᠤᠨ ᠳᠠᠷᠤᠭ᠎ᠠ ᠨᠢᠶᠧ ᠶᠦᠩ ᠱᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠶᠣᠣ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠᠰᠢᠪᠢᠯᠢᠭ᠌᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠳᠡᠳ᠋ ᠲᠡᠷᠢᠭᠦᠯᠡᠭᠴᠢ ᠬᠤᠳᠠᠯᠳᠤᠭᠠᠴᠢᠳ ᠤᠨ ᠶᠡᠷᠦᠩᠬᠡᠶ ᠡᠪᠯᠡᠯ ᠤᠨ ᠳᠡᠳ᠋ ᠳᠠᠷᠤᠭ᠎ᠠ ᠵᠣᠷᠢᠭᠲᠤ᠂ ᠰᠤᠪᠤᠷᠭ᠎ᠠ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠭᠡᠰᠢᠭᠦᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠨᠢᠩ ᠵᠧᠨ ᠫᠧᠩ᠂ ᠥᠪᠥᠷ ᠮᠣᠩᠭᠤᠯ ᠤᠨ ᠦᠤᠰᠢᠨ ᠬᠤᠳᠠᠯᠳᠤᠭᠠᠴᠢᠳ ᠤᠨ ᠡᠪᠯᠡᠯ ᠤᠨ ᠨᠠᠷᠢᠨ ᠪᠢᠴᠢᠭ ᠤᠨ ᠳᠠᠷᠤᠭ᠎ᠠ ᠪᠠᠲᠤ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠡᠰᠡᠭ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ᠂ ᠳᠡᠳ᠋ ᠳᠠᠷᠤᠭ᠎ᠠ᠂ ᠡᠯ᠎ᠡ ᠬᠤᠰᠢᠭᠤ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ᠂ ᠪᠥᠬᠦ ᠬᠤᠲᠠ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠬᠡᠰᠡᠭ ᠰᠢᠯᠢᠳᠡᠭ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠳᠤᠮᠳᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠠᠭᠠᠯᠲᠠ ᠦᠢᠯᠡᠳᠬᠦᠨ ᠢ ᠨᠡᠭᠡᠭᠡᠨ ᠬᠥᠭᠵᠢᠭᠦᠯᠬᠦ᠂ ᠴᠡᠪᠡᠷ ᠬᠤᠵᠢᠷ ᠤᠨ ᠵᠠᠬ᠎ᠠ ᠳᠡᠯᠭᠡᠭᠦᠷ ᠪᠣᠯᠤᠨ ᠳᠠᠭᠠᠯᠲᠠ ᠬᠡᠷᠡᠭᠯᠡᠯᠲᠡ᠂ ᠤᠯᠠᠨ ᠬᠦᠷᠢᠶᠡᠨ ᠤ ᠬᠠᠮᠲᠤᠷᠠᠯᠴᠠᠭᠠᠨ ᠤ ᠣᠷᠣᠨ ᠵᠠᠢ᠂ ᠨᠡᠭᠦᠷᠡᠰᠦ ᠪᠠᠷ ᠠᠯᠺᠧᠨ ᠦᠢᠯᠡᠳᠬᠦ ᠬᠠᠩᠭᠠᠯᠭ᠎ᠠ ᠬᠡᠷᠡᠭᠴᠡᠭᠡ ᠶᠢᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ᠂ ᠨᠡᠭᠦᠷᠡᠰᠦ ᠪᠠᠷ ᠮᠧᠲ᠋ᠢᠯ ᠠᠯᠺᠣᠤᠯ ᠦᠢᠯᠡᠳᠬᠦ ᠬᠠᠩᠭᠠᠯᠭ᠎ᠠ ᠬᠡᠷᠡᠭᠴᠡᠭᠡ ᠶᠢᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ᠂ ᠨᠡᠭᠦᠷᠡᠰᠦ ᠪᠠᠷ ᠰᠢᠭᠡᠰᠦᠯᠢᠭ ᠡᠳ᠋ ᠦᠢᠯᠡᠳᠬᠦ ᠬᠠᠩᠭᠠᠯᠭ᠎ᠠ ᠬᠡᠷᠡᠭᠴᠡᠭᠡ ᠶᠢᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ︵ᠨᠡᠭᠦᠷᠡᠰᠦᠨ ᠴᠢᠯᠠᠭᠤ᠂ ᠬᠡᠶᠢᠵᠢᠭᠦᠯᠦᠭᠰᠡᠨ ᠰᠢᠭᠠᠷᠤ᠂ ᠠᠭᠤᠷᠬᠠᠢ ᠶᠢᠨ ᠬᠤᠳᠳᠤᠭ ᠤᠨ ᠤᠰᠤ︶ ᠢ ᠲᠠᠬᠢᠨ ᠠᠰᠢᠭᠯᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠪᠠ ᠵᠠᠬ᠎ᠠ ᠳᠡᠯᠭᠡᠭᠦᠷ ᠤᠨ ᠵᠠᠳᠠᠯᠤᠯᠲᠠ ᠬᠢᠵᠡᠢ᠃      8 ᠰᠠᠷ᠎ᠠ ᠶᠢᠨ 2 ᠤᠨ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠪᠤᠯᠤᠨ ᠥᠪᠥᠷ ᠮᠣᠩᠭᠤᠯ ᠤᠨ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠠᠭᠤᠳᠠᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠰᠢᠭᠤ ᠤᠳᠤᠷᠢᠳᠤᠯᠭ᠎ᠠ ᠠᠯᠲᠠᠨᠴᠢᠯᠠᠭᠤ᠂ ᠱᠠ ᠵᠢᠶᠠᠨ᠂ ᠰᠢᠤᠢ ᠰᠢᠶᠤᠤ ᠳ᠋ᠦᠩ᠂ ᠥᠪᠥᠷ ᠮᠣᠩᠭᠤᠯ ᠤᠨ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠲᠤᠤ ᠵᠢᠶ ᠰᠢᠦ᠋ᠩ ᠵᠢᠴᠢ ᠬᠠᠮᠢᠶ᠎ᠠ ᠪᠥᠬᠦᠶ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      8 ᠰᠠᠷ᠎ᠠ ᠶᠢᠨ 2 ᠤᠨ ᠡᠳᠦᠷ᠂ ᠪᠥᠬᠦ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠬᠤᠷᠠᠯ ᠢ ᠡᠷᠭᠢᠯᠠᠵᠤ᠂ ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠴᠠᠩ ᠢᠦᠶ ᠵᠢᠶᠦ᠋ᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠠᠴᠠ ᠵᠢᠷᠤᠭ ᠳᠦᠷᠰᠤ ᠳᠤ ᠢᠯᠡᠷᠡᠭᠰᠡᠨ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠰᠢᠨ᠎ᠡ ᠣᠳᠣᠬᠠᠨ ᠤ ᠠᠵᠢᠯ ᠤᠨ ᠭᠤᠣᠯᠳᠠᠯᠭ᠎ᠠ ᠪᠠᠨ ᠳᠠᠬᠢᠨ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠢᠶᠠᠨ ᠳ᠋ᠢ ᠶᠤᠸᠠᠨ ᠤᠰᠤᠨ ᠤ ᠶᠠᠪᠤᠳᠠᠯ ᠤᠨ ᠺᠣᠮᠫᠠᠨᠢ ᠶᠢᠨ ᠬᠠᠮᠢᠶ᠎ᠠ ᠪᠦᠬᠦᠢ ᠤᠴᠢᠷ ᠶᠠᠪᠤᠳᠠᠯ ᠵᠢᠴᠢ ᠠᠮᠢ ᠠᠬᠤᠢ ᠶᠢᠨ ᠰᠡᠷᠭᠦᠭᠡᠯᠲᠡ ᠪᠣᠯᠤᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠵᠡᠷᠭᠡ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      8 ᠰᠠᠷ᠎ᠠ ᠶᠢᠨ 3 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ᠣᠷᠳᠣᠰ ᠤᠨ ᠠᠷᠠᠳ ᠤᠨ ᠵᠠᠩ ᠵᠠᠩᠰᠢᠯ ᠵᠠᠩ ᠦᠢᠯᠡ ᠶᠢᠨ ᠵᠢᠭᠤᠯᠴᠢᠯᠠᠯ ᠤᠨ ᠪᠠᠶᠠᠷ ᠵᠢᠴᠢ ᠦᠤᠰᠢᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠡᠬᠢᠯᠡᠯᠲᠡ ᠶᠢᠨ ᠶᠤᠰᠤᠯᠠᠯ ᠶᠠᠪᠤᠭᠳᠠᠯ᠎ᠠ᠃      8 ᠰᠠᠷ᠎ᠠ ᠶᠢᠨ 3 ᠤ ᠡᠳᠦᠷ᠂ ᠦᠦᠰᠢᠨ ᠬᠤᠰᠢᠭᠤ᠂ ᠢᠦᠢ ᠶᠠᠩ ᠲᠣᠭᠤᠷᠢᠭ᠂ ᠵᠢᠩᠪᠢᠶᠠᠨ ᠰᠢᠶᠠᠨ ᠤ ᠣᠷᠣᠨ ᠪᠦᠰᠡ ᠶᠢᠨ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠰᠣᠯᠢᠯᠴᠠᠭᠠᠨ ᠤ ᠰᠠᠭᠤᠳᠠᠯ ᠤᠨ ᠬᠤᠷᠠᠯ ᠬᠤᠷᠠᠯᠳᠤᠵᠤ᠂ ᠦᠦᠰᠢᠨ ᠬᠤᠰᠢᠭᠤ᠂ ᠢᠦᠢ ᠶᠠᠩ ᠲᠣᠭᠤᠷᠢᠭ᠂ ᠵᠢᠩᠪᠢᠶᠠᠨ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ  ᠰᠠᠭᠤᠳᠠᠯ ᠤᠨ ᠬᠤᠷᠠᠯ ᠳᠤ ᠣᠷᠣᠯᠴᠠᠪᠠ᠃8 ᠰᠠᠷ᠎ᠠ ᠶᠢᠨ 10 ᠤ ᠡᠳᠦᠷ᠂ ᠬᠤᠷ᠎ᠠ ᠤᠰᠤ ᠵᠢᠭᠤᠯᠴᠢᠯᠠᠯ ᠤᠨ ᠣᠷᠣᠨ ᠤ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠡᠭᠡᠷ᠎ᠡ ᠶᠢᠨ ᠤᠮᠪᠠᠯᠲᠠ ᠶᠢᠨ ᠤᠷᠢᠯᠭ᠎ᠠ ᠶᠢᠨ ᠤᠷᠤᠯᠳᠤᠭᠠᠨ ᠤᠯᠠᠭᠠᠠᠳᠤᠯᠤᠭᠠᠢ ᠪᠠᠯᠭᠠᠰᠤᠨ ᠤ ᠬᠤᠷ᠎ᠠ ᠤᠰᠤ ᠵᠢᠭᠤᠯᠴᠢᠯᠠᠯ ᠤᠨ ᠣᠷᠣᠨ ᠳᠤ ᠶᠠᠪᠣᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 30 ᠲᠥᠯᠥᠭᠡᠯᠡᠭᠴᠢ ᠶᠢᠨ ᠠᠩᠭᠢ ᠪᠤᠯᠤᠨ ᠬᠤᠪᠢ ᠬᠥᠮᠥᠨ ᠤᠷᠤᠯᠳᠤᠭᠠᠨ ᠳᠤ ᠤᠷᠤᠯᠴᠠᠵᠠᠢ᠃      8 ᠰᠠᠷ᠎ᠠ ᠶᠢᠨ 12 ᠤᠨ ᠡᠳᠦᠷ᠂ ᠪᠥᠬᠦ ᠣᠷᠣᠨ ᠤ ᠨᠢᠭᠲᠠ ᠬᠠᠮᠵᠢᠯᠴᠠᠭᠠᠨ ᠤ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠬᠤ ᠠᠵᠢᠯ ᠤᠨ ᠬᠤᠷᠠᠯ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ ᠬᠤᠷᠠᠯᠳᠤᠪᠠ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠲᠠ ᠬᠠᠮᠵᠢᠯᠴᠠᠭᠠᠨ ᠤ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠭᠰᠠᠨ ᠲᠤᠷᠰᠢᠯᠭ᠎ᠠ ᠶᠢ ᠲᠣᠭᠤᠷᠢᠨ ᠦᠵᠡᠵᠦ ᠰᠣᠯᠢᠯᠴᠠᠨ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠪᠦᠬᠦ ᠣᠷᠣᠨ ᠤ ᠨᠢᠭᠲᠠ ᠬᠠᠮᠵᠢᠯᠴᠠᠭᠠᠨ ᠤ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ ᠠᠬᠢᠭᠤᠯᠵᠤ᠂ ᠣᠨ ᠤ ᠪᠠᠶᠢᠭᠤᠯᠤᠯᠲᠠ ᠶᠢᠨ ᠡᠭᠦᠷᠭᠡ ᠪᠠᠨ ᠴᠢᠷᠮᠠᠶᠢᠨ ᠪᠡᠶᠡᠯᠡᠭᠦᠯᠪᠡ᠃ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠠᠨ ᠴᠦᠨ ᠬᠤᠶ ︽︿1743﹀ ᠰᠢᠰᠲ᠋ᠧᠮᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠢᠭᠲᠠ ᠬᠠᠮᠵᠢᠯᠴᠠᠭᠠᠨ ᠤ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠶ᠎ᠠ︾ ᠭᠡᠬᠦ ᠰᠡᠳᠦᠪ ᠢᠶᠠᠷ ᠨᠡᠶᠢᠲᠡᠯᠢᠭ ᠶᠠᠷᠢᠶ᠎ᠠ ᠲᠠᠯᠪᠢᠪᠠ᠃      8 ᠰᠠᠷ᠎ᠠ ᠶᠢᠨ 13 ᠤ ᠡᠳᠦᠷ᠂ ︽ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠦᠷᠢᠮ︾ ᠪᠠ ︽ᠦᠦᠰᠢᠨ ᠬᠤᠰᠢᠭᠤᠨ ᠤ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ︾ ︽ᠦᠦᠰᠢᠨ ᠬᠤᠰᠢᠭᠤᠨ ᠤ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠳᠡᠳ᠋ ᠳᠠᠷᠤᠭ᠎ᠠ ᠹᠠᠨ ᠴᠦᠨ ᠬᠤᠶ ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠡᠯ᠎ᠡ ᠱᠠᠲᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠭᠠᠯᠠᠭᠤᠲᠤ ᠪᠠᠯᠭᠠᠰᠤ᠂ ᠲᠤᠭ ᠪᠠᠯᠭᠠᠰᠤ᠂ ᠬᠤᠰᠢᠭᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠡᠮᠡᠭᠲᠡᠶᠢᠴᠦᠳ ᠬᠡᠦᠬᠡᠳ ᠤᠨ ︽ᠬᠤᠶᠠᠷ ᠳᠦᠷᠢᠮ︾ ᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠡᠢ᠃      8 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠠᠲᠤᠨ ᠭᠤᠣᠯ ᠤᠨ ︽ᠶᠡᠭᠡ ᠲᠣᠬᠤᠢ︾ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠲᠠᠶᠢᠯᠠᠯᠳᠣᠭᠠᠨ ᠵᠢᠴᠢ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠠᠲᠤᠨ ᠭᠤᠣᠯ ᠤᠨ ︽ᠶᠡᠭᠡ ᠲᠣᠬᠤᠢ︾ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠲᠠᠶᠢᠯᠠᠯᠳᠣᠭᠠᠨ ᠵᠢᠴᠢ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃      8 ᠰᠠᠷ᠎ᠠ ᠶᠢᠨ 15 ᠤ ᠡᠳᠦᠷ᠂ ᠦᠦᠰᠢᠨ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠲᠤᠭ ᠢᠲᠡᠭᠡᠮᠵᠢ ᠶᠢᠨ ᠬᠤᠷᠰᠢᠶ᠎ᠠ ᠨᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ ᠮᠡᠳᠡᠭᠦᠯᠦᠯᠲᠡ ᠶᠢ ᠦᠪᠡᠷᠳᠡᠭᠡᠨ ᠪᠠᠶᠢᠴᠠᠭᠠᠨ ᠯᠠᠪᠯᠠᠬᠤ ᠴᠡᠭ ᠤᠨ ᠫᠠᠶᠢᠰᠠ ᠰᠡᠬᠦᠬᠦ ᠶᠣᠰᠣᠯᠠᠯ ᠢ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠮᠠ ᠶᠠ ᠳ᠋ᠦᠩ᠂ ᠬᠤᠲᠠ ᠶᠢᠨ ᠠᠷᠠᠳ ᠤᠨ ᠪᠠᠩᠬᠢ ᠶᠢᠨ ᠳᠡᠳ᠋ ᠳᠠᠷᠤᠭ᠎ᠠ ᠯᠢ ᠵᠢᠩ᠂ ᠲᠤᠭ ᠪᠠᠯᠭᠠᠰᠤ᠂ ᠦᠦᠰᠢᠨ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠭᠤᠤᠯ ᠬᠠᠷᠢᠭᠤᠴᠠᠯᠭᠠᠲᠠᠨ ᠲᠣᠰ ᠤᠳᠠᠭᠠᠨ ᠤ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃      8 ᠰᠠᠷ᠎ᠠ ᠶᠢᠨ 15 ᠤ ᠡᠳᠦᠷ᠂ ᠦᠦᠰᠢᠨ ᠬᠤᠰᠢᠭᠤ ᠲᠦᠷᠦᠭᠦᠯᠡᠨ ᠨᠠᠶᠢᠷᠠᠭᠤᠯᠤᠨ ᠲᠤᠭᠲᠠᠭᠠᠭᠰᠠᠨ ︽ᠵᠥᠷᠢᠴᠡᠯ ᠵᠢᠭᠤᠷᠠᠯᠳᠤᠭᠠᠨ ᠢ ᠲᠠᠰ ᠲᠥᠷᠥᠯ ᠬᠤᠪᠢᠶᠠᠨ ᠣᠯᠠᠨ ᠡᠰᠢᠵᠢᠬᠦᠯᠦᠨ ᠰᠢᠢᠳᠪᠦᠷᠢᠯᠡᠬᠦ ᠵᠢᠷᠤᠮᠵᠢᠯ︾ ᠬᠤᠲᠠ ᠶᠢᠨ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠤᠷᠢᠳᠴᠢᠯᠠᠨ ᠰᠤᠳᠤᠯᠬᠤ᠂ ᠲᠥᠯᠥᠪᠯᠡᠬᠦ᠂ ᠪᠠᠷᠢᠮᠵᠢᠶ᠎ᠠ  ᠪᠠᠷ ᠲᠤᠭᠤᠷᠪᠢᠬᠤ᠂ ᠰᠠᠨᠠᠯ ᠬᠤᠷᠢᠶᠠᠬᠤ᠂ ᠬᠦᠷᠭᠡᠨ ᠬᠢᠨᠠᠬᠤ᠂ ᠪᠠᠷᠢᠮᠵᠢᠶ᠎ᠠ ᠳᠤ ᠨᠡᠶᠢᠴᠡᠭᠰᠡᠨ ᠲᠤᠰᠬᠠᠶ ᠮᠡᠷᠭᠡᠵᠢᠯᠲᠡᠨ ᠠᠴᠠ ᠬᠢᠨᠠᠨ ᠦᠨᠡᠯᠡᠬᠦ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠱᠠᠲᠤ ᠦᠶ᠎ᠡ ᠪᠠᠷ ᠳᠡᠮᠵᠢᠨ ᠠᠮᠵᠢᠯᠲᠠ ᠲᠠᠢ ᠪᠠᠷ ᠵᠥᠪᠰᠢᠶᠡᠷᠡᠭᠦᠯᠦᠨ ᠨᠡᠶᠢᠲᠡᠯᠡᠭᠰᠡᠨ ᠪᠠᠶᠢᠨ᠎ᠠ᠃ ᠡᠨᠡ ᠪᠣᠯ ᠣᠷᠳᠣᠰ ᠬᠤᠲᠠ ᠶᠢᠨ ᠠᠩᠬᠠᠳᠠᠭᠴᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠵᠢᠷᠤᠮᠵᠢᠯ ᠪᠣᠯᠭᠠᠭᠰᠠᠨ ᠪᠠᠷᠢᠮᠵᠢᠶ᠎ᠠ ᠪᠠᠶᠢᠵᠤ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠰᠢᠢᠳᠪᠦᠷᠢᠯᠡᠬᠦ ᠠᠵᠢᠯ ᠬᠠᠤᠯᠢ ᠪᠠᠷ ᠵᠠᠰᠠᠬᠤ ᠵᠠᠮ ᠳᠤ ᠤᠷᠤᠭᠰᠠᠨ ᠢ ᠬᠠᠷᠠᠭᠤᠯᠵᠤ ᠪᠠᠶᠢᠨ᠎ᠠ᠃      8 ᠰᠠᠷ᠎ᠠ ᠶᠢᠨ 16 ᠤ ᠡᠳᠦᠷ᠂ ᠦᠦᠰᠢᠨ ᠬᠤᠰᠢᠭᠤᠨ ᠤ ᠬᠤᠷᠢᠨ ᠵᠢᠷᠭᠤᠳᠤᠭᠠᠷ ᠬᠤᠭᠤᠴᠠᠭᠠᠨ ᠤ ︽ᠤᠯᠠᠨ ᠬᠤᠷᠠᠬᠤ︾ ᠰᠤᠶᠤᠯ ᠤᠷᠠᠯᠢᠭ ᠤᠨ ᠦᠵᠡᠭᠦᠯᠭᠡ ᠶᠢᠨ ᠲᠣᠭᠯᠠᠯᠲᠠ ᠵᠢᠴᠢ ᠭᠠᠯᠠᠭᠤᠳᠤ ᠪᠠᠯᠭᠠᠰᠤᠨ ᠤ 2024 ᠣᠨ ᠤ ᠨᠠᠭᠠᠳᠤᠮ ᠤᠨ ᠶᠡᠭᠡ ᠬᠤᠷᠠᠯ ᠪᠤᠵᠠᠢ ᠭᠠᠴᠠᠭᠠᠨ ᠳᠤ ᠡᠬᠢᠯᠡᠪᠡ᠃      8 ᠰᠠᠷ᠎ᠠ ᠶᠢᠨ 16 ᠤ ᠡᠳᠦᠷ᠂ ᠮᠠᠨ ᠤ ᠬᠤᠰᠢᠭᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠤᠳ ᠤᠨ ᠬᠦᠴᠦᠨ ᠴᠢᠳᠠᠯ ᠢ ᠪᠠᠳᠠᠷᠠᠭᠤᠯᠬᠤ ᠵᠢᠴᠢ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠶᠤᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠠᠨ ᠴᠦᠨ ᠬᠤᠶ ᠠᠵᠢᠯᠯᠠᠭ᠎ᠠ ᠳᠤ ᠣᠷᠣᠯᠴᠠᠵᠠᠶ᠃      8 ᠰᠠᠷ᠎ᠠ ᠶᠢᠨ 17 ᠤ ᠡᠳᠤᠷ᠂ 2024 ᠣᠨ ᠤ ᠬᠤᠶᠠᠳᠤᠭᠠᠷ ᠬᠤᠭᠤᠴᠠᠭᠠᠨ ᠤ ᠦᠦᠰᠢᠨ ᠬᠤᠰᠢᠭᠤᠨ ᠤ ᠰᠢᠷᠬᠤᠰᠤᠨ ᠤ ᠶᠠᠪᠠᠭᠠᠨ ᠢᠶᠠᠷ ᠠᠶᠠᠯᠠᠬᠤ ᠴᠤᠭᠯᠠᠭᠠᠨ ᠰᠢᠷᠬᠤᠰᠤᠨ ᠪᠠᠯᠭᠠᠰᠤᠨ ᠳᠤ ᠡᠬᠢᠯᠡᠪᠡ᠃      8 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ ᠬᠠᠮᠢᠶᠠᠷᠤᠯᠲᠠ᠂ ᠬᠠᠲᠤᠨ ᠭᠤᠤᠯ ᠤᠨ ᠶᠡᠭᠡ ᠲᠤᠬᠤᠢ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ᠂ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ᠂ ᠬᠤᠰᠢᠭᠤ ᠳᠡᠳ᠋ ᠳᠠᠷᠤᠭ᠎ᠠ ᠱᠠ ᠵᠢᠶᠠᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃      8 ᠰᠠᠷ᠎ᠠ ᠶᠢᠨ 20 ᠤ ᠡᠳᠦᠷ᠂ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠦᠤᠰᠢᠨ ᠬᠤᠰᠢᠭᠤᠨ ᠳᠤ 2024 ᠣᠨ ᠤ ᠪᠥᠬᠦ ᠬᠤᠲᠠ ᠶᠢᠨ ᠠᠩᠬᠠᠳᠠᠭᠴᠢ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃      8 ᠰᠠᠷ᠎ᠠ ᠶᠢᠨ 21 ᠤ ᠡᠳᠦᠷ᠂ ᠦᠦᠰᠢᠨ ᠬᠤᠰᠢᠭᠤᠨ ᠤ ᠮᠦᠽᠧᠶ ᠶᠢᠨ ᠳᠡᠯᠭᠡᠨ ᠦᠵᠡᠭᠦᠯᠬᠦ ᠤᠬᠠᠭᠳᠠᠬᠤᠨ ᠤ ᠲᠥᠰᠦᠯ ᠢ ᠬᠢᠨᠠᠨ ᠬᠠᠷᠭᠤᠭᠤᠯᠬᠤ ᠬᠤᠷᠠᠯ ᠬᠤᠷᠠᠯᠳᠤᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠰᠤ᠋ ᠴᠢᠩ ᠫᠦ᠋ ᠬᠢᠨᠠᠨ ᠲᠣᠭᠲᠠᠭᠠᠬᠤ ᠳᠤ ᠣᠷᠣᠯᠴᠠᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠠᠨ ᠴᠦᠨ ᠬᠤᠶ ᠬᠤᠷᠠᠯ ᠢ ᠡᠷᠭᠢᠯᠡᠪᠡ᠃ ᠋      8 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠵᠤ᠂ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠷᠠᠯ ᠢ ᠡᠷᠬᠢᠯᠡᠭᠰᠡᠨ ᠪᠠᠶᠢᠨ᠎ᠠ᠃      8 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠳ᠋ᠡ ᠲᠠᠩ ᠪᠦᠯᠦᠭᠯᠡᠯ ᠤᠨ ᠵᠥᠩ ᠰᠢᠨ ᠡᠨᠧᠷᠭᠢ ᠬᠢᠮᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠬᠡᠷᠡᠭ ᠮᠡᠳᠡᠭᠴᠢᠳ ᠤᠨ ᠳᠡᠳ᠋ ᠳᠠᠷᠤᠭ᠎ᠠ ᠵᠣᠣ ᠽᠦᠩ ᠺᠠᠶ ᠲᠠᠢ ᠰᠠᠭᠤᠳᠠᠯ ᠤᠨ ᠬᠤᠷᠠᠯ ᠬᠢᠵᠦ᠂ ᠬᠤᠰᠢᠭᠤ ᠤᠳᠤᠷᠢᠳᠤᠯᠭ᠎ᠠ ᠵᠧᠤ ᠶᠦᠩ ᠴᠢᠶᠠᠩ᠂ ᠺᠠᠩ ᠷᠦᠢ ᠵᠢᠴᠢ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃      8 ᠰᠠᠷ᠎ᠠ ᠶᠢᠨ 27 ᠤ ᠡᠳᠦᠷ᠂ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠬᠦᠨ ︽ᠤᠨᠴᠠᠯᠢᠬᠳᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ︾ ᠶᠢᠨ ᠪᠠᠶᠢᠳᠠᠯ ᠤᠨ ᠲᠤᠬᠠᠶ ᠦᠤᠰᠢᠨ ᠬᠤᠰᠢᠭᠤᠨ ᠳᠤ ᠢᠷᠡᠵᠤ ᠬᠠᠮᠲᠤ ᠪᠠᠷ ᠰᠢᠨᠵᠢᠯᠡᠨ ᠪᠠᠶᠢᠴᠠᠭᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠣ᠋ ᠵᠥᠩ ᠱᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠬᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠳ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠤᠳᠤᠷᠢᠳᠤᠯᠭ᠎ᠠ ᠰᠢᠨ᠎ᠡ᠂ ᠬᠤᠤ ᠸᠧᠶ᠂ ᠵᠧᠤ ᠶᠦᠩ ᠴᠢᠶᠠᠩ᠂ ᠬᠠᠨ ᠹᠸᠢ᠂ ᠤᠶᠤᠨᠪᠢᠯᠢᠭ᠌᠂ ᠭᠤᠤ ᠴᠢᠶᠠᠩ ᠶᠢᠩ᠂ ᠰᠢᠶᠧ ᠰᠢᠶᠤᠤ ᠵᠢᠶᠦ᠋ᠨ ᠰᠢᠨᠵᠢᠯᠡᠨ ᠪᠠᠶᠢᠴᠠᠭᠠᠯᠲᠠ ᠳᠤ ᠣᠷᠣᠯᠴᠠᠭᠰᠠᠨ ᠪᠠᠶᠢᠨ᠎ᠠ᠃      8 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 14 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠠᠶᠢᠨ᠎ᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 8 ᠰᠠᠷ᠎ᠠ ᠶᠢᠨ 23 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠳᠠᠷᠤᠮᠠᠯᠯᠠᠨ ᠳᠠᠷᠬᠠᠭᠠᠭᠰᠠᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠳᠦᠷᠢᠮ︾ ᠢ ᠰᠤᠳᠤᠯᠤᠨ ᠬᠢᠨᠠᠨ ᠵᠥᠪᠯᠡᠵᠦ᠂ ᠦᠦᠰᠢᠨ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠬᠦ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃      8 ᠰᠠᠷ᠎ᠠ ᠶᠢᠨ 30 ᠤ ᠡᠳᠦᠷ᠂ ᠣᠷᠳᠣᠰ ᠲᠠᠬᠢ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠣᠯᠳᠠᠯᠭᠠᠲᠤ ᠤᠷᠤᠨ ᠤ ᠪᠥᠲᠥᠭᠡᠨ ᠪᠠᠶᠢᠭᠤᠯᠤᠯᠲᠠ ᠶᠢ ᠦᠨᠡᠯᠡᠨ ᠵᠢᠱᠢᠬᠦ ᠵᠢᠴᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠤᠳᠤᠯᠤᠨ ᠶᠠᠷᠢᠯᠴᠠᠬᠤ ᠬᠤᠷᠠᠯ ᠮᠠᠨ ᠤ ᠬᠤᠰᠢᠭᠤᠨ ᠤ ᠰᠣᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠳᠤ ᠬᠤᠷᠠᠯᠳᠤᠪᠠ᠃ ᠳᠤᠮᠳᠠᠳᠤ ᠤᠯᠤᠰ ᠤᠨ ᠤᠶᠤᠨᠴᠢ ᠡᠨᠧᠷᠭᠢ ᠶᠢᠨ ᠠᠵᠤ ᠦᠢᠯᠡᠰ ᠤᠨ ᠬᠤᠯᠪᠣᠭ᠎ᠠ᠂ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠤᠯᠠᠨ ᠤᠯᠤᠰ ᠤᠨ ᠢᠨᠵᠧᠨᠧᠷᠢᠩ ᠤᠨ ᠯᠠᠪᠯᠠᠯᠲᠠ ᠶᠢᠨ ᠬᠢᠵᠠᠭᠠᠷᠲᠤ ᠺᠣᠮᠫᠠᠨᠢ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠶᠢᠨ 20 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠳ ᠴᠤᠭᠯᠠᠷᠠᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠪᠤᠳᠤᠯᠭ᠎ᠠ ᠪᠠᠨ ᠲᠡᠪᠰᠢᠬᠦᠯᠪᠡ᠃ ᠵᠦᠩ ᠮᠸᠢ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ᠂ ᠪᠦᠦ ᠹᠧᠩ᠂ ᠬᠤᠢ ᠨᠧᠩ᠂ ᠬᠤᠩ ᠶᠤᠸᠠᠨ ᠬᠤᠤ ᠰᠢᠨ᠂ ᠬᠤᠤ ᠲᠦᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠢᠯ ᠲᠦᠷᠦᠯ ᠤᠨ 100 ᠭᠠᠷᠤᠢ ᠠᠵᠤ ᠠᠬᠤᠶᠢᠯᠠᠯ ᠤᠨ ᠲᠦᠯᠦᠭᠡᠯᠡᠭᠴᠢᠳ ᠬᠤᠷᠠᠯ ᠳᠤ ᠣᠷᠣᠯᠴᠠᠭᠰᠠᠨ ᠪᠠᠶᠢᠨ᠎ᠠ᠃      8 ᠰᠠᠷ᠎ᠠ ᠶᠢᠨ 31 ᠤ ᠡᠳᠦᠷ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠶᠠᠰᠤ ᠴᠢᠨᠠᠷ ᠤᠨ ᠠᠵᠤ ᠠᠬᠤᠶᠢᠯᠠᠯ ᠢ ᠬᠦᠴᠦᠷᠬᠡᠭᠵᠢᠭᠦᠯᠬᠦ ᠬᠡᠯᠬᠢᠶ᠎ᠡ ᠶᠢ ᠬᠦᠴᠦᠷᠬᠡᠭᠵᠢᠭᠦᠯᠬᠦ ᠰᠢᠶᠠᠨ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠪᠤᠭᠤᠲᠤ ᠬᠤᠲᠠ ᠳᠤ ᠬᠤᠷᠠᠯᠳᠤᠪᠠ᠃ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠮᠠ ᠶᠠ ᠳ᠋ᠦᠩ ᠣᠨᠴᠠ ᠤᠷᠢᠭᠰᠠᠨ ᠲᠥᠯᠥᠭᠡᠯᠡᠭᠴᠢ ᠶᠢᠨ ᠬᠤᠪᠢ ᠪᠠᠷ ᠨᠡᠶᠢᠲᠡᠯᠢᠭ ᠶᠠᠷᠢᠶ᠎ᠠ ᠲᠠᠯᠪᠢᠪᠠ᠃
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ