ᠦᠦᠰᠢᠨ ᠵᠠᠰᠠᠭ ᠳᠠᠷᠬᠠᠭᠠᠬᠤ ﹇2024﹈ 13 ᠳ᠋ᠤᠭᠠᠷ ᠲᠣᠭᠠᠲᠤ | | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠬᠠᠮᠢᠶ᠎ᠠ ᠪᠥᠬᠦᠶ ᠠᠵᠤ ᠠᠬᠤᠶᠢᠯᠠᠯ ᠳᠤ᠄ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ | ᠬᠥᠭᠵᠢᠭᠡᠵᠦ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠬᠦ ᠶᠢᠨ ᠲᠦᠯᠦᠭᠡ᠂ ᠡᠳᠦᠭᠡ ︽2024 ᠣᠨ ᠤ ᠦᠤᠰᠢᠨ ᠬᠤᠰᠢᠭᠤᠨ ᠤ ︿ᠵᠢᠭᠤᠯᠴᠢᠯᠠᠭᠰᠠᠳ | ᠢ ᠬᠤᠰᠢᠭᠤᠨ ᠳᠤ ᠢᠷᠡᠬᠦᠯᠬᠦ ﹀ ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ | ᠳᠠᠷᠬᠠᠭᠠᠯ᠎ᠠ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠠᠷᠠᠢ᠃ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 4 ᠰᠠᠷ᠎ᠠ ᠶᠢᠨ 17 ᠤ ᠡᠳᠦᠷ | | | | 2024 ᠣᠨ ᠤ ᠦᠦᠰᠢᠨ ᠬᠤᠰᠢᠭᠤᠨ ᠤ ︽ᠵᠢᠭᠤᠯᠴᠢᠯᠠᠭᠰᠠᠳ ᠢ ᠬᠤᠰᠢᠭᠤᠨ ᠳᠤ ᠢᠷᠡᠬᠦᠯᠬᠦ︾ | ᠱᠠᠩᠨᠠᠯ ᠤᠨ ᠠᠷᠭ᠎ᠠ ︵ᠲᠤᠷᠰᠢᠨ ᠬᠡᠷᠡᠭᠵᠢᠭᠦᠯᠬᠦ︶ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠣᠷᠪᠤᠰ ᠬᠤᠰᠢᠭᠤᠨ ᠤ ᠳᠣᠲᠣᠨ᠎ᠠ ᠭᠠᠳᠠᠨᠠᠬᠢ ᠵᠢᠭᠤᠯᠴᠢᠯᠠᠯ ᠤᠨ ᠦᠢᠯᠡᠴᠢᠯᠡᠭᠡᠨ ᠤ | ᠭᠠᠵᠠᠷ ᠤᠨ ︽ᠵᠢᠭᠤᠯᠴᠢᠯᠠᠭᠰᠠᠳ ᠢ ᠬᠤᠰᠢᠭᠤᠨ ᠳᠤ ᠢᠷᠡᠬᠦᠯᠬᠦ︾ ᠢᠳᠡᠪᠬᠢ ᠴᠢᠨᠠᠷ ᠢ ᠬᠦᠢᠴᠡᠳ ᠳᠠᠶᠢᠴᠢᠯᠠᠵᠤ᠂ | ᠵᠢᠭᠤᠯᠴᠢᠯᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠂ ᠮᠠᠨ ᠤ | ᠬᠤᠰᠢᠭᠤᠨ ᠤ ᠵᠢᠭᠤᠯᠴᠢᠯᠠᠯ ᠤᠨ ᠭᠥᠯᠢᠶᠡᠨ ᠠᠪᠬᠤ ᠶᠡᠷᠦᠩᠬᠡᠶ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠵᠢᠭᠤᠯᠴᠢᠯᠠᠯ ᠤᠨ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠤᠨ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ | ᠲᠦᠷᠭᠡᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠥᠲᠥᠭᠡᠨ ᠪᠠᠶᠢᠭᠤᠯᠬᠤ ᠶᠢᠨ ᠲᠥᠯᠥᠭᠡ᠂ ︽ | ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ | ᠮᠡᠳᠡᠭᠳᠡᠯ︾ ︵ᠤᠷᠳᠤᠰ ᠵᠠᠰᠠᠭ ᠳᠠᠷᠬᠠᠭᠠᠬᠤ ﹇2021﹈ 52 ᠳ᠋ᠤᠭᠠᠷ ᠲᠤᠭᠠᠲᠤ︶᠂ ︽ᠦᠦᠰᠢᠨ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ | ︵ᠦᠦᠰᠢᠨ ᠨᠠᠮ ᠲᠠᠷᠬᠠᠭᠠᠬᠤ ﹇2022﹈ 4 ᠳ᠋ᠤᠭᠡᠷ ᠲᠣᠭᠠᠲᠤ︶᠂ ︽ᠦᠦᠰᠢᠨ ᠬᠤᠰᠢᠭᠤᠨ ᠤ ᠰᠣᠶᠣᠯ | ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠲᠡᠳᠬᠦᠨ ᠱᠠᠩᠨᠠᠬᠤ ᠠᠷᠭ᠎ᠠ ᠶᠢᠨ | ᠬᠡᠷᠡᠭᠵᠢᠭᠦᠯᠬᠦ ᠨᠠᠷᠢᠨ ᠳᠦᠷᠢᠮ︾ ︵ᠦᠦᠰᠢᠨ ᠵᠠᠰᠠᠭ ᠲᠠᠷᠬᠠᠭᠠᠬᠤ ﹇2022﹈ 29 ᠳ᠋ᠤᠭᠡᠷ ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | | ᠬᠤᠶᠠᠳᠤᠭᠠᠷ ᠵᠤᠷᠪᠤᠰ ᠳᠣᠤᠷᠠᠬᠢ ᠪᠠᠶᠢᠳᠠᠯ ᠳᠤ ᠲᠤᠰ ᠠᠷᠭ᠎ᠠ ᠶᠢ ᠬᠡᠷᠡᠭᠯᠡᠨ᠎ᠡ᠄ | ︵ᠨᠢᠭᠡ︶ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠠᠴᠠ ᠬᠤᠰᠢᠭᠤᠨ ᠤ ᠭᠠᠳᠠᠨᠠᠬᠢ ᠵᠣᠬᠢᠬᠤ | ᠬᠡᠮᠵᠢᠶᠡᠨ ᠤ ᠵᠢᠭᠤᠯᠴᠢᠯᠠᠭᠰᠠᠳ ᠢ ᠵᠣᠬᠢᠶᠠᠨ ᠪᠠᠶᠢᠭᠤᠯᠵᠤ ᠦᠤᠰᠢᠨ ᠬᠤᠰᠢᠭᠤᠨ ᠳᠤ ᠢᠷᠡᠬᠦᠯᠵᠤ ᠬᠤᠨᠣᠭᠯᠠᠬᠤ᠂ | ᠵᠤᠭᠠᠴᠠᠨ ᠨᠠᠭᠠᠳᠬᠤ᠂ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠵᠡᠷᠭᠡ᠃ | ︵ᠬᠤᠶᠠᠷ︶ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠵᠣᠬᠢᠬᠤ ᠲᠣᠭᠠᠨ ᠤ ᠬᠤᠰᠢᠭᠤᠨ ᠤ | ᠳᠣᠲᠣᠷᠠᠬᠢ ᠵᠢᠭᠤᠯᠴᠢᠯᠠᠭᠰᠠᠳ ᠢ ᠵᠣᠬᠢᠶᠠᠨ ᠪᠠᠶᠢᠭᠤᠯᠵᠤ ᠬᠤᠰᠢᠭᠤᠨ ᠤ ᠳᠣᠲᠣᠷᠠᠬᠢ ᠦᠵᠡᠮᠵᠢ ᠶᠢᠨ ᠣᠷᠣᠨ ᠳᠤ | ᠵᠤᠭᠠᠴᠠᠨ ᠨᠠᠭᠠᠳᠬᠤ᠂ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠵᠡᠷᠭᠡ᠃ | ᠭᠤᠷᠪᠠᠳᠤᠭᠠᠷ ᠵᠤᠷᠪᠤᠰ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠱᠠᠩᠨᠠᠯ ᠤᠨ ᠪᠠᠯᠠ ᠮᠥᠩᠭᠦ ᠶᠢᠨ | ᠲᠥᠰᠦᠪ ᠢ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ︔ ᠬᠤᠰᠢᠭᠤ | ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠱᠠᠩᠨᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠢᠨᠠᠨ | ᠬᠠᠷᠭᠤᠭᠤᠯᠬᠤ ᠪᠠ ᠪᠠᠯᠠ ᠮᠥᠩᠭᠦ ᠶᠢ ᠬᠤᠪᠢᠶᠠᠷᠢᠯᠠᠨ ᠬᠡᠷᠡᠭᠯᠡᠬᠦ ᠶᠢ ᠬᠠᠷᠢᠭᠤᠴᠠᠨ᠎ᠠ᠃ | | | ᠬᠤᠶᠠᠳᠤᠭᠠᠷ ᠪᠦᠯᠦᠭ ᠱᠠᠩᠨᠠᠯ ᠤᠨ ᠭᠤᠶᠤᠴᠢᠯᠠᠨ ᠮᠡᠳᠡᠭᠦᠯᠬᠦ ᠨᠥᠬᠦᠴᠡᠯ | ᠳᠥᠷᠪᠡᠳᠦᠭᠡᠷ ᠵᠤᠷᠪᠤᠰ ᠠᠵᠤ ᠦᠢᠯᠡᠳᠪᠦᠷᠢ ᠬᠤᠳᠠᠯᠳᠤᠭ᠎ᠠ ᠭᠠᠶᠢᠯᠢ ᠶᠢᠨ ᠶᠠᠪᠤᠳᠠᠯ ᠳᠤ ᠳᠠᠩᠰᠠᠯᠠᠨ | ᠲᠡᠮᠳᠡᠭᠯᠡᠬᠦᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ᠂ ᠢᠲᠡᠭᠡᠮᠵᠢ ᠶᠢᠨ | ᠲᠡᠮᠳᠡᠭᠯᠡᠯ ᠨᠢ ᠰᠠᠶᠢᠨ ᠪᠠᠶᠢᠵᠤ᠂ ᠣᠷᠣᠨ ᠪᠦᠰᠡ ᠶᠢᠨ ᠵᠢᠭᠤᠯᠴᠢᠯᠠᠯ ᠤᠨ ᠠᠵᠤ ᠦᠢᠯᠡᠰ ᠤᠨ ᠤᠳᠤᠷᠢᠳᠤᠮᠵᠢ ᠳᠤ | ᠨᠡᠶᠢᠴᠡᠭᠰᠡᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠪᠠᠶᠢᠬᠤ ᠬᠡᠷᠡᠭᠲᠠᠢ᠃ | | | ᠭᠤᠷᠪᠠᠳᠤᠭᠠᠷ ᠪᠦᠯᠦᠭ ᠱᠠᠩᠨᠠᠯ ᠤᠨ ᠪᠠᠷᠢᠮᠵᠢᠶ᠎ᠠ | ᠲᠠᠪᠤᠳᠤᠭᠠᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠬᠤᠰᠢᠭᠤᠨ ᠤ ᠭᠠᠳᠠᠨᠠᠬᠢ | ᠵᠢᠭᠤᠯᠴᠢᠯᠠᠭᠰᠠᠳ ᠢ ᠵᠣᠬᠢᠶᠠᠨ ᠪᠠᠶᠢᠭᠤᠯᠵᠤ ᠦᠤᠰᠢᠨ ᠬᠤᠰᠢᠭᠤᠨ ᠳᠤ ᠵᠢᠭᠤᠯᠴᠢᠯᠠᠭᠤᠯᠬᠤ ᠳᠤ ᠭᠠᠭᠴᠠ | ᠤᠳᠠᠭᠠᠨ ᠤ ᠬᠥᠮᠦᠨ ᠤ ᠲᠤᠭ᠎ᠠ ᠨᠢ 30 ᠠᠴᠠ ᠳᠡᠭᠡᠭᠰᠢ ︵30 ᠬᠥᠮᠦᠨ ᠢ ᠪᠠᠭᠲᠠᠭᠠᠨ᠎ᠠ︶ ᠪᠠᠶᠢᠵᠤ᠂ ᠰᠦᠢᠳᠬᠡᠯ | ᠬᠤᠷᠢᠶᠠᠵᠤ ᠪᠠᠶᠢᠭ᠎ᠠ AAA ᠳᠡᠰ ᠠᠴᠠ ᠳᠡᠭᠡᠭᠰᠢᠬᠢ 2 ᠦᠵᠡᠮᠵᠢ ᠶᠢᠨ ᠣᠷᠣᠨ ᠢᠶᠠᠷ ᠵᠤᠭᠠᠴᠠᠨ ᠲᠤᠭᠤᠷᠢᠵᠤ᠂ | ᠨᠠᠭᠠᠳᠤ ᠵᠠᠬ᠎ᠠ ᠳᠠᠭᠠᠨ 1 ᠣᠷᠣᠶ ᠬᠤᠨᠤᠭᠰᠠᠨ ᠪᠠᠶᠢᠪᠠᠯ ᠬᠥᠮᠦᠨ ᠤ ᠲᠤᠭ᠎ᠠ ᠪᠠᠷ 80 ᠲᠥᠭᠦᠷᠢᠭ ᠤᠨ ᠱᠠᠩᠨᠠᠯ | ᠦᠭᠭᠦᠨ᠎ᠡ᠃ | ᠵᠢᠷᠭᠤᠳᠤᠭᠠᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠮᠤᠵᠢ ᠶᠢᠨ ᠭᠠᠳᠠᠨᠠᠬᠢ | ᠬᠤᠲᠠ ᠠᠴᠠ ᠦᠦᠰᠢᠨ ᠬᠤᠰᠢᠭᠤᠨ ᠤ ᠰᠦᠢᠳᠬᠡᠯ ᠬᠤᠷᠢᠶᠠᠵᠤ ᠪᠠᠶᠢᠭ᠎ᠠ ᠦᠵᠡᠮᠵᠢ ᠶᠢᠨ ᠣᠷᠣᠨ ᠬᠦᠷᠬᠦ | ᠲᠣᠭᠲᠠᠭᠰᠠᠨ ᠴᠠᠭ ᠲᠣᠭᠲᠠᠭᠰᠠᠨ ᠱᠤᠭᠤᠮ ᠤᠨ ᠦᠢᠯᠡᠴᠢᠯᠡᠭᠡᠨ ᠤ ᠪᠠᠷᠢᠮᠵᠢᠶ᠎ᠠ ᠲᠠᠢ ᠵᠢᠭᠤᠯᠴᠢᠯᠠᠯ ᠤᠨ ᠰᠢᠭᠤᠳ | ᠨᠡᠪᠲᠡᠷᠡᠬᠦ ᠲᠡᠷᠭᠡ ᠶᠢ ᠨᠡᠪᠲᠡᠷᠡᠭᠦᠯᠦᠭᠰᠡᠨ ᠪᠤᠯ᠂ ᠡᠭᠡᠯᠵᠢ ᠤᠳᠠᠭ᠎ᠠ ᠪᠦᠷᠢ ᠳᠤ 30 ᠤᠷᠤ ᠠᠴᠠ ᠳᠡᠭᠡᠭᠰᠢ ︵30 | ᠪᠠᠭᠲᠠᠨ᠎ᠠ︶ ᠪᠠᠶᠢᠬᠤ ᠮᠥᠷᠲᠡᠭᠡᠨ ᠪᠦᠬᠦ ᠵᠢᠯ ᠳᠤ 10 ᠡᠭᠡᠯᠵᠢ ᠤᠳᠠᠭ᠎ᠠ ᠠᠶᠠᠯᠠᠭᠰᠠᠨ ᠪᠠᠶᠢᠪᠠᠯ᠂ ᠡᠭᠡᠯᠵᠢ ᠪᠦᠷᠢ ᠳᠤ | 1 ᠮᠢᠩᠭᠠᠨ ᠲᠥᠭᠦᠷᠢᠭ ᠱᠠᠩᠨᠠᠨ᠎ᠠ︔ ᠪᠦᠬᠦ ᠵᠢᠯ ᠳᠤ 10 ᠡᠬᠡᠯᠵᠢ ᠠᠴᠠ ᠬᠡᠲᠦᠷᠡᠭᠰᠡᠨ ᠪᠠᠶᠢᠪᠠᠯ᠂ 1 ᠡᠭᠡᠯᠵᠢ | ᠨᠡᠮᠡᠭᠳᠡᠬᠦ ᠪᠦᠷᠢ᠂ ᠱᠠᠩᠨᠠᠯ ᠤᠨ ᠮᠦᠩᠭᠦ ᠶᠢ 500 ᠲᠥᠭᠦᠷᠢᠭ ᠨᠡᠮᠡᠨ᠎ᠡ᠃ | ᠳᠣᠯᠣᠳᠤᠭᠠᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠬᠤᠰᠢᠭᠤᠨ ᠤ ᠭᠠᠳᠠᠨᠠᠬᠢ | ᠵᠢᠭᠤᠯᠴᠢᠯᠠᠭᠰᠠᠳ ᠢ ᠵᠣᠬᠢᠶᠠᠨ ᠪᠠᠶᠢᠭᠤᠯᠵᠤ ᠵᠢᠭᠤᠯᠴᠢᠯᠠᠯ ᠤᠨ ᠲᠤᠰᠬᠠᠶ ᠭᠠᠯᠲᠤ ᠲᠡᠷᠭᠡᠨ ᠳᠤ ᠰᠠᠭᠤᠯᠭᠠᠨ ᠦᠤᠰᠢᠨ | ᠬᠤᠰᠢᠭᠤᠨ ᠳᠤ ᠢᠷᠡᠬᠦᠯᠵᠤ ᠵᠢᠭᠤᠯᠴᠢᠯᠠᠭᠤᠯᠪᠠᠯ᠂ ᠨᠢᠭᠡ ᠤᠳᠠᠭ᠎ᠠ 300 ᠬᠥᠮᠦᠨ ᠠᠴᠠ ᠳᠡᠭᠡᠭᠰᠢ ︵300 | ᠬᠥᠮᠦᠨ ᠢ ᠪᠠᠭᠲᠠᠭᠠᠨ᠎ᠠ︶ ᠪᠠᠶᠢᠵᠤ᠂ ᠰᠦᠢᠳᠭᠡᠯ ᠬᠤᠷᠢᠶᠠᠵᠤ ᠪᠠᠶᠢᠭ᠎ᠠ AAA ᠳᠡᠰ ᠠᠴᠠ ᠳᠡᠭᠡᠭᠰᠢᠬᠢ 2 | ᠦᠵᠡᠮᠵᠢ ᠶᠢᠨ ᠣᠷᠣᠨ ᠢᠶᠠᠷ ᠵᠤᠭᠠᠴᠠᠨ ᠲᠤᠭᠤᠷᠢᠵᠤ᠂ ᠨᠠᠭᠠᠳᠤ ᠵᠠᠬ᠎ᠠ ᠳᠠᠭᠠᠨ 1 ᠣᠷᠣᠶ ᠬᠤᠨᠤᠭᠰᠠᠨ ᠪᠠᠶᠢᠪᠠᠯ | ᠬᠥᠮᠦᠨ ᠤ ᠲᠤᠭ᠎ᠠ ᠪᠠᠷ 100 ᠲᠥᠭᠦᠷᠢᠭ ᠤᠨ ᠱᠠᠩᠨᠠᠯ ᠦᠭᠬᠦᠨ᠎ᠡ᠃ | ᠨᠠᠢᠮᠠᠳᠤᠭᠠᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠦᠦᠰᠢᠨ ᠤ ᠬᠥᠮᠦᠰ ᠢ ᠵᠣᠬᠢᠶᠠᠨ | ᠪᠠᠶᠢᠭᠤᠯᠵᠤ ᠦᠦᠰᠢᠨ ᠳᠤ ᠲᠤᠭᠤᠷᠢᠭᠤᠯᠤᠭᠰᠠᠨ ᠪᠣᠯ ᠬᠥᠮᠦᠨ ᠤᠳᠠᠭ᠎ᠠ ᠶᠣᠰᠣᠭᠠᠷ ᠱᠠᠩᠨᠠᠯ ᠣᠯᠭᠤᠵᠤ᠂ ᠨᠡᠶᠢᠲᠡ | 1000 ᠬᠥᠮᠦᠨ ᠤᠳᠠᠭ᠎ᠠ ᠳᠤ ᠬᠦᠷᠦᠭᠰᠡᠨ ᠪᠣᠯ 1 ᠲᠦᠮᠡᠨ ᠲᠥᠭᠦᠷᠢᠭ ᠢᠶᠠᠷ ᠱᠠᠩᠨᠠᠵᠤ᠂ 3 ᠲᠦᠮᠡᠨ | ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ | | | ᠳᠥᠷᠪᠡᠳᠦᠭᠡᠷ ᠪᠦᠯᠦᠭ ᠱᠠᠩᠨᠠᠬᠤ ᠳᠡᠰ ᠳᠠᠷᠠᠭᠠᠯᠠᠯ | ᠶᠢᠰᠦᠳᠦᠭᠡᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠭᠤᠯᠴᠢᠯᠠᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠳᠤ ᠠᠵᠢᠯᠯᠠᠭ᠎ᠠ ᠥᠷᠨᠢᠭᠦᠯᠬᠦ ᠠᠴᠠ 3 ᠠᠵᠢᠯᠯᠠᠬᠤ ᠡᠳᠦᠷ ᠤᠨ ᠡᠮᠦᠨ᠎ᠡ ᠬᠤᠰᠢᠭᠤ ᠰᠣᠶᠣᠯ | ᠪᠠ ᠵᠢᠭᠤᠯᠴᠢᠯᠠᠯ ᠤᠨ ᠲᠣᠪᠴᠢᠶ᠎ᠠ ᠳᠤ ᠵᠢᠭᠤᠯᠴᠢᠯᠠᠯ ᠤᠨ ᠭᠡᠷ᠎ᠡ᠂ ᠪᠦᠯᠬᠦᠮ ᠲᠣᠮᠢᠯᠠᠬᠤ ᠬᠠᠭᠤᠳᠠᠰᠤ᠂ ᠲᠡᠷᠭᠡ | ᠲᠦᠷᠢᠶᠡᠰᠦᠯᠡᠬᠦ ᠭᠡᠷ᠎ᠡ ᠶᠢᠨ ᠬᠠᠭᠤᠯᠪᠤᠷᠢ ᠶᠢ ᠬᠠᠩᠭᠠᠵᠤ᠂ ᠮᠡᠳᠡᠭᠦᠯᠦᠨ ᠳᠠᠩᠰᠠᠯᠠᠭᠤᠯᠤᠨ᠎ᠠ᠃ | ᠠᠷᠪᠠᠳᠤᠭᠠᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠰᠤᠳᠤᠯᠤᠨ ᠰᠤᠷᠤᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ᠂ ᠠᠵᠢᠯᠯᠠᠭ᠎ᠠ ᠥᠷᠨᠢᠭᠦᠯᠬᠦ ᠠᠴᠠ 3 ᠠᠵᠢᠯᠯᠠᠬᠤ ᠡᠳᠦᠷ ᠤᠨ ᠡᠮᠦᠨ᠎ᠡ | ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠤ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠲᠥᠰᠦᠯ᠂ | ᠰᠤᠳᠤᠯᠤᠨ ᠰᠤᠷᠤᠯᠴᠠᠬᠤ ᠭᠡᠷ᠎ᠡ᠂ ᠲᠡᠷᠭᠡ ᠲᠦᠷᠢᠶᠡᠰᠦᠯᠡᠬᠦ ᠭᠡᠷ᠎ᠡ ᠶᠢ ᠮᠡᠳᠡᠭᠦᠯᠦᠨ ᠳᠠᠩᠰᠠᠯᠠᠭᠤᠯᠤᠨ᠎ᠠ᠃ | ᠠᠷᠪᠠᠨ ᠨᠢᠭᠡᠳᠦᠭᠡᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠱᠠᠩᠨᠠᠯ ᠤᠨ ᠪᠠᠯᠠ | ᠮᠥᠩᠭᠦ ᠶᠢ ᠭᠤᠶᠤᠴᠢᠯᠠᠨ ᠮᠡᠳᠡᠭᠦᠯᠬᠦ ᠳᠡᠭᠡᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ 15 ᠠᠵᠢᠯᠯᠠᠬᠤ ᠡᠳᠦᠷ ᠤᠨ | ᠳᠣᠲᠣᠷ᠎ᠠ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ | | | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠᠨ ᠬᠤᠶᠠᠳᠤᠭᠠᠷ ᠵᠤᠷᠪᠤᠰ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠮᠢᠶ᠎ᠠ | ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠵᠢᠭᠤᠯᠴᠢᠯᠠᠭᠰᠠᠳ ᠢ ᠬᠤᠰᠢᠭᠤᠨ ᠳᠤ ᠢᠷᠡᠬᠦᠯᠬᠦ︾ | ᠱᠠᠩᠨᠠᠯ ᠤᠨ ᠪᠠᠯᠠ ᠮᠥᠩᠭᠦ ᠶᠢᠨ ᠲᠤᠰᠬᠠᠶ ᠬᠢᠨᠠᠨ ᠬᠠᠷᠭᠤᠭᠤᠯᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠢᠯᠡ | ᠨᠡᠶᠢᠲᠡᠯᠡᠭᠰᠡᠨ ᠤ ᠳᠠᠷᠠᠭ᠎ᠠ ᠱᠠᠩᠨᠠᠯ ᠢ ᠤᠯᠭᠤᠵᠤ᠂ ᠪᠠᠯᠠ ᠮᠥᠩᠭᠦ ᠶᠢ ᠭᠠᠷᠳᠠᠭᠰᠠᠨ ᠤ ᠳᠠᠷᠠᠭ᠎ᠠ ᠬᠤᠰᠢᠭᠤ ᠬᠢᠨᠠᠨ | ᠪᠤᠳᠤᠬᠤ ᠲᠣᠪᠴᠢᠶ᠎ᠠ ᠠᠴᠠ ᠬᠢᠨᠠᠨ ᠪᠤᠳᠤᠵᠤ ᠬᠢᠨᠠᠯᠲᠠ ᠲᠠᠯᠪᠢᠨ᠎ᠠ᠃ | ᠠᠷᠪᠠᠨ ᠭᠤᠷᠪᠠᠳᠤᠭᠠᠷ ᠵᠤᠷᠪᠤᠰ ᠠᠳᠠᠯᠢ ᠨᠢᠭᠡᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠠᠳᠠᠯᠢ | ᠨᠢᠭᠡ ᠲᠥᠷᠥᠯ ᠵᠦᠢᠯ ᠨᠢ ᠲᠤᠰ ᠠᠷᠭ᠎ᠠ ᠬᠡᠮᠵᠢᠶ᠎ᠡ ᠶᠢᠨ ᠣᠯᠠᠨ ᠵᠦᠢᠯ ᠤᠨ ᠱᠠᠩᠨᠠᠬᠤ ᠨᠥᠬᠦᠴᠡᠯ ᠳᠤ ᠨᠡᠶᠢᠴᠡᠭᠰᠡᠨ | ᠪᠠᠶᠢᠪᠠᠯ᠂ ᠳᠠᠪᠬᠤᠷᠳᠠᠭᠤᠯᠤᠨ ᠱᠠᠩᠨᠠᠬᠤ ᠦᠭᠡᠶ᠂ ᠬᠠᠮᠤᠭ ᠥᠨᠳᠥᠷ ᠪᠠᠷᠢᠮᠵᠢᠶ᠎ᠠ ᠪᠠᠷ ᠨᠢ ᠤᠯᠭᠤᠬᠤ ᠵᠠᠷᠴᠢᠮ ᠢ | ᠪᠠᠷᠢᠮᠲᠠᠯᠠᠨ᠎ᠠ᠃ ᠠᠳᠠᠯᠢ ᠨᠢᠭᠡᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠠᠳᠠᠯᠢ ᠨᠢᠭᠡᠨ ᠲᠥᠷᠥᠯ ᠵᠦᠢᠯ ᠨᠢ | ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠱᠠᠲᠤᠨ ᠤ ᠡᠳ᠋ ᠤᠨ ᠵᠠᠰᠠᠭ ᠤᠨ ᠡᠯ᠎ᠡ ᠵᠦᠢᠯ ᠤᠨ ᠱᠠᠩᠨᠠᠯ᠂ | ᠨᠥᠬᠦᠪᠥᠷᠢ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠥᠩᠭᠡᠷᠡᠭᠰᠡᠨ ᠪᠠᠶᠢᠪᠠᠯ ᠳᠠᠪᠬᠤᠷᠳᠠᠭᠤᠯᠤᠨ | ᠬᠦᠷᠲᠡᠵᠦ ᠪᠣᠯᠬᠤ ᠦᠭᠡᠶ᠂ ᠬᠠᠮᠤᠭ ᠥᠨᠳᠥᠷ ᠪᠠᠷᠢᠮᠵᠢᠶ᠎ᠠ ᠪᠠᠷ ᠨᠢ ᠤᠯᠭᠤᠬᠤ ᠵᠠᠷᠴᠢᠮ ᠢ ᠪᠠᠷᠢᠮᠲᠠᠯᠠᠨ᠎ᠠ᠃ | ᠠᠷᠪᠠᠨ ᠳᠥᠷᠪᠡᠳᠦᠭᠡᠷ ᠵᠤᠷᠪᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠪᠠᠶᠢᠴᠠᠭᠠᠨ ᠰᠢᠢᠳᠪᠦᠷᠢᠯᠡᠬᠦᠯᠦᠭᠰᠡᠨ᠂ ᠬᠥᠮᠦᠨ ᠤ ᠬᠤᠪᠢ | ᠪᠡᠶ᠎ᠡ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠬᠦᠨᠳᠦ ᠶᠡᠭᠡ ᠠᠮᠤᠷ ᠲᠦᠪᠰᠢᠨ ᠤ | ᠬᠠᠷᠢᠭᠤᠴᠠᠯᠭ᠎ᠠ ᠶᠢᠨ ᠠᠳᠡᠯ ᠭᠠᠷᠭᠠᠭᠰᠠᠨ᠂ ᠵᠠᠭᠠᠯᠳᠤᠯᠭ᠎ᠠ ᠠᠴᠠ ᠪᠣᠯᠵᠣ ᠨᠡᠯᠢᠶᠡᠳ ᠶᠡᠭᠡ ᠨᠠᠵᠠᠭᠠᠶ ᠨᠥᠯᠥᠭᠡ | ᠦᠵᠡᠭᠦᠯᠦᠭᠰᠡᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠦᠭᠰᠡᠨ | ᠪᠠᠶᠢᠪᠠᠯ᠂ ᠲᠣᠰ ᠱᠠᠩᠨᠠᠯ ᠢ ᠭᠥᠷᠳᠡᠵᠦ ᠪᠣᠯᠬᠤ ᠥᠬᠡᠶ᠃ ᠨᠢᠭᠡ ᠶᠠᠪᠤᠳᠠᠯ ᠢ ᠨᠢᠭᠡ ᠵᠥᠪᠯᠡᠬᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠡᠷᠡᠭᠯᠡᠭᠰᠡᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠲᠤᠰ ᠠᠷᠭ᠎ᠠ ᠬᠡᠮᠵᠢᠶ᠎ᠡ ᠶᠢ | ᠬᠦᠷᠲᠡᠬᠦ ᠦᠭᠡᠶ᠃ | ᠠᠷᠪᠠᠨ ᠲᠠᠪᠤᠳᠤᠭᠠᠷ ᠵᠤᠷᠪᠤᠰ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ ᠲᠤᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠲᠤᠰ | ᠠᠷᠭ᠎ᠠ ᠳᠤ ᠲᠣᠭᠲᠠᠭᠠᠭᠰᠠᠨ ᠱᠠᠩᠨᠠᠯ ᠤᠨ ᠲᠣᠭᠲᠠᠭᠠᠯ ᠲᠠᠢ ᠠᠳᠠᠯᠢ ᠦᠭᠡᠢ ᠪᠠᠶᠢᠪᠠᠯ᠂ ᠲᠤᠰ ᠠᠷᠭ᠎ᠠ ᠶᠢᠨ | ᠲᠣᠭᠲᠠᠭᠠᠯ ᠢᠶᠠᠷ ᠪᠠᠷᠢᠮᠵᠢᠶ᠎ᠠ ᠪᠣᠯᠭᠠᠵᠤ᠂ ᠲᠤᠰ ᠲᠣᠭᠲᠠᠭᠠᠯ ᠢᠶᠠᠷ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠤᠷᠪᠤᠰ ᠲᠣᠰ ᠠᠷᠭ᠎ᠠ ᠶᠢ ᠦᠦᠰᠢᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | | | | |