ᠦᠦᠰᠢᠨ ᠬᠤᠰᠢᠭᠤᠨ ᠤ 2023 ᠣᠨ ᠤ 1 —11  ᠳ᠋ᠤᠭᠡᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2024/2/22
      ︵ᠨᠢᠭᠡ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠶᠡᠬᠡᠪᠡᠷ ᠨᠡᠮᠡᠭᠳᠡᠪᠡ       1 —11 ᠳ᠋ᠤᠭᠡᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 77.1% ᠪᠠᠷ ᠨᠡᠮᠡᠭᠳᠡᠵᠤ᠂ ᠪᠥᠬᠦ ᠬᠤᠲᠠ ᠳᠤ ᠨᠢᠭᠡᠳᠦᠭᠡᠷ ᠲᠤ ᠣᠷᠣᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ  ᠢᠶᠠᠷ 74.2 ᠬᠤᠪᠢ ᠥᠨᠳᠥᠷ᠂ ᠪᠥᠬᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 55.2 ᠬᠤᠪᠢ ᠥᠨᠳᠥᠷ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 47.1 ᠬᠤᠪᠢ ᠥᠨᠳᠥᠷ ᠪᠣᠯᠪᠠ᠃ ᠠᠵᠤ ᠦᠢᠯᠡᠰ ᠢᠶᠠᠷ ᠨᠢ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 52.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 147.7% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 32.5% ᠪᠠᠷ ᠪᠠᠭᠤᠷᠠᠪᠠ᠃ ᠠᠵᠢᠯ ᠲᠦᠷᠦᠯ ᠢᠶᠠᠷ ᠨᠢ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 13.5% ᠪᠠᠷ ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 2391.7% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 29.9% ᠪᠠᠷ ᠪᠠᠭᠤᠷᠠᠪᠠ︔ ᠪᠤᠰᠤᠳ ᠭᠦᠢᠴᠡᠳᠬᠡᠯ ᠲᠤᠭ᠎ᠠ ᠠᠴᠠ ᠦᠵᠡᠪᠡᠯ᠂ ᠠᠷᠠᠳ ᠤᠨ ᠪᠡᠯᠡ ᠣᠷᠣᠭᠤᠯᠤᠯᠲᠠ 721.2% ᠢᠶᠠᠷ ᠨᠡᠮᠡᠭᠳᠡᠪᠡ︔ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ 51.3% ᠪᠠᠷ ᠪᠠᠭᠤᠷᠠᠪᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 147.7% ᠪᠠᠷ ᠨᠡᠮᠡᠭᠳᠡᠪᠡ᠂ ᠡᠭᠦᠨ ᠤ ᠳᠣᠲᠣᠷ᠎ᠠ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ 65.1% ᠪᠠᠷ ᠪᠠᠭᠤᠷᠠᠪᠠ᠃             11 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 138 ᠪᠤᠢ ︵ᠡᠨᠡ ᠵᠢᠯ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ 54 ᠲᠦᠷᠦᠯ ᠪᠠᠭᠲᠠᠨ᠎ᠠ︶᠂ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 49᠂ 500 ᠲᠦᠮᠡ — 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 54᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 35 ᠪᠣᠶ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 24 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 7.7% ᠪᠠᠷ ᠪᠠᠭᠤᠷᠠᠪᠠ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 121.2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 90.63% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 6 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 194.3% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 83.37% ᠶᠢ ᠡᠵᠡᠯᠡᠪᠡ᠃ ᠬᠤᠲᠠ ᠶᠢᠨ ᠱᠠᠲᠤᠨ ᠠᠴᠠ ᠲᠣᠬᠢᠷᠠᠭᠤᠯᠵᠤ ᠪᠠᠶᠢᠭ᠎ᠠ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 21 ᠲᠥᠷᠥᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ᠂ 114.85 ᠳ᠋ᠦᠩᠰᠢᠭᠤᠷ ᠲᠥᠭᠦᠷᠢᠭ ︵ᠪᠠᠶᠢᠭᠠᠯᠢ ᠶᠢᠨ ᠰᠢᠲᠠᠮᠠᠬᠠᠢ ᠬᠡᠢ ᠶᠢᠨ 26.17 ᠳ᠋ᠦᠩᠰᠢᠭᠤᠷ ᠲᠥᠭᠦᠷᠢᠭ ᠪᠠᠭᠲᠠᠨ᠎ᠠ︶ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃       1—11 ᠳ᠋ᠤᠭᠡᠷ ᠰᠠᠷ᠎ᠠ ᠳᠤ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 128476 ᠲᠡᠭᠰᠢ ᠳᠥᠷᠪᠡᠯᠵᠢᠨ ᠮᠧᠲᠷ ᠲᠤ ᠬᠦᠷᠴᠦ᠂ 12.4% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ 46203 ᠲᠦᠮᠡᠨ ᠲᠥᠭᠦᠷᠢᠭ ᠲᠤ ᠬᠦᠷᠴᠦ᠂ 0.8% ᠪᠠᠷ ᠨᠡᠮᠡᠭᠳᠡᠪᠡ᠃      ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠤᠢ        1—11 ᠳ᠋ᠤᠭᠡᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ  ᠬᠢ ᠠᠴᠠ 12.65% ᠪᠠᠷ ᠪᠠᠭᠤᠷᠠᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠢ ᠠᠵᠢᠯ ᠲᠥᠷᠥᠯ ᠤᠨ ᠲᠥᠷᠥᠯ ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 21.8% ᠢᠶᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 25.3% ᠪᠠᠷ ᠪᠠᠭᠤᠷᠠᠪᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 34.7% ᠪᠠᠷ ᠪᠠᠭᠤᠷᠠᠪᠠ᠃ ᠬᠦᠨᠳᠦ ᠬᠥᠩᠭᠡᠨ ᠠᠵᠤ ᠦᠢᠯᠡᠳᠪᠦᠷᠢ ᠪᠠᠷ ᠨᠢ ᠬᠤᠪᠢᠶᠠᠪᠠᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 19.35% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 16.32% ᠢᠶᠠᠷ ᠪᠠᠭᠤᠷᠠᠪᠠ︔ ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ ᠄ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 13.92% ᠢᠶᠠᠷ ᠪᠠᠭᠤᠷᠠᠪᠠ︔ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 33.37% ᠪᠠᠷ ᠪᠠᠭᠤᠷᠠᠪᠠ︔ ᠬᠤᠪᠢ ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 16.89% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.85% ᠪᠠᠷ ᠪᠠᠭᠤᠷᠠᠪᠠ᠃             1—11 ᠳ᠋ᠤᠭᠡᠷ ᠰᠠᠷ᠎ᠠ ᠶᠢᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠬᠡᠮᠵᠢᠶ᠎ᠡ᠄ ᠲᠦᠬᠦᠬᠡᠢ ᠨᠡᠭᠦᠷᠡᠰᠦ 3558.65 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.51% ᠪᠠᠷ ᠪᠠᠭᠤᠷᠠᠪᠠ︔ ᠨᠠᠷᠢᠯᠢᠭ ᠮᠧᠲ᠋ᠢᠯ ᠠᠯᠺᠤᠤᠯ ᠨᠢ 586.59 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.40% ᠢᠶᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 81.34 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.21% ᠪᠠᠷ ᠪᠠᠭᠤᠷᠠᠪᠠ︔ ᠰᠢᠭᠡᠰᠦᠯᠢᠭ ᠡᠳ᠋ 288.78 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.67% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 96.46 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.65% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 98.85 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.84% ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 24.32 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.96% ᠪᠠᠷ ᠪᠠᠭᠤᠷᠠᠪᠠ᠃         ︵ᠭᠤᠷᠪᠠ︶ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠤᠶᠠᠷ ᠶᠡᠭᠡ ᠲᠤᠯᠭᠠᠭᠤᠷᠢ ᠠᠵᠢᠯ ᠲᠥᠷᠥᠯ ᠤᠨ ᠬᠦᠴᠦᠨ ᠮᠡᠬᠦᠰᠳᠡᠵᠦ ᠪᠣᠶ             1—10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ  ᠶᠢ 5.83 ᠳ᠋ᠦᠩᠰᠢᠭᠤᠷ ᠲᠥᠭᠦᠷᠢᠭ  ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 12.59% ᠪᠠᠷ ᠪᠠᠭᠤᠷᠠᠪᠠ᠃ ᠠᠵᠢᠯ ᠲᠦᠷᠦᠯ ᠤᠨ ᠲᠦᠷᠦᠯ ᠬᠡᠯᠪᠡᠷᠢ ᠪᠠᠷ ᠬᠤᠪᠢᠶᠠᠪᠠᠯ᠂ ᠬᠥᠮᠥᠷᠭᠡ ᠳᠤ ᠪᠠᠶᠢᠭ᠎ᠠ 4 ᠠᠵᠢᠯ ᠲᠥᠷᠥᠯ ᠨᠢ ︽ᠨᠢᠭᠡ ᠳᠡᠭᠡᠭᠰᠢᠯᠡᠵᠦ ᠭᠤᠷᠪᠠ ᠪᠠᠭᠤᠷᠠᠬᠤ︾ ᠪᠠᠶᠢᠳᠠᠯ ᠢᠯᠡᠷᠡᠪᠡ᠂ ︽ᠨᠢᠭᠡ ᠳᠡᠭᠡᠭᠰᠢᠯᠡᠬᠦ︾ ᠭᠡᠳᠡᠭ ᠨᠢ᠄ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.48 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 128.57% ᠪᠠᠷ ᠨᠡᠮᠡᠭᠳᠡᠪᠡ︔ ︽ᠭᠤᠷᠪᠠ ᠪᠠᠭᠤᠷᠠᠬᠤ︾ ᠭᠡᠳᠡᠭ ᠨᠢ᠄ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 2.29 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25.16% ᠪᠠᠷ ᠪᠠᠭᠤᠷᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 2.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.42% ᠢᠶᠠᠷ ᠪᠠᠭᠤᠷᠠᠪᠠ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.33% ᠪᠠᠷ ᠪᠠᠭᠤᠷᠠᠪᠠ᠃                1—10 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 13 ᠡᠷᠦᠬᠡ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠥᠬᠦ ᠡᠷᠦᠬᠡ ᠶᠢᠨ ᠲᠣᠭᠠᠨ ᠤ 72.22% ᠢ ᠡᠵᠡᠯᠡᠵᠦ᠂ ᠡᠵᠡᠩᠨᠡᠯᠲᠡ ᠶᠢᠨ ᠣᠷᠣᠯᠭ᠎ᠠ ᠶᠢ 2.91 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 10.98% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠤᠪᠢ ᠶᠢᠨ ᠵᠢᠩ ᠨᠢ 49.91% ᠳᠤ ᠬᠦᠷᠪᠡ᠃      ︵ᠳᠥᠷᠪᠡ︶  ᠵᠠᠬ᠎ᠠ ᠳᠡᠯᠭᠡᠭᠦᠷ ᠤᠨ ᠬᠡᠷᠡᠭᠯᠡᠭᠡ ᠶᠢ ᠲᠣᠭᠲᠠᠭᠤᠨ ᠢᠶᠠᠷ ᠰᠡᠷᠭᠦᠭᠡᠪᠡ                  1—11 ᠳ᠋ᠤᠭᠡᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠶᠢ 35 ᠳ᠋ᠦᠩᠰᠢᠭᠤᠷ ᠲᠥᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠣᠯᠣᠳᠤᠭᠠᠷ ᠲᠤ ᠵᠢᠭᠰᠠᠭᠠᠭᠳᠠᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1.3 ᠬᠤᠪᠢ ᠥᠨᠳᠥᠷ᠂ ᠪᠥᠬᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 0.3 ᠬᠤᠪᠢ ᠥᠨᠳᠥᠷ᠂ ᠪᠥᠬᠦ ᠬᠤᠲᠠ ᠶᠢᠨ  ᠬᠢ ᠠᠴᠠ ᠵᠠᠭᠤᠨ ᠤ ᠬᠠᠷᠢᠴᠠᠯ ᠢᠶᠠᠷ 1.3 ᠬᠤᠪᠢ ᠳᠣᠣᠷ᠎ᠠ ᠪᠣᠯᠵᠤ᠂ 1—10 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.7 ᠬᠤᠪᠢ ᠳᠡᠭᠡᠭᠰᠢᠯᠡᠪᠡ᠃       ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠪᠡ︔ ᠬᠥᠳᠡᠭᠡ ᠲᠣᠰᠬᠤᠨ ᠤ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.8% ᠪᠠᠷ ᠪᠠᠭᠤᠷᠠᠪᠠ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 23.9% ᠪᠠᠷ ᠨᠡᠮᠡᠭᠳᠡᠪᠡ︔ ᠬᠢᠵᠠᠭᠠᠷᠯᠠᠭᠰᠠᠨ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ  ᠬᠢ ᠠᠴᠠ 39.7% ᠪᠠᠷ ᠨᠡᠮᠡᠭᠳᠡᠪᠡ᠃                   1—11 ᠳ᠋ᠤᠭᠡᠷ ᠰᠠᠷ᠎ᠠ ᠳᠤ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ 80.1% ᠪᠠᠷ ᠨᠡᠮᠡᠭᠳᠡᠵᠦ᠂ 34.84% ᠶᠢ ᠡᠵᠡᠯᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ 30.5% ᠪᠠᠷ ᠨᠡᠮᠡᠭᠳᠡᠵᠦ᠂ 8.75% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ 6.8% ᠪᠠᠷ ᠨᠡᠮᠡᠭᠳᠡᠵᠦ᠂ 5.55% ᠶᠢ ᠡᠵᠡᠯᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 13.2% ᠢᠶᠠᠷ ᠨᠡᠮᠡᠭᠳᠡᠵᠦ᠂ 1.84% ᠶᠢ ᠡᠵᠡᠯᠡᠪᠡ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 27.8% ᠪᠠᠷ ᠨᠡᠮᠡᠭᠳᠡᠵᠦ᠂ 2.22% ᠢ ᠡᠵᠡᠯᠡᠪᠡ︔ ᠮᠠᠰᠢᠨ ᠲᠡᠷᠭᠡᠨ ᠤ ᠲᠥᠷᠥᠯ 2.8% ᠪᠠᠷ ᠨᠡᠮᠡᠭᠳᠡᠵᠦ᠂ 44.16% ᠶᠢ ᠡᠵᠡᠯᠡᠪᠡ︔ ᠪᠤᠰᠤᠳ ᠲᠦᠷᠦᠯ ᠤᠨ ᠬᠢᠨ 15.3% ᠪᠠᠷ ᠪᠠᠭᠤᠷᠠᠵᠤ 2.64% ᠶᠢ ᠡᠵᠡᠯᠡᠪᠡ᠃              ︵ᠲᠠᠪᠤ︶ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠵᠠᠷᠤᠯᠭ᠎ᠠ ᠴᠦᠮ ᠨᠡᠮᠡᠭᠳᠡᠪᠡ         1—11 ᠳ᠋ᠤᠭᠡᠷ ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠨᠡᠶᠢᠲᠡ 431965 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 66503 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 18.2% ᠢᠶᠠᠷ ᠨᠡᠮᠡᠭᠳᠡᠪᠡ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 666452 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 103507 ᠲᠦᠮᠡᠨ ᠲᠥᠭᠦᠷᠢᠭ ᠤᠨ ᠵᠠᠷᠤᠯᠭ᠎ᠠ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠪᠡ᠃      
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ