ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/12/5
                             ᠦᠤᠰᠢᠨ ᠵᠠᠰᠠᠭ ᠠᠯᠪᠠᠨ ᠲᠠᠷᠬᠠᠭᠠᠬᠤ〔2024〕66 ᠳ᠋ᠣᠭᠠᠷ ᠲᠤᠭᠠᠲᠤ                              ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ  ᠶᠢ ᠵᠢᠷᠤᠮᠵᠢᠭᠤᠯᠬᠤ᠂ ᠪᠠᠲᠤᠯᠠᠬᠤ ᠪᠠ ᠲᠡᠭᠦᠨ ᠳᠤ ᠬᠢᠨᠠᠯᠲᠠ ᠲᠠᠯᠪᠢᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠡᠷᠡᠭᠵᠢᠭᠦᠯᠬᠦ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠤᠨ ᠬᠠᠤᠯᠢ ᠶᠣᠰᠣᠴᠢ ᠴᠢᠨᠠᠷ ᠢ ᠬᠢᠨᠠᠨ ᠲᠣᠭᠲᠠᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠵᠤ ᠮᠠᠨ ᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠣᠯᠣᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠬᠤᠪᠢᠷᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠪᠥᠬᠦ ᠲᠠᠯ᠎ᠠ ᠪᠠᠷ ᠡᠮᠬᠢᠯᠡᠨ ᠲᠣᠳᠣᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠨᠤᠲᠠᠯᠠᠭᠤᠯᠤᠭᠠᠳ᠂ ᠳᠣᠣᠷᠠᠬᠢ 52 ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠲᠠᠢ ᠪᠠᠶᠢᠨ᠎ᠠ᠂ ᠡᠳᠦᠭᠡ ᠨᠡᠶᠢᠲᠡᠯᠡᠶ᠎ᠡ᠃       ᠨᠢᠭᠡ᠂ ᠬᠠᠤᠯᠢ ᠬᠡᠷᠡᠭᠵᠢᠭᠦᠯᠬᠦ ᠭᠤᠣᠯ ᠴᠣᠭᠴᠠ       ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ︵33 ᠪᠤᠢ︶       1. ᠦᠦᠰᠢᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ       2. ᠦᠦᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ       3. ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ       4. ᠦᠦᠰᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ      5. ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ       6. ᠦᠦᠰᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ       7. ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ       8. ᠦᠦᠰᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ      9. ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ       10. ᠦᠦᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ      11᠂ ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ       12. ᠦᠦᠰᠢᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ       13. ᠦᠦᠰᠢᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ       14. ᠦᠦᠰᠢᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ       15. ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       16. ᠦᠦᠰᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ       17. ᠦᠦᠰᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ       18. ᠦᠦᠰᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ       19. ᠦᠦᠰᠢᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ       20. ᠦᠦᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ       21. ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ       22. ᠦᠦᠰᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ       23. ᠦᠦᠰᠢᠨ ᠬᠤᠰᠢᠭᠤᠨ ᠤ ᠡᠨᠧᠷᠭᠢ ᠶᠢᠨ ᠲᠣᠪᠴᠢᠶ᠎ᠠ       24. ᠦᠦᠰᠢᠨ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ       25. ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ       26. ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ       27. ᠦᠦᠰᠢᠨ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ ︵ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠲᠤ ᠫᠠᠶᠢᠰᠠ ᠡᠯᠭᠦᠪᠡ︶       28. ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       29. ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       30. ᠦᠦᠰᠢᠨ ᠬᠤᠰᠢᠭᠤᠨ ᠤ ᠰᠦᠯᠳᠡ ᠰᠤᠮᠤᠨ ᠤ ᠠᠷᠠᠳ ᠤᠨ ᠵᠠᠰᠠᠭ ᠤᠨ ᠣᠷᠳᠣᠨ       31. ᠦᠦᠰᠢᠨ ᠬᠤᠰᠢᠭᠤᠨ ᠤ ᠤᠯᠠᠭᠠᠨᠲᠣᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       32. ᠦᠦᠰᠢᠨ ᠬᠤᠰᠢᠭᠤᠨ ᠤ ᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       33. ᠦᠦᠰᠢᠨ ᠬᠤᠰᠢᠭᠤᠨ ᠤ ᠦᠦᠰᠢᠨᠵᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠷᠬᠡ ᠣᠯᠭᠤᠯᠲᠠ ᠶᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ︵7 ᠪᠤᠢ︶       1. ᠦᠦᠰᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ       2. ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠦᠦᠰᠢᠨ ᠬᠤᠰᠢᠭᠤᠨ ᠤ ᠶᠡᠭᠡ ᠠᠩᠭᠢ       3. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠣᠷᠳᠣᠰ ᠤᠨ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ      4. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠦᠰᠢᠨ ᠬᠤᠰᠢᠭᠤᠨ ᠤ ᠭᠠᠶᠢᠯᠢ  ᠶᠢᠨ ᠶᠠᠪᠤᠳᠠᠯ ᠤᠨ ᠲᠤᠪᠴᠢᠶ᠎ᠠ      5. ᠦᠦᠰᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ       6. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠴᠠᠭ ᠠᠭᠤᠷ ᠤᠨ ᠲᠣᠪᠴᠢᠶ᠎ᠠ       7. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ       ︵ᠭᠤᠷᠪᠠ︶ ᠬᠠᠤᠯᠢ ᠶᠣᠰᠣᠭᠠᠷ ᠨᠠᠶᠢᠳᠠᠯᠭ᠎ᠠ ᠶᠢ ᠬᠦᠯᠢᠶᠡᠭᠰᠡᠨ ᠬᠠᠤᠯᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ︵12 ᠪᠤᠢ︶       1. ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ       2. ᠦᠦᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ       3. ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ       4. ᠦᠦᠰᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ       5. ᠦᠦᠰᠢᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ       6. ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ       7. ᠦᠦᠰᠢᠨ ᠬᠤᠰᠢᠭᠤᠨ ᠤ ᠲᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ       8. ᠦᠦᠰᠢᠨ ᠬᠤᠰᠢᠭᠤᠨ ᠤ ᠰᠦᠯᠳᠡ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ       9. ᠦᠦᠰᠢᠨ ᠬᠤᠰᠢᠭᠤᠨ ᠤ ᠦᠤᠰᠢᠨᠵᠤᠣ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ       10. ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ       11. ᠦᠦᠰᠢᠨ ᠬᠤᠰᠢᠭᠤᠨ ᠤ ᠤᠯᠠᠭᠠᠨᠲᠣᠯᠤᠭᠠᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ       12. ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ       ᠬᠤᠶᠠᠷ᠂ ᠬᠠᠮᠢᠶ᠎ᠠ ᠪᠦᠬᠦᠢ ᠤᠴᠢᠷ ᠶᠠᠪᠤᠳᠠᠯ      ︵ᠨᠢᠭᠡ︶ ᠦᠦᠰᠢᠨ ᠬᠤᠰᠢᠭᠤᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠢ ᠬᠠᠮᠲᠤ ᠳᠤᠨᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠨᠢ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠦᠨᠡᠨ ᠬᠦ ᠴᠢᠩᠭ᠎ᠠ᠂ ᠵᠢᠷᠤᠮᠵᠢᠯ ᠲᠠᠢ᠂ ᠲᠥᠪ ᠭᠤᠥᠯᠴᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠠᠰᠢᠭ ᠲᠤᠰᠠ ᠪᠠ ᠠᠷᠠᠳ ᠢᠷᠭᠡᠨ ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃       ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ ᠳᠤ᠂ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠯᠤᠭ᠎ᠠ ᠪᠢᠴᠢᠭ ᠤᠨ ᠬᠡᠯᠪᠡᠷᠢ ᠶᠢᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ ᠭᠤᠣᠯ ᠴᠣᠭᠴᠠ ᠪᠠ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠢᠯᠡ ᠪᠣᠯᠭᠠᠬᠤ ᠶᠢᠨ ᠬᠠᠮᠲᠤ ᠦᠦᠰᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃       ︵ᠭᠤᠷᠪᠠ︶ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠭᠤᠯᠭ᠎ᠠ ᠳᠤ ᠫᠠᠶᠢᠰᠠ ᠡᠯᠭᠦᠭᠰᠡᠨ ᠪᠠᠶᠢᠭᠤᠯᠤᠮᠵᠢ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠭᠰᠡᠨ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃        ︵ᠳᠥᠷᠪᠡ︶ ᠨᠡᠶᠢᠲᠡᠯᠡᠭᠰᠡᠨ ᠡᠳᠦᠷ ᠠᠴᠠ ᠡᠬᠢᠯᠡᠨ᠂ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠳᠤ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠣᠯ ᠴᠣᠭᠴᠠ ᠶᠢᠨ ᠬᠢᠷᠢ ᠬᠡᠮ ᠢ ᠬᠦᠴᠦᠨ ᠦᠭᠡᠢ ᠪᠣᠯᠭᠠᠬᠤ ᠵᠡᠷᠭᠡ ᠪᠠᠶᠢᠳᠠᠯ ᠭᠠᠷᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠪᠠᠶᠢᠳᠠᠯ ᠳᠤ ᠦᠨᠳᠦᠰᠦᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠡᠶᠢᠲᠡᠯᠡᠭᠰᠡᠨ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠤᠰᠢᠭᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠨᠤᠲᠠᠯᠠᠭᠤᠯᠤᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠠ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ