ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠶᠡᠭᠡ ᠠᠵᠢᠯ ᠶᠠᠪᠤᠳᠠᠯ ᠤᠨ ᠲᠡᠮᠲᠡᠭᠯᠡᠯ —  ᠶᠢᠰᠦᠳᠦᠭᠡᠷ ᠰᠠᠷ᠎ᠠ
ᠨᠡᠶᠢᠲᠡᠯᠡᠭᠰᠡᠨ ᠴᠠᠭ᠄
2024/12/4
      9 ᠰᠠᠷ᠎ᠠ ᠶᠢᠨ 1 ᠤ ᠡᠳᠦᠷ᠂ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠴᠠᠩ ᠫᠢᠩ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠴᠠᠩ ᠪᠦᠦ ᠭᠦᠸᠧ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠶᠤᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠢᠦᠶ ᠹᠧᠩ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ  ᠤ ᠳᠠᠷᠤᠭ᠎ᠠ ᠴᠠᠩ ᠢᠦᠶ ᠵᠢᠶᠦ᠋ᠨ ᠵᠡᠷᠭᠡ ᠨᠥᠬᠦᠳ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠤᠯᠤᠰ ᠤᠨ ᠳᠣᠲᠣᠭᠠᠳᠤ ᠶᠢᠨ ᠬᠠᠮᠲᠤᠷᠠᠯᠴᠠᠭᠠᠨ ᠤ ᠭᠠᠵᠠᠷ ᠤᠨ ᠳᠠᠷᠤᠭ᠎ᠠ ᠯᠢᠦ ᠵᠢᠶᠠᠨ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃      9 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠴᠢᠯᠠᠭᠤ᠂ ᠮᠠᠰᠢᠪᠢᠯᠢᠭ᠌᠂ ᠹᠠᠨ ᠴᠦᠨ ᠬᠤᠶ᠂ ᠱᠠ ᠵᠢᠶᠠᠨ ᠣᠷᠣᠯᠴᠠᠵᠠᠶ᠃       9 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠨ᠎ᠡ ᠤᠷᠢᠳ ᠬᠤᠵᠢᠳ ᠤᠯᠠᠭᠠᠨᠲᠣᠯᠣᠭᠠᠢ ᠪᠠᠯᠭᠠᠰᠤᠨ ᠤ ᠳᠠᠪᠰᠢᠯᠲᠠ ᠲᠣᠰᠬᠤᠨ ᠤ ᠪᠣᠬᠢᠷᠲᠤᠯ ᠥᠬᠡᠶ ᠠᠷᠢᠭᠤᠨ ᠴᠡᠪᠡᠷ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠪᠠᠶᠠᠨᠭᠤᠤᠯ ᠨᠡᠭᠦᠷᠡᠰᠦᠨ ᠠᠭᠤᠷᠬᠠᠶ ᠶᠢᠨ ᠲᠦᠷ ᠴᠠᠭ ᠤᠨ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ᠂ ᠰᠦᠯᠳᠡ ᠰᠤᠮᠤᠨ ᠤ ᠲᠣᠯᠢ ᠭᠠᠴᠠᠭ᠎ᠠ᠂ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠱᠠᠷᠯᠢᠭ ᠨᠡᠶᠢᠭᠡᠮ ᠲᠣᠭᠤᠷᠢᠭ ᠲᠤ ᠬᠦᠷᠴᠦ᠂ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠶ ᠰᠣᠨᠣᠰᠴᠤ᠂ ᠠᠭᠤᠷᠬᠠᠶ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠵᠠᠮ ᠢ ᠥᠭᠡᠷᠡᠴᠢᠯᠡᠨ ᠵᠠᠰᠠᠬᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ᠂ ᠨᠠᠰᠤᠵᠢᠯ ᠤᠨ ᠠᠰᠠᠷᠠᠮᠵᠢ ᠶᠢᠨ ᠳᠤᠯᠠᠭᠠᠯᠠᠭ᠎ᠠ ᠬᠠᠩᠭᠠᠬᠤ ᠵᠡᠷᠭᠡ ᠲᠠᠯ᠎ᠠ ᠶᠢᠨ ᠬᠠᠮᠢᠶ᠎ᠠ ᠪᠥᠬᠦᠶ ᠵᠦᠢᠯᠡᠰ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      9 ᠰᠠᠷ᠎ᠠ ᠶᠢᠨ 4 ᠤ ᠡᠳᠦᠷ᠂ ᠦᠦᠰᠢᠨ ᠬᠤᠰᠢᠭᠤᠨ ᠤ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ︾ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠦᠤᠰᠢᠨ ᠬᠤᠰᠢᠭᠤᠨ ᠤ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ︾ ᠪᠠᠶᠢᠳᠠᠯ ᠢ ᠮᠡᠳᠡᠭᠳᠡᠬᠦ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      9 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤ ᠤᠳᠤᠷᠢᠳᠤᠯᠭ᠎ᠠ ᠱᠠ ᠵᠢᠶᠠᠨ᠂ ᠤᠯᠠᠭᠠᠨᠪᠠᠭᠠᠲᠤᠷ ᠣᠷᠣᠯᠴᠠᠵᠠᠶ᠃ ᠰᠢᠨ᠎ᠡ ᠨᠠᠷ ᠤᠷᠢᠳ ᠬᠤᠵᠢᠳ ᠰᠦᠯᠳᠡ ᠰᠤᠮᠤᠨ ᠤ ᠡᠯᠪᠡᠭ ᠲᠡᠵᠢᠭᠡᠨ ᠦᠷᠡᠵᠢᠭᠦᠯᠬᠦ ᠺᠣᠮᠫᠠᠨᠢ᠂ ᠭᠠᠯᠠᠭᠤᠲᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ᠂ ᠤᠯᠠᠭᠠᠨᠲᠣᠯᠣᠭᠠᠢ ᠪᠠᠯᠭᠠᠰᠤᠨ ᠤ ᠱᠧᠩ ᠶᠤᠸᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ᠂ ᠲᠤᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠭᠠᠷᠤ ᠶᠢᠨ ᠲᠠᠯᠠᠪᠠᠢ᠂ ᠵᠦᠩ ᠮᠧᠢ ᠪᠦᠯᠦᠭᠯᠡᠯ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠢᠴᠢ ᠪᠣᠬᠢᠷ ᠤᠰᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃      9 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠭᠠᠵᠠᠷ ᠵᠦᠢ ᠶᠢᠨ ᠪᠡᠯᠭᠡ ᠲᠡᠮᠳᠡᠭᠲᠤ ᠠᠵᠤ ᠦᠢᠯᠡᠰ ᠤᠨ  ᠨᠡᠶᠢᠬᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠷᠳᠣᠰ ᠬᠤᠲᠠ ᠶᠢᠨ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠭᠠᠵᠠᠷ ᠵᠦᠢ ᠶᠢᠨ ᠪᠡᠯᠭᠡ ᠲᠡᠮᠳᠡᠭᠲᠤ ᠠᠵᠤ ᠦᠢᠯᠡᠰ ᠤᠨ  ᠨᠡᠶᠢᠬᠡᠮᠯᠢᠭ ᠤᠨ ᠦᠦᠰᠢᠨ ᠬᠤᠰᠢᠭᠤᠨ ᠳᠠᠬᠢ ᠬᠡᠷᠡᠭ ᠡᠷᠬᠢᠯᠡᠬᠦ ᠭᠠᠵᠠᠷ᠂ ᠦᠦᠰᠢᠨ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠵᠡᠷᠭᠡ ᠠᠴᠠ ᠳᠠᠭᠠᠭᠠᠴᠢᠯᠠᠨ ᠡᠷᠬᠢᠯᠡᠭᠰᠡᠨ ︽ᠨᠤᠮᠢᠨ ᠲᠠᠩᠰᠤᠭ ᠦᠦᠰᠢᠨ ᠤ ᠪᠠᠶᠢᠭᠠᠯᠢᠯᠢᠭ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ︾ ᠢ ᠤᠬᠠᠭᠤᠯᠤᠨ ᠲᠠᠨᠢᠯᠴᠠᠭᠤᠯᠬᠤ ᠬᠤᠷᠠᠯ ᠪᠡᠭᠡᠵᠢᠩ ᠤᠨ ᠶᠤᠸᠠᠨ ᠪᠦᠸᠧ ᠶᠤᠸᠠᠨ ᠳᠤ ᠶᠠᠪᠤᠭᠳᠠᠪᠠ᠃      9 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠰᠤᠷᠭᠠᠨ ᠬᠥᠮᠦᠵᠢᠯ ᠤᠨ ᠠᠵᠢᠯᠲᠠᠨ ᠪᠠ ᠨᠢᠭᠡᠳᠦᠭᠡᠷ ᠹᠷᠣᠨᠲ ᠤᠨ ᠪᠠᠭᠰᠢ ᠶᠢᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃      9 ᠰᠠᠷ᠎ᠠ ᠶᠢᠨ 10 ᠤ ᠡᠳᠦᠷ᠂ ︽ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠰᠤᠷᠭᠠᠨ ᠬᠦᠮᠦᠵᠢᠯᠲᠡᠨ ᠤ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠤᠶ᠎ᠠ︾ ᠦᠦᠰᠢᠨ ᠬᠤᠰᠢᠭᠤᠨ ᠤ 40 ᠳᠠᠬᠢ ᠪᠠᠭᠰᠢ ᠶᠢᠨ ᠪᠠᠶᠠᠷ ᠢ ᠪᠡᠯᠭᠡᠯᠡᠬᠦ ᠪᠠᠭᠰᠢ ᠠᠵᠢᠯᠲᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠰᠢᠷᠬᠤᠰᠤ ᠵᠦᠴᠦᠭᠡ ᠶᠢᠨ ᠬᠦᠷᠢᠶᠡᠯᠡᠩ ᠳᠤ ᠶᠠᠪᠤᠭᠳᠠᠪᠠ᠃      9 ᠰᠠᠷ᠎ᠠ ᠶᠢᠨ 10 ᠤ ᠡᠳᠦᠷ᠂ ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠣᠷᠳᠣᠰ ᠬᠤᠲᠠ ᠶᠢᠨ ᠱᠠᠨ ᠵᠢᠶᠠᠩ ᠡᠨᠧᠷᠭᠢ ᠶᠢᠨ ᠬᠢᠵᠠᠭᠠᠷᠲᠤ ᠺᠣᠮᠫᠠᠨᠢ ᠳᠤ ᠦᠦᠰᠢᠨ ᠬᠤᠰᠢᠭᠤᠨ ᠤ ᠲᠤᠭ ᠪᠠᠯᠭᠠᠰᠤᠨ ᠤ 1 ᠳ᠋ᠤᠭᠡᠷ ᠨᠣᠮᠧᠷᠲᠦ ᠲᠣᠭᠤᠷᠢᠭ ᠤᠨ ᠪᠠᠷᠢᠯᠭ᠎ᠠ ᠶᠢᠨ ᠬᠠᠶᠢᠷ ᠤᠨ ᠠᠭᠤᠷᠬᠠᠢ ᠶᠢᠨ ᠠᠭᠤᠷᠬᠠᠢ ᠮᠠᠯᠲᠠᠬᠤ ᠵᠦᠪᠰᠢᠶᠡᠷᠡᠯ ᠤᠨ ᠦᠨᠡᠮᠯᠡᠯ ᠢ ᠣᠯᠭᠤᠪᠠ᠃ ᠲᠣᠰ ᠤᠳᠠᠭᠠᠨ ᠤ ᠦᠨᠡᠮᠯᠡᠯ ᠤᠯᠭᠤᠭᠰᠠᠨ ᠨᠢ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ᠂ ᠴᠢᠯᠠᠭᠤ᠂ ᠰᠢᠪᠠᠷ ᠰᠢᠷᠤᠢ ᠶᠢᠨ ᠲᠥᠷᠥᠯ ᠤᠨ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠵᠦᠢᠯᠡᠰ ᠢ ᠬᠤᠰᠢᠭᠤ ᠰᠢᠶᠠᠨ ᠳᠤ ᠪᠠᠭᠤᠯᠭᠠᠭᠰᠠᠨ ᠤ ᠳᠠᠷᠠᠭ᠎ᠠ᠂ ᠮᠠᠨ ᠤ ᠬᠤᠰᠢᠭᠤ ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠨ ᠬᠤᠳᠠᠯᠳᠤᠬᠤ ᠠᠴᠠ ᠳᠡᠩᠰᠡᠯᠡᠨ ᠬᠢᠨᠠᠨ ᠵᠥᠪᠰᠢᠶᠡᠷᠡᠬᠦ ᠬᠦᠷᠲᠡᠯᠡᠬᠢ ᠪᠥᠬᠦ ᠶᠠᠪᠤᠴᠠ ᠶᠢ ᠪᠡᠶ᠎ᠡ ᠪᠠᠨ ᠳᠠᠭᠠᠭᠠᠨ ᠪᠡᠶᠡᠯᠡᠬᠦᠯᠵᠤ ᠦᠨᠡᠮᠯᠡᠯ ᠣᠯᠭᠤᠭᠰᠠᠨ ᠶᠠᠪᠤᠳᠠᠯ ᠪᠤᠯᠤᠨ᠎ᠠ᠃      9 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠰᠣᠶᠣᠯ ᠵᠢᠭᠤᠯᠴᠢᠯᠠᠯ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃ ᠰᠢᠨ᠎ᠡ ᠨᠠᠷ ᠤᠷᠢᠳ ᠬᠤᠵᠢᠳ ᠢᠦᠢ ᠶᠠᠩ ᠲᠣᠭᠤᠷᠢᠭ ᠤᠨ ᠡᠮᠡᠭᠲᠡᠶᠢᠴᠦᠳ ᠤᠨ ᠡᠷᠦᠬᠡ ᠶᠢᠨ ᠴᠡᠷᠢᠭ ᠤᠨ ᠡᠯᠡᠰᠦ ᠶᠢ ᠵᠠᠰᠠᠬᠤ ᠰᠤᠮᠤ᠂ ᠵᠢᠩᠪᠢᠶᠠᠨ ᠰᠢᠶᠠᠨ ᠤ  ᠲᠦᠮᠡᠨ ᠬᠤᠲᠠ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠰᠢᠷᠬᠤᠰᠤᠨ ᠪᠠᠯᠭᠠᠰᠤᠨ ᠤ ᠱᠢ ᠯᠢ ᠯᠢᠶᠠᠩ ᠤᠨ ᠣᠩᠭᠤᠨ ᠤ ᠰᠦᠷᠦᠭᠯᠡᠯ᠂ ᠰᠠᠨ ᠴᠠ ᠾᠧ ᠭᠤᠣᠯ ᠤᠨ ᠡᠷᠲᠡᠨ ᠤ ᠬᠤᠳᠠ ᠶᠢᠨ ᠪᠠᠭᠤᠷᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠰᠣᠶᠣᠯ ᠵᠢᠭᠤᠯᠴᠢᠯᠠᠯ ᠤᠨ ᠡᠵᠡᠩᠨᠡᠯᠲᠡ ᠬᠠᠮᠢᠶᠠᠷᠤᠯᠲᠠ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      9 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠺᠣᠮᠫᠠᠨᠢ ᠶᠢᠨ ᠬᠥᠭᠵᠢᠯᠲᠡ ᠶᠢᠨ ᠲᠥᠯᠥᠪᠯᠡᠭᠡ ᠶᠢᠨ ᠬᠡᠯᠲᠡᠰ ᠤᠨ ᠬᠢᠮᠢ ᠶᠢᠨ ᠠᠵᠤ ᠦᠢᠯᠡᠳᠪᠦᠷᠢ ᠶᠢᠨ ᠲᠥᠯᠥᠪᠵᠢᠭᠦᠯᠭᠡ ᠶᠢᠨ ᠲᠠᠰᠤᠭ ᠤᠨ ᠳᠠᠭᠠᠭᠠᠮᠠᠯ ᠯᠢᠦ ᡂᠢ ᠨᠠᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠱᠠᠩᠬᠠᠢ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ 3 ᠲᠦᠮᠡᠨ ᠲᠣᠨ ᠨᠡᠭᠦᠷᠡᠰᠦᠲᠥ᠋ᠷᠥᠭᠴᠢ ᠶᠢᠨ ᠰᠢᠷᠬᠡᠭ ᠤᠨ ᠲᠥᠷᠥᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠬᠤᠰᠢᠭᠤ ᠤᠳᠤᠷᠢᠳᠤᠯᠭ᠎ᠠ ᠵᠧᠤ ᠶᠦᠩ ᠴᠢᠶᠠᠩ᠂ ᠸᠠᠩ ᠮᠧᠩ᠂ ᠤᠯᠠᠭᠠᠨᠪᠠᠭᠠᠲᠤᠷ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃      9 ᠰᠠᠷ᠎ᠠ ᠶᠢᠨ 12 ᠤᠨ ᠡᠳᠦᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠪᠣᠯᠪᠠᠰᠤᠨ ᠦᠦᠰᠢᠨ ᠤ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ ᠪᠦᠲᠦᠭᠡᠯᠭᠡ ᠶᠢᠨ ᠦᠵᠡᠰᠬᠦᠯᠡᠩ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠠᠨ ᠴᠦᠨ ᠬᠤᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃      9 ᠰᠠᠷ᠎ᠠ ᠶᠢᠨ 13 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠦᠭᠡ ᠬᠡᠯᠡ ᠥᠰᠥᠭ ᠪᠢᠴᠢᠭ ᠤᠨ ᠵᠥᠪᠯᠡᠯ ᠤᠨ ᠠᠯᠪᠠᠨ ᠬᠡᠷ ᠠᠴᠠ ᠬᠠᠮᠲᠤᠷᠠᠨ ᠡᠷᠭᠢᠯᠡᠭᠰᠡᠨ 27 ᠳ᠋ᠤᠭᠠᠷ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠦᠤᠰᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃      9 ᠰᠠᠷ᠎ᠠ ᠶᠢᠨ 14 ᠤ ᠡᠳᠤᠷ᠂ ᠦᠦᠰᠢᠨ ᠬᠤᠰᠢᠭᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠵᠢᠴᠢ 2024 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠭᠠᠯᠠᠭᠤᠲᠤ ᠰᠤᠷᠭᠠᠭᠤᠯᠢ ᠳᠤ ᠡᠬᠢᠯᠡᠪᠡ᠃ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠶᠤᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠠᠨ ᠴᠦᠨ ᠬᠤᠶ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      9 ᠰᠠᠷ᠎ᠠ ᠶᠢᠨ 20 ᠤ ᠡᠳᠦᠷ᠂ ︽ᠣᠷᠳᠣᠰ ᠤᠨ ᠰᠣᠶᠣᠯ ᠤᠨ ᠠᠶᠠᠯᠠᠯ — 2024 ᠴᠦᠩᠴᠢᠩ ᠳᠠᠬᠢ ᠠᠵᠢᠯᠯᠠᠭᠠᠨ ᠤ ᠭᠠᠷᠠᠭ︾ ᠴᠦᠩᠴᠢᠩ ᠬᠤᠲᠠ ᠶᠢᠨ ᠵᠢᠦ ᠯᠦᠩ ᠫᠦᠸᠧ ᠲᠣᠭᠤᠷᠢᠭ ᠤᠨ ᠶᠠᠩ ᠵᠢᠶᠠ ᠫᠢᠩ ᠶᠠᠪᠠᠭᠠᠨ ᠵᠡᠭᠡᠯᠢ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠳᠤ ᠲᠦᠰᠢᠭᠯᠡᠨ᠂ ᠦᠤᠰᠢᠨ ᠬᠤᠰᠢᠭᠤ 9 ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ 4 ᠲᠠᠯᠠᠪᠤᠷ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠥᠪᠡᠷᠮᠢᠴᠡ ᠣᠨᠴᠠᠯᠢᠭ ᠲᠠᠢ ᠰᠣᠶᠣᠯ ᠤᠨ ᠷᠢᠳᠢ ᠰᠢᠳᠢ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠥᠷᠨᠢᠭᠦᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠠᠭᠤᠯᠠᠨ ᠬᠤᠲᠠ ᠴᠦᠩᠴᠢᠩ ᠳᠤ ᠳᠡᠯᠭᠡᠨ ᠦᠵᠡᠭᠦᠯᠵᠡᠶ᠃      9 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠰᠢᠦ᠋ᠩ ᠠᠨ ᠬᠤᠸᠠ ᠨᠢᠦ ᠠᠮᠢᠳᠤ ᠪᠣᠳᠠᠰ ᠤᠨ ᠭᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠱᠤ᠋ ᠶᠦᠨ ᠨᠠᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠰᠢᠭᠤ ᠤᠳᠤᠷᠢᠳᠤᠯᠭ᠎ᠠ ᠠᠯᠲᠠᠨᠴᠢᠯᠠᠭᠤ᠂ ᠱᠠ ᠵᠢᠶᠠᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠵᠠᠶ᠃      9 ᠰᠠᠷ᠎ᠠ ᠶᠢᠨ 21 ᠤ ᠡᠳᠦᠷ᠂ ᠠᠩᠬᠠᠳᠠᠭᠴᠢ ᠲᠠᠯᠠᠪᠤᠷ ︽ᠤᠯᠠᠭᠠᠨᠮᠦ᠋ᠴᠢᠷ ᠳᠤᠮᠳᠠᠳᠤ ᠹᠢᠯᠢᠫᠢᠨ ᠤ ᠰᠣᠶᠣᠯ ᠢᠷᠭᠡᠨᠰᠢᠯ ᠤᠨ ᠥᠷᠲᠡᠭᠡᠨ ᠳᠤ ᠣᠷᠣᠬᠤ︾ ᠲᠤᠭᠯᠠᠯᠲᠠ ᠠᠮᠵᠢᠯᠲᠠ ᠤᠯᠤᠭᠰᠠᠨ ᠬᠠᠯᠠᠭᠤᠨ ᠠᠭᠤᠷ ᠠᠮᠢᠰᠬᠤᠯ ᠤᠨ ᠳᠣᠣᠷ᠎ᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠰᠣᠶᠣᠯ ᠤᠨ ᠰᠣᠯᠢᠯᠴᠠᠭᠠᠨ ᠤ ᠪᠦᠯᠬᠦᠮ ᠳᠠᠷᠤᠢ ᠳᠤ ᠨᠢ ᠹᠢᠯᠢᠫᠢᠨ ᠤ ᠮᠠᠺᠠᠲ ᠬᠤᠲᠠ ᠶᠢᠨ Ayala ᠬᠤᠳᠠᠯᠳᠤᠭᠠᠨ ᠤ ᠲᠠᠯᠠᠪᠠᠢ ᠪᠣᠯᠤᠨ ᠲᠠᠵᠢᠺ ᠬᠤᠲᠠ ᠶᠢᠨ BGC —SM ᠬᠤᠳᠠᠯᠳᠤᠭᠠᠨ ᠤ ᠲᠠᠯᠠᠪᠠᠢ ᠳᠤ ᠵᠠᠯᠭᠠᠭ᠎ᠠ ᠪᠠᠷ ᠬᠤᠶᠠᠷ ᠲᠠᠯᠠᠪᠤᠷ ᠭᠤᠶᠢᠳᠠ ᠰᠠᠶᠢᠬᠠᠨ ᠠᠵᠢᠯᠯᠠᠭ᠎ᠠ ᠡᠷᠬᠢᠯᠡᠵᠦ᠂  ᠦᠦᠰᠢᠨ ᠬᠤᠰᠢᠭᠤᠨ ᠤ ᠤᠯᠠᠭᠠᠨᠮᠦ᠋ᠴᠢᠷ ᠲᠤᠭᠯᠠᠯᠲᠠ ᠳᠤ ᠣᠷᠣᠯᠴᠠᠪᠠ᠃      9 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠨᠰᠦ᠂ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠭᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠭᠡᠷᠡᠴᠢ ᠦᠨᠡᠮᠯᠡᠯ ᠢᠶᠠᠨ ᠭᠦᠢᠴᠡᠳᠬᠡᠬᠦ ᠳᠤ ᠬᠦᠴᠢᠷ ᠪᠠᠶᠢᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ᠂ ᠪᠦᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ᠂ ᠪᠥᠬᠦ ᠬᠤᠰᠢᠭᠤᠨ ᠤ ︽ᠭᠤᠷᠪᠠ ᠶᠢ ᠪᠠᠲᠤᠯᠠᠬᠤ︾ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠪᠤᠰᠤᠳ ᠤᠴᠢᠷ ᠶᠠᠪᠤᠳᠠᠯ ᠢ ᠰᠤᠳᠤᠯᠤᠭᠰᠠᠨ ᠪᠠᠶᠢᠨ᠎ᠠ᠃      9 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠪᠥᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ ᠳᠡᠳ᠋ ᠶᠡᠷᠦᠩᠬᠡᠶ ᠳᠠᠭᠠᠭᠠᠮᠠᠯ ᠰᠥᠩ ᠼᠥᠩ ᠶᠤᠸᠠᠢ ᠨᠠᠷ ᠪᠣᠯᠣᠨ ᠬᠤᠰᠢᠭᠤ ᠤᠳᠤᠷᠢᠳᠤᠯᠭ᠎ᠠ ᠠᠯᠲᠠᠨᠴᠢᠯᠠᠭᠤ᠂ ᠱᠠ ᠵᠢᠶᠠᠨ᠂ ᠸᠠᠩ ᠮᠧᠩ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠣᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶ᠎ᠠ ᠪᠥᠬᠦᠶ ᠳᠤᠲᠤᠭᠠᠳᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃ ᠬᠤᠷᠠᠯ ᠠᠴᠠ ᠴᠠᠬᠢᠯᠭᠠᠨ ᠬᠦᠴᠦᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ ᠵᠢᠴᠢ ᠬᠡᠷᠡᠭᠵᠢᠭᠦᠯᠬᠦ ᠶᠠᠪᠤᠴᠠ ᠳᠠᠬᠢ ᠵᠠᠰᠠᠭ ᠤᠨ ᠣᠷᠳᠣᠨ ᠤ ᠲᠠᠯ᠎ᠠ ᠠᠴᠠ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠰᠣᠨᠣᠰᠴᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠣᠯᠤᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ ᠲᠤᠰ ᠲᠤᠰ ᠤᠨ ᠰᠠᠨᠠᠯ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃      9 ᠰᠠᠷ᠎ᠠ ᠶᠢᠨ 27 ᠤ ᠡᠳᠦᠷ᠂ ᠦᠦᠰᠢᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ 2024 ᠣᠨ ᠤ ᠦᠦᠰᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠳᠤᠯᠠᠭᠠᠨ ᠬᠤᠲᠠ ᠶᠢᠨ ᠴᠢᠳᠠᠪᠤᠷᠢᠲᠠᠨ ᠤ ᠭᠠᠷᠠᠭ︾ ᠤᠨ ᠰᠢᠷᠢᠰ ᠠᠵᠢᠯᠯᠠᠭ᠎ᠠ — ᠦᠦᠰᠢᠨ ᠬᠤᠰᠢᠭᠤᠨ ᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠣᠯᠪᠠᠰᠤᠷᠠᠯ ᠤᠨ ᠠᠩᠭᠢ ᠶᠢ ᠡᠷᠬᠢᠯᠡᠵᠤ᠂ ᠪᠥᠬᠦ ᠬᠤᠰᠢᠭᠤᠨ ᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯᠪᠠᠰᠤᠷᠠᠯ ᠳᠤ ᠣᠷᠣᠯᠴᠠᠪᠠ᠃      9 ᠰᠠᠷ᠎ᠠ ᠶᠢᠨ 27 ᠤ ᠡᠳᠦᠷ᠂ ᠤᠷᠳᠤᠰ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶ᠎ᠠ ᠨᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠦᠤᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶ᠎ᠡ ᠲᠠᠢ ᠬᠤᠯᠪᠤᠭᠠᠯᠠᠨ ᠦᠤᠰᠢᠨ ᠬᠤᠰᠢᠭᠤᠨ ᠳᠤ 2024 ᠤᠨ ᠤ ᠭᠠᠵᠠᠷ ᠬᠦᠳᠡᠯᠤᠯᠳᠠ ᠲᠠᠢ ᠲᠡᠮᠡᠴᠡᠵᠤ ᠭᠠᠮᠰᠢᠭ ᠠᠴᠠ ᠠᠪᠤᠷᠠᠬᠤ ᠵᠢᠴᠢ ᠠᠶᠤᠯᠬᠦᠢ ᠦᠢᠯᠡᠳᠪᠤᠷᠢᠯᠡᠯ ᠤᠨ ᠶᠡᠷᠤᠩᠬᠡᠶᠢᠯᠡᠭᠰᠡᠨ ᠰᠤᠷᠢᠯᠳᠠ ᠬᠢᠵᠠᠢ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ ᠳᠡᠳ᠋ ᠲᠣᠪᠴᠢᠶᠠᠨ ᠳᠠᠷᠤᠭ᠎ᠠ ᠴᠢ᠊ ᠠᠭᠤᠯᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠮᠠ ᠶᠠ ᠳ᠋ᠦᠩ ᠰᠣᠷᠢᠯᠲᠠ ᠳᠤ ᠣᠷᠣᠯᠴᠠᠪᠠ᠃      9 ᠰᠠᠷ᠎ᠠ ᠶᠢᠨ 27 ᠤ ᠡᠳᠦᠷ᠂ ︽ᠪᠢ ᠡᠬᠡ ᠤᠯᠤᠰ ᠲᠠᠢ ᠪᠠᠨ︾ ᠦᠤᠰᠢᠨ ᠬᠤᠰᠢᠭᠤᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠮᠣᠷᠢᠨ ᠬᠤᠭᠤᠷ ᠤᠨ ᠨᠠᠶᠢᠷᠠᠯ ᠬᠥᠭᠵᠢᠮ ᠤᠨ ᠲᠤᠰᠬᠠᠢ ᠲᠠᠯᠠᠪᠠᠢ ᠳᠠᠭᠤᠤ ᠬᠥᠭᠵᠢᠮ ᠤᠨ ᠦᠳᠡᠰᠢᠯᠡᠭᠡ ᠦᠤᠰᠢᠨ ᠬᠤᠰᠢᠭᠤᠨ ᠤ ᠠᠷᠠᠳ ᠤᠨ ᠠᠭᠤᠳᠠᠮ ᠲᠠᠯᠠᠪᠠᠢ ᠪᠣᠯᠤᠨ  ᠰᠢᠷᠬᠤᠰᠤ ᠶᠡᠭᠡ ᠲᠢᠶᠠᠲᠷ ᠲᠤ ᠶᠠᠪᠤᠭᠳᠠᠪᠠ᠃      9 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠠᠯᠲᠠᠨᠴᠢᠯᠠᠭᠤ᠂ ᠮᠠᠰᠢᠪᠢᠯᠢᠭ᠌ ᠂ ᠺᠠᠩ ᠷᠦᠢ᠂ ᠴᠠᠩ ᠢᠦᠶ ᠵᠢᠶᠦ᠋ᠨ᠂ ᠹᠠᠨ ᠴᠦᠨ ᠬᠤᠶ᠂ ᠱᠠ ᠵᠢᠶᠠᠨ᠂ ᠸᠠᠩ ᠮᠧᠩ᠂ ᠭᠤᠤ ᠴᠢᠶᠠᠩ ᠶᠢᠩ ᠨᠠᠷ ᠬᠤᠷᠠᠯ ᠳᠤ ᠣᠷᠣᠯᠴᠠᠭᠰᠠᠨ ᠪᠠᠶᠢᠨ᠎ᠠ᠃      9 ᠰᠠᠷ᠎ᠠ ᠶᠢᠨ 30 ᠤ ᠡᠳᠦᠷ᠂ ᠦᠦᠰᠢᠨ ᠬᠤᠰᠢᠭᠤ 2024 ᠣᠨ ᠤ ᠤᠯᠤᠰ ᠤᠨ ᠪᠠᠶᠠᠷ ᠤᠨ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠬᠠᠮᠲᠤ ᠪᠠᠷ ᠪᠡᠯᠭᠡᠯᠡᠪᠡ᠃      9 ᠰᠠᠷ᠎ᠠ ᠶᠢᠨ 30 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠷᠬᠤᠰᠤᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠮᠢᠩᠭ᠎ᠠ ᠲᠦᠮᠡ ᠶᠢᠨ ᠢᠨᠵᠧᠨᠧᠷᠢᠩ︾ ᠢ ᠰᠤᠷᠤᠯᠴᠠᠵᠤ ᠡᠯᠪᠡᠭ ᠬᠤᠷᠢᠶᠠᠯᠲᠠ ᠤᠯᠬᠤ ᠦᠤᠰᠢᠨ ᠬᠤᠰᠢᠭᠤᠨ ᠤ 2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠰᠢᠷᠬᠤᠰᠤᠨ ᠪᠠᠯᠭᠠᠰᠤᠨ ᠤ ᠤᠷᠳᠤᠪᠡᠶ᠎ᠡ ᠲᠣᠰᠬᠤᠨ ᠳᠤ ᠶᠠᠪᠤᠭᠳᠠᠪᠠ᠃      9 ᠰᠠᠷ᠎ᠠ ᠶᠢᠨ 30 ᠤ ᠡᠳᠦᠷ᠂ ᠦᠦᠰᠢᠨ ᠬᠤᠰᠢᠭᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠴᠠᠶᠢᠯᠠᠯᠭ᠎ᠠ ᠡᠷᠬᠢᠯᠡᠵᠦ᠂ ᠣᠯᠠᠨ ᠢᠶᠠᠷ ᠢᠶᠠᠨ ᠴᠤᠭᠯᠠᠷᠠᠵᠤ᠂ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠬᠤᠷᠠᠯ ᠡᠷᠭᠢᠯᠡᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠣᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠳᠡᠰ  ᠤᠨ ᠤᠳᠤᠷᠢᠳᠤᠯᠭ᠎ᠠ ᠵᠢᠴᠢ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠣᠷᠣᠯᠴᠠᠪᠠ᠃      9 ᠰᠠᠷ᠎ᠠ ᠶᠢᠨ 30 ᠤ ᠡᠳᠦᠷ᠂ ᠮᠠᠨ ᠤ ᠬᠤᠰᠢᠭᠤ 2024 ᠣᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠶᠢ ᠶᠠᠪᠤᠭᠳᠠᠭᠤᠯᠪᠠ᠃ ᠸᠠᠩ ᠵᠢᠶᠠᠨ᠂ ᠰᠢᠨ᠎ᠡ ᠂ ᠪᠤᠶᠠᠨᠮᠠᠨᠳᠤᠬᠤ᠂ ᠬᠤᠤ ᠸᠧᠢ ᠵᠡᠷᠭᠡ ᠬᠤᠰᠢᠭᠤ ᠤᠳᠤᠷᠢᠳᠤᠯᠭ᠎ᠠ ᠪᠤᠯᠤᠨ ᠨᠡᠶᠢᠬᠡᠮ ᠤᠨ ᠡᠯ᠎ᠡ ᠡᠲᠡᠭᠡᠳ ᠤᠨ ᠬᠢᠨ ᠤ ᠲᠥᠯᠥᠭᠡᠯᠡᠭᠴᠢᠳ ᠬᠠᠮᠲᠤ ᠪᠠᠷ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠳᠤ ᠣᠷᠣᠯᠴᠠᠵᠤ᠂ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠣᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠤᠨ ᠲᠡᠮᠡᠴᠡᠯ ᠤᠨ ᠤᠯᠠ ᠮᠥᠷ ᠢᠶᠠᠷ ᠢᠲᠡᠭᠡᠯ ᠵᠣᠷᠢᠭ ᠢᠶᠠᠨ ᠪᠠᠲᠤᠳᠬᠠᠨ ᠡᠷᠡᠯᠬᠡᠭᠯᠡᠨ ᠤᠷᠤᠭᠰᠢᠯᠠᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠤᠮᠢᠨ ᠲᠠᠩᠰᠤᠭ ᠦᠦᠰᠢᠨ ᠤ ᠰᠢᠨ᠎ᠡ ᠦᠢᠯᠡᠳᠦᠯᠭᠡ ᠶᠢ ᠠᠬᠢᠭᠤᠯᠤᠭᠰᠠᠨ ᠪᠠᠶᠢᠨ᠎ᠠ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ