ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ — ᠭᠠᠨᠳᠢᠭ
ᠨᠡᠶᠢᠲᠡᠯᠡᠭᠰᠡᠨ ᠴᠠᠭ᠄
2024/2/19
      ᠭᠠᠨᠳᠢᠭ ᠪᠣᠯ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠨᠳᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠰᠠᠭᠤᠭᠠᠯᠢ ᠠᠷᠠᠳ  ᠤᠨ ᠵᠥᠪᠯᠡᠯ ᠤᠨ ᠡᠷᠬᠢᠯᠡᠭᠴᠢ ᠶᠤᠮ᠃ ᠲᠡᠷᠡ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ᠂ ᠠᠵᠢᠯᠴᠢ ᠬᠢᠴᠢᠶᠡᠩᠭᠦᠢ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠳᠣᠲᠣᠨᠣᠴᠢᠯᠠᠨ ᠬᠠᠯᠠᠮᠵᠢᠯᠠᠵᠤ᠂ ᠰᠠᠭᠤᠭᠠᠯᠢ ᠠᠷᠠᠳ ᠤᠨ ᠠᠵᠢᠯ ᠶᠠᠪᠤᠳᠠᠯ ᠢ ᠥᠪᠡᠷ ᠤᠨ ᠢᠶᠠᠨ ᠠᠵᠢᠯ ᠶᠠᠪᠤᠳᠠᠯ ᠰᠢᠭ᠋ ᠨᠠᠷᠢᠨ ᠬᠢᠨᠠᠮᠠᠭᠠᠢ ᠭᠦᠢᠴᠡᠳᠬᠡᠵᠦ ᠶᠠᠪᠤᠳᠠᠭ ᠢᠶᠠᠷ ᠳᠠᠶᠠᠭᠠᠷ ᠤᠯᠠᠨ ᠤ ᠰᠠᠶᠢᠨ ᠦᠨᠡᠯᠡᠯᠲᠡ ᠶᠢ ᠣᠯᠵᠤ᠂ ᠤᠷᠢᠳ ᠬᠤᠵᠢᠳ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠰᠢᠯᠢᠳᠡᠭ ᠨᠠᠮ  ᠤᠨ ᠠᠵᠢᠯᠲᠠᠨ︾᠂ ︽ᠪᠦᠬᠦ ᠬᠤᠰᠢᠭᠤᠨ ᠤ ᠬᠠᠮᠤᠭ ᠤᠨ ᠭᠤᠶᠤ ᠰᠠᠶᠢᠨ ᠳᠤᠷ᠎ᠠ ᠶᠢᠨ ᠦᠢᠯᠡᠴᠢᠯᠡᠭᠴᠢ︾ ᠵᠡᠷᠭᠡ ᠢᠷᠠᠭᠤ ᠠᠯᠳᠠᠷ ᠢ ᠬᠦᠷᠲᠡᠭᠰᠡᠨ ᠢᠶᠠᠷ ᠪᠠᠷᠠᠬᠤ ᠦᠭᠡᠢ ᠦᠨᠳᠦᠰᠦᠲᠡᠨ ᠨᠦᠭᠦᠳ ᠤᠨ ᠬᠤᠭᠤᠷᠤᠨᠳᠤᠬᠢ ᠰᠣᠯᠢᠯᠴᠠᠭ᠎ᠠ ᠶᠠᠪᠤᠯᠴᠠᠭ᠎ᠠ ᠪᠣᠯᠣᠨ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ  ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠨᠳᠢᠨ ᠨᠡᠶᠢᠭᠡᠮ ᠲᠣᠭᠤᠷᠢᠭ ᠢ ︽ᠠᠨᠠᠷ ᠤᠨ ᠦᠷ᠎ᠡ ᠶᠢᠨ ᠨᠡᠶᠢᠭᠡᠮ ᠲᠣᠭᠤᠷᠢᠭ︾ ᠪᠣᠯᠭᠠᠨ ᠬᠦᠴᠦᠯᠡᠨ ᠪᠠᠶᠢᠭᠤᠯᠵᠤ᠂ ᠨᠠᠨᠳᠢᠨ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠥᠯᠥᠭᠡ ᠴᠢᠷᠮᠠᠶᠢᠭᠰᠠᠭᠠᠷ ᠢᠷᠡᠵᠡᠢ᠃ 
1.jpg
     ᠨᠠᠨᠳᠢᠨ ᠨᠡᠶᠢᠭᠡᠮ ᠲᠣᠭᠤᠷᠢᠭ ᠪᠣᠯ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ᠂ ᠬᠥᠮᠥᠨ ᠠᠮᠠ ᠪᠠᠷ ᠤᠯᠠᠨ ᠨᠡᠶᠢᠭᠡᠮ ᠲᠣᠭᠤᠷᠢᠭ ᠪᠣᠯᠣᠨ᠎ᠠ᠃ ᠭᠠᠨᠳᠢᠭ ᠲᠤᠰ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠬᠦᠴᠢᠷ ᠵᠤᠪᠠᠯᠠᠩ ᠢ ᠲᠤᠭᠤᠯᠵᠤ ᠭᠠᠷᠤᠭᠰᠠᠨ ᠠᠴᠠ ᠪᠢᠰᠢ ᠲᠣᠭᠤᠷᠢᠵᠤ ᠶᠡᠷᠦ ᠥᠩᠭᠡᠷᠡᠭᠡ ᠦᠭᠡᠢ᠃ ᠲᠡᠷᠡ ᠴᠠᠭ ᠢᠮᠠᠭᠲᠠ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠯᠠᠪᠳᠠᠭᠤᠨ ᠪᠠᠲᠤᠲᠠᠢ ᠠᠵᠢᠯᠯᠠᠨ᠂ ᠥᠪᠡᠷ ᠤᠨ ᠤᠶᠤᠨ ᠴᠢᠳᠠᠯ ᠪᠠ ᠬᠠᠯᠠᠭᠤᠨ ᠰᠡᠳᠬᠢᠯᠭᠡ ᠪᠠᠷ ᠨᠡᠶᠢᠭᠡᠮ ᠲᠣᠭᠤᠷᠢᠭ ᠲᠤ ᠪᠣᠳᠠᠲᠠᠢ ᠠᠵᠢᠯ ᠬᠢᠵᠦ᠂ ᠰᠠᠭᠤᠭᠠᠯᠢ ᠠᠷᠠᠳ ᠲᠤ ᠰᠠᠶᠢᠨ ᠶᠠᠪᠤᠳᠠᠯ ᠢ ᠬᠢᠭᠰᠡᠭᠡᠷ ᠢᠷᠡᠪᠡ᠃ ᠬᠢᠵᠢᠭ ᠲᠠᠬᠤᠯ ᠤᠨ ᠪᠠᠴᠢᠮ ᠪᠠᠶᠢᠳᠠᠯ ᠳᠤ ᠲᠡᠷᠡ ᠨᠠᠮ ᠤᠨ ᠭᠡᠰᠢᠭᠦᠨ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ᠂ ᠡᠷᠡᠭᠦᠯ ᠡᠩᠬᠡ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠬᠠᠷᠠᠮ ᠦᠭᠡᠢ ᠵᠣᠷᠢᠭᠤᠯᠪᠠ᠃ ᠲᠡᠷᠡ ᠪᠠᠰᠠ ᠨᠠᠨᠳᠢᠨ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ 34 ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠵᠤ᠂ 9000 ᠭᠠᠷᠤᠢ ᠲᠡᠭᠰᠢ ᠳᠥᠷᠪᠡᠯᠵᠢᠨ ᠮᠧᠲᠷ ᠭᠠᠵᠠᠷ ᠢ ᠬᠠᠲᠠᠭᠤᠳᠠᠭᠤᠯᠤᠨ᠂ ᠵᠠᠮ ᠤᠨ ᠭᠡᠷᠡᠯᠲᠦᠭᠦᠯᠭᠡ ᠳ᠋ᠧᠩ 288᠂ ᠴᠠᠬᠢᠯᠭᠠᠨ ᠴᠡᠨᠡᠭᠯᠡᠬᠦ ᠪᠠᠭᠠᠨ᠎ᠠ ᠶᠢ 20 ᠤᠭᠰᠠᠷᠠᠭᠤᠯᠵᠤ᠂ ᠰᠢᠨ᠎ᠡ ᠪᠠᠷ 300 ᠮᠧᠲᠷ ᠤᠨ ᠵᠠᠮ ᠳᠡᠪᠢᠰᠪᠡ᠃ ᠷᠧᠨ ᠽᠧ᠂ ᠮᠢᠩ ᠶᠢᠦ᠂ ᠶᠤᠸᠠᠢ ᠰᠢᠨ ᠶᠤᠸᠠᠨ ᠵᠡᠷᠭᠡ ᠰᠠᠭᠤᠭᠠᠯᠢ ᠠᠷᠠᠳ ᠤᠨ ᠲᠣᠭᠤᠷᠢᠭ  ᠤᠨ ᠬᠡᠷᠡᠮ ᠢ ᠳᠠᠬᠢᠨ ᠰᠢᠷᠲᠡᠵᠤ ᠰᠢᠨᠡᠳᠬᠡᠨ᠂ ᠰᠠᠭᠠᠳ ᠦᠭᠡᠢ ᠨᠡᠪᠲᠡᠷᠡᠬᠦ ᠵᠠᠮ᠂ ᠰᠠᠭᠤᠭᠠᠯᠢ ᠠᠷᠠᠳ ᠤᠨ ᠲᠣᠭᠤᠷᠢᠭ ᠤᠨ ᠬᠦᠷᠢᠶᠡᠨ ᠳᠤ ᠰᠢᠷᠡᠭᠡ ᠰᠠᠨᠳᠠᠯᠢ ᠤᠭᠰᠠᠷᠠᠵᠤ ᠨᠠᠰᠤᠲᠠᠶᠢᠴᠤᠳ ᠤᠨ ᠠᠮᠠᠷᠠᠬᠤ ᠳᠤ ᠳᠥᠬᠦᠮ ᠦᠵᠡᠭᠦᠯᠪᠡ᠃ ᠲᠡᠷᠡ ︽ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ︾  ᠪᠠᠷ ᠪᠡᠶ᠎ᠡ ᠪᠠᠨ ᠢᠮᠠᠭᠲᠠ ᠱᠠᠭᠠᠷᠳᠠᠵᠤ᠂ ᠤᠯᠠᠨ ᠲᠦᠮᠡᠨ ᠢ ᠢᠯᠡᠭᠦᠬᠡᠨ ᠪᠣᠳᠣᠯᠬᠢᠯᠠᠨ᠂ ᠤᠯᠠᠨ ᠲᠦᠮᠡᠨ ᠤ ᠰᠠᠨᠠᠯ ᠢ ᠢᠯᠡᠭᠦᠬᠡᠨ ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠢᠯᠡᠭᠦᠬᠡᠨ ᠬᠢᠬᠦ ᠶᠢ ᠡᠳᠦᠷ ᠳᠤᠲᠤᠮ ᠤᠨ ᠠᠵᠢᠯ ᠢᠶᠠᠨ ᠪᠣᠯᠭᠠᠳᠠᠭ ᠪᠠᠶᠢᠨ᠎ᠠ᠃ ᠦᠦᠰᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠰᠢᠶᠣᠣ ᠯᠢ ᠶᠢᠨ ᠠᠪᠤ ᠡᠵᠢ ᠨᠢ ᠵᠡᠮᠳᠡᠭ᠂ ᠬᠥᠳᠡᠯᠮᠦᠷᠢᠯᠡᠬᠦ ᠴᠢᠳᠠᠪᠤᠷᠢ ᠪᠠᠭᠤᠷᠠᠢ ᠪᠣᠯᠤᠭᠰᠠᠨ ᠠᠴᠠ ᠭᠡᠷ ᠪᠦᠯᠢ ᠶᠢᠨ ᠤᠷᠤᠯᠭ᠎ᠠ ᠮᠠᠰᠢ ᠳᠣᠣᠷ᠎ᠠ ᠪᠠᠶᠢᠪᠠ᠃ ᠭᠠᠨᠳᠢᠭ ᠡᠨᠡ ᠬᠦ ᠪᠠᠶᠢᠳᠠᠯ ᠢ ᠣᠶᠢᠯᠭᠠᠭᠰᠠᠨ ᠤ ᠳᠠᠷᠠᠭ᠎ᠠ ᠰᠢᠶᠣᠣ ᠯᠢ ᠳᠤ ᠲᠡᠳᠬᠦᠮᠵᠢ ᠶᠢᠨ ᠮᠥᠩᠭᠦ ᠭᠤᠶᠤᠴᠢᠯᠠᠵᠤ ᠥᠭᠪᠡ᠃ ᠬᠡᠳᠦᠶᠢᠪᠡᠷ ᠲᠡᠳᠬᠦᠮᠵᠢ ᠶᠢᠨ ᠮᠥᠩᠭᠦ ᠲᠡᠶᠢᠮᠦ ᠠᠷᠪᠢᠨ ᠪᠢᠰᠢ ᠪᠤᠯᠪᠠᠴᠦ ︽ᠳᠠᠭᠠᠷᠠᠭᠰᠠᠨ ᠬᠥᠮᠥᠨ ᠳᠤ ᠳᠠᠬᠤ ᠬᠦᠷᠭᠡᠨ᠎ᠡ︾ ᠭᠡᠳᠡᠭᠴᠢᠯᠡᠨ ᠰᠢᠶᠣᠣ ᠯᠢ ᠶᠢᠨ ᠭᠡᠷ  ᠤᠨ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠳᠡᠳᠡᠨ ᠳᠤ ᠮᠠᠰᠢ ᠶᠡᠭᠡ ᠤᠶᠤᠨ ᠰᠠᠨᠠᠭᠠᠨ ᠤ ᠵᠣᠷᠢᠭᠵᠢᠭᠤᠯᠤᠯ ᠥᠭᠭᠦᠭᠰᠡᠨ ᠪᠠᠶᠢᠨ᠎ᠠ᠃
2.jpg
     ᠭᠠᠨᠳᠢᠭ ᠪᠣᠯ ᠳᠠᠷᠤᠢ ᠡᠶᠢᠮᠦᠷᠬᠦᠦ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠬᠦ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠳᠡᠭ ᠵᠢᠷ ᠤᠨ ᠨᠠᠮ ᠤᠨ ᠭᠡᠰᠢᠭᠦᠨ ᠪᠣᠯᠣᠨ᠎ᠠ᠃ ᠲᠡᠷᠡ ᠪᠦᠬᠦ ᠬᠦᠴᠦ ᠬᠥᠳᠡᠯᠮᠦᠷᠢ ᠪᠠᠨ ᠨᠡᠶᠢᠭᠡᠮ ᠲᠣᠭᠤᠷᠢᠭ ᠤᠨ ᠬᠥᠭᠵᠢᠯᠲᠡ ᠳᠤ ᠵᠣᠷᠢᠭᠤᠯᠵᠤ᠂ ᠨᠠᠮ  ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠴᠢᠩ ᠦᠨᠡᠨᠴᠢ ᠦᠢᠯᠡᠴᠢᠯᠡᠬᠦ ᠰᠡᠳᠬᠢᠯᠭᠡ ᠪᠠᠷ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠠᠨᠳᠢᠨ ᠨᠡᠶᠢᠭᠡᠮ ᠲᠣᠭᠤᠷᠢᠭ ᠲᠤ ᠦᠨᠳᠦᠰᠦᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠴᠠᠭ ᠢᠮᠠᠭᠲᠠ ᠵᠣᠷᠢᠭᠤᠯᠬᠤ ᠳᠤ ᠢᠲᠡᠭᠡᠯ ᠳᠦᠭᠦᠷᠡᠩ ᠪᠠᠶᠢᠨ᠎ᠠ᠃
ᠢᠷᠡᠯᠲᠡ᠄ ᠣᠷᠳᠣᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ