ᠨᠡᠷᠡᠲᠤ ᠵᠤᠬᠢᠶᠠᠯᠴᠢ ᠬᠠᠰᠪᠤᠯᠠᠭ ᠤᠨ ᠵᠤᠬᠢᠶᠠᠨ ᠪᠦᠲᠦᠭᠡᠯᠭᠡ ᠶᠢᠨ ᠰᠠᠭᠤᠲᠠᠯ ᠤᠨ ᠬᠤᠷᠠᠯ ᠬᠦᠬᠡᠬᠤᠲᠠ ᠳᠤ ᠪᠤᠯᠤᠯ᠎ᠠ
ᠨᠡᠶᠢᠲᠡᠯᠡᠭᠰᠡᠨ ᠴᠠᠭ᠄
2024/12/6
      ᠲᠦᠮᠡᠨ ᠤᠯᠠᠨ ᠳᠤ ᠪᠠᠨ ᠲᠠᠨᠢᠭᠲᠠᠭᠰᠠᠨ ᠤᠷᠲᠤᠰ ᠬᠤᠲᠠ ᠶᠢᠨ ᠦᠤᠰᠢᠨ ᠨᠤᠲᠤᠭᠲᠠᠢ ᠨᠡᠷᠡᠲᠤ ᠵᠤᠬᠢᠶᠠᠯᠴᠢ ᠬᠠᠰᠪᠤᠯᠠᠭ ᠤᠨ ᠵᠤᠬᠢᠶᠠᠯ ᠪᠦᠲᠦᠭᠡᠯ ᠢ ᠰᠤᠲᠤᠯᠤᠨ ᠶᠠᠷᠢᠯᠴᠠᠬᠤ ᠬᠤᠷᠠᠯ ᠣᠶᠢᠷ᠎ᠠ ᠶᠢᠨ ᠡᠲᠦᠷ ᠬᠦᠬᠡᠬᠤᠲᠠ ᠳᠤ ᠪᠤᠯᠤᠯ᠎ᠠ᠃      ᠠᠵᠢᠯᠯᠠᠭ᠎ᠠ ᠶᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠤᠬᠢᠶᠠᠯᠴᠢᠳ ᠤᠨ ᠡᠪᠯᠡᠯ᠂ ᠦᠤᠰᠢᠨ ᠬᠤᠰᠢᠭᠤᠨ ᠤ ᠤᠳᠬ᠎ᠠ ᠤᠷᠠᠯᠢᠭ ᠤᠨ  ᠬᠢᠨ ᠤ ᠬᠤᠯᠪᠤᠭ᠎ᠠ᠂ ᠦᠤᠰᠢᠨ ᠬᠤᠰᠢᠭᠤᠨ ᠤ ᠵᠤᠬᠢᠶᠠᠯᠴᠢᠳ ᠤᠨ ᠡᠪᠯᠡᠯ ᠬᠠᠮᠲᠤᠷᠠᠨ ᠡᠷᠬᠢᠯᠡᠪᠡ᠃      ᠬᠠᠰᠪᠤᠯᠠᠭ ᠤᠯᠤᠰ ᠤᠨ ᠨᠢᠭᠡᠲᠦᠭᠡᠷ ᠲᠡᠰ ᠤᠨ ᠵᠤᠬᠢᠶᠠᠯᠴᠢ᠂ ᠤᠷᠲᠤᠰ ᠬᠤᠲᠠ ᠶᠢᠨ ᠠᠷᠠᠳ ᠤᠨ ᠲᠤᠮᠲᠠ ᠵᠡᠷᠭᠡ ᠶᠢᠨ ᠰᠢᠭᠦᠭᠦ ᠬᠤᠷᠢᠶ᠎ᠠ ᠠᠴᠠ ᠠᠵᠢᠯ ᠤᠨ ᠠᠮᠠᠷᠠᠯᠲᠠ ᠪᠠᠨ ᠠᠪᠴᠠᠢ᠃ ᠲᠡᠷᠡ ︽ᠬᠦᠬᠡᠮᠲᠦᠭ ᠬᠤᠷᠠᠬᠤ︾᠂ ︽ᠲᠠᠯ᠎ᠠ ᠶᠠᠯ᠎ᠠ ᠠᠴᠠ ᠬᠦᠨᠲᠤ︾᠂ ︽ᠮᠦᠩᠭᠦᠨ ᠬᠢᠷᠠᠭᠤ︾᠂ ︽ᠬᠢᠯᠭᠠᠰᠤᠨ ᠲᠦᠷᠦᠭᠡᠨ ᠲᠡᠭᠡᠷ᠎ᠡ︾ ᠵᠡᠷᠭᠡ ᠷᠤᠮᠠᠨ ᠲᠤᠭᠤᠵᠢ ᠨᠡᠶᠢᠲᠡ 15 ᠪᠤᠲᠢ ᠨᠤᠮ ᠢ ᠬᠡᠪᠯᠡᠬᠦᠯᠵᠠᠢ᠃     ᠬᠠᠰᠪᠤᠯᠠᠭ ᠤᠷᠢᠳ ᠬᠤᠵᠢᠳ ᠦᠪᠡᠷᠲᠡᠭᠡᠨ ᠵᠠᠰᠠᠬᠤ ᠤᠷᠤᠨ ᠤ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠢ ᠬᠤᠶᠠᠷ ᠤᠲᠠᠭ᠎ᠠ ᠬᠦᠷᠲᠡᠵᠠᠢ᠃                              ᠰᠤᠷᠪᠤᠯᠵᠢᠯᠠᠭᠴᠢ᠄ ᠪᠠᠶᠠᠷᠲᠤ᠂ ᠪᠠᠶᠠᠨᠳᠠᠯᠠᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ