︽2023 ᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ  ᠶᠢᠨ ᠵᠦᠢᠯᠡᠰ ᠤᠨ ᠭᠠᠷᠴᠠᠭ︾ ᠢ ᠳᠠᠷᠤᠮᠠᠯᠯᠠᠨ ᠳᠠᠷᠬᠠᠭᠠᠬᠤ ᠳᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2024/2/22
                            ᠦᠦᠰᠢᠨ ᠵᠠᠰᠠᠭ ᠠᠯᠪᠠᠨ ᠵᠠᠬᠢᠳᠠᠯ〔2023〕28 ᠳ᠋ᠤᠭᠠᠷ ᠲᠣᠭᠠᠲᠤ                                ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ︽2023 ᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ  ᠶᠢᠨ ᠵᠦᠢᠯᠡᠰ ᠤᠨ ᠭᠠᠷᠴᠠᠭ︾ ᠢ ᠬᠤᠰᠢᠭᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠨᠡᠶᠢᠲᠡᠯᠡᠬᠦ ᠶᠢᠨ ᠬᠠᠮᠲᠤ᠂ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ᠂ ᠳᠠᠭᠠᠭᠠᠴᠢᠯᠠᠨ ᠭᠦᠢᠴᠡᠳᠬᠡᠬᠦ ᠨᠢᠭᠡᠴᠢ ᠨᠢ ᠡᠷᠬᠡᠪᠰᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠰᠢᠢᠳᠪᠦᠷᠢᠲᠦ ᠪᠣᠳᠣᠯᠭ᠎ᠠ ᠶᠢ ᠬᠠᠮᠲᠤ ᠪᠠᠷ ᠶᠠᠷᠢᠯᠴᠠᠬᠤ ᠵᠡᠷᠭᠡ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠵᠦᠢ ᠶᠣᠰᠣᠴᠢ᠂ ᠶᠠᠪᠤᠴᠠ ᠨᠢ ᠢᠯᠡ᠂ ᠬᠠᠷᠢᠭᠤᠴᠠᠯᠭ᠎ᠠ ᠨᠢ ᠲᠣᠳᠣᠷᠬᠠᠢ ᠪᠠᠶᠢᠬᠤ ᠶᠢ ᠦᠨᠡᠨᠬᠦ ᠪᠠᠲᠤᠯᠠᠨ᠎ᠠ᠃       ᠬᠤᠶᠠᠷ᠂ ᠡᠯ᠎ᠡ ᠳᠠᠭᠠᠭᠠᠴᠢᠯᠠᠨ ᠭᠦᠢᠴᠡᠳᠬᠡᠬᠦ ᠨᠢᠭᠡᠴᠢ ᠨᠦᠭᠦᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠬᠤᠯᠠᠴᠢᠯᠠᠵᠤ᠂ ᠰᠢᠢᠳᠪᠦᠷᠢᠲᠦ ᠪᠣᠳᠣᠯᠭ᠎ᠠ ᠶᠢᠨ ᠲᠥᠷᠥᠯ ᠵᠦᠢᠯ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠤ ᠪᠣᠶ ᠪᠣᠯᠤᠭᠰᠠᠨ ᠲᠠᠰ ᠳᠠᠷᠠᠭᠠᠯᠠᠯ ᠤᠨ ᠭᠡᠷᠡᠴᠢᠯᠡᠬᠦ ᠮᠠᠲ᠋ᠧᠷᠢᠶᠠᠯ ᠢ ᠴᠠᠭ ᠲᠤᠬᠠᠢ ᠳᠤᠨᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠪᠥᠬᠦ ᠶᠠᠪᠤᠴᠠ ᠶᠢ ᠲᠡᠮᠳᠡᠭᠯᠡᠬᠦ ᠶᠢ ᠪᠡᠶᠡᠯᠡᠭᠦᠯᠤᠨ᠎ᠡ᠃      ᠳᠠᠭᠠᠯᠳᠤᠭᠤᠯᠤᠯ᠄ 2023 ᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ                               ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                          2023 ᠣᠨ ᠤ 11 ᠰᠠᠷ᠎ᠠ ᠶᠢᠨ 24 ᠤ ᠡᠳᠦᠷᠳᠠᠭᠠᠯᠳᠤᠭᠤᠯᠤᠯ                 2023 ᠣᠨ ᠤ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ                 ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ
未命名_副本.jpg 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ