ᠦᠤᠰᠢᠨ ᠲᠤᠮᠳᠠᠳᠤ ᠰᠤᠷᠭᠠᠭᠤᠯᠢ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠢ ᠡᠷᠬᠢᠯᠡᠯ᠎ᠡ
ᠨᠡᠶᠢᠲᠡᠯᠡᠭᠰᠡᠨ ᠴᠠᠭ᠄
2024/12/6
      ᠦᠤᠰᠢᠨ ᠲᠤᠮᠳᠠᠳᠤ ᠰᠤᠷᠭᠠᠭᠤᠯᠢ ᠨᠢ ᠰᠣᠷᠤᠭᠴᠢᠳ ᠤᠨ ᠰᠢᠨ᠎ᠡ ᠶᠢ ᠡᠭᠦᠳᠭᠦ ᠪᠤᠯᠤᠨ ᠤᠷᠤᠯᠳᠤᠬᠤ ᠴᠢᠳᠠᠪᠤᠷᠢ ᠶᠢ ᠲᠡᠭᠡᠭᠰᠢᠯᠡᠭᠦᠯᠭᠦ ᠶᠢᠨ ᠲᠤᠰᠠᠳᠠ ᠤᠶᠢᠷ᠎ᠠ ᠶᠢᠨ ᠡᠳᠤᠷ᠂ ᠲᠤᠯᠤᠳᠤᠭᠠᠷ ᠤᠳᠠᠭᠠᠨ ᠤ ︽ᠲᠠᠷᠬᠠᠨ︾ ᠨᠡᠷᠡᠮᠵᠢᠳᠤ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃      ᠡᠨᠡ ᠤᠳᠠᠭᠠᠨ ᠤ ᠤᠷᠤᠯᠳᠤᠭᠠᠨ ᠢᠶᠠᠷ ᠮᠤᠳᠤ ᠬᠢᠷᠦᠭᠡᠳᠦᠵᠤ ᠶᠠᠭᠤᠮ᠎ᠠ ᠵᠠᠰᠠᠬᠤ᠂ ᠴᠠᠬᠢᠯᠭᠠᠨ ᠲᠦᠭᠦᠭᠡᠷᠤᠮᠵᠢ ᠤᠭᠰᠠᠷᠠᠬᠤ ᠂  3D ᠵᠢᠷᠤᠭ ᠲᠦᠰᠦᠪᠯᠡᠨ ᠵᠢᠷᠤᠬᠤ᠂ ᠲᠤᠯᠠᠭᠠᠯᠠᠭ᠎ᠠ ᠶᠢᠨ ᠬᠤᠭᠤᠯᠠᠢ ᠵᠠᠰᠠᠬᠤ ᠂ ᠤᠶᠤᠵᠤ ᠰᠢᠳᠡᠭᠦ ᠵᠡᠷᠭᠡ 8 ᠲᠦᠷᠥᠯ ᠤᠨ ᠤᠷᠤᠯᠳᠤᠭᠠᠨ ᠢ ᠲᠤᠬᠢᠷᠠᠭᠤᠯᠵᠤ᠂ ᠪᠥᠭᠦ ᠰᠤᠷᠭᠠᠭᠤᠯᠢ ᠶᠢᠨ 800 ᠭᠠᠷᠤᠢ ᠰᠤᠷᠤᠭᠴᠢᠳ ᠦᠪᠡᠷ ᠦᠪᠡᠷ ᠤᠨ ᠲᠣᠷ᠎ᠠ ᠪᠠᠭ᠋ᠠᠳᠠᠢ ᠲᠦᠷᠥᠯ ᠤᠨ ᠤᠷᠤᠯᠳᠤᠭᠠᠨ ᠳᠤ ᠢᠳᠡᠪᠬᠢᠯᠡᠨ ᠤᠷᠤᠯᠴᠠᠵᠤ᠂ ᠤᠯᠠᠨ ᠰᠠᠶᠢᠬᠠᠨ ᠰᠢᠨ᠎ᠡ ᠪᠦᠳᠤᠭᠡᠯ ᠢ ᠡᠭᠦᠳᠤᠨ ᠭᠠᠷᠭᠠᠭᠰᠠᠨ ᠪᠠᠶᠢᠨ᠎ᠠ᠃                                     ᠰᠤᠷᠪᠤᠯᠵᠢᠯᠠᠭᠴᠢ᠄ ᠪᠤᠶᠡᠨᠳᠤ       
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ