ᠥᠥᠰᠢᠨ ᠬᠤᠰᠢᠭᠤᠨ ᠤ 2023 ᠣᠨ ᠤ ᠠᠵᠦ ᠠᠬᠤᠢ ᠶᠢᠨ ᠡᠷᠬᠢᠯᠳᠡ ᠶᠢᠨ ᠪᠠᠶᠢᠳᠠᠯ
ᠨᠡᠶᠢᠲᠡᠯᠡᠭᠰᠡᠨ ᠴᠠᠭ᠄
2024/2/23
      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠥᠨ ᠴᠦ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠵᠢᠬᠰᠠᠭᠠᠯᠳᠠ ᠳᠤ ᠤᠷᠤᠬᠤ ᠪᠠᠷ ᠬᠦᠴᠦᠯᠡᠨ ᠴᠢᠷᠮᠠᠶᠢᠬᠤ ᠵᠢᠯ ᠪᠣᠯᠣᠨ᠎ᠠ᠃ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠳᠠᠬᠢᠨᠲᠠ ᠰᠢᠨ᠎ᠡ ᠳᠡᠭᠲᠡᠷ ᠲᠤ ᠭᠠᠷᠴᠤ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠳᠡᠭᠡᠭᠰᠢᠯᠡᠨ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠢ ᠪᠠᠷᠢᠮᠲᠠᠯᠠᠵᠤ ᠪᠡᠯᠡ ᠣᠷᠣᠭᠤᠯᠤᠯᠲᠠ ᠶᠢ ᠳᠠᠬᠢᠨ ᠢᠶᠠᠷ ᠨᠡᠮᠡᠭᠳᠡᠭᠦᠯᠬᠦ ᠵᠡᠷᠭᠡ ᠬᠠᠷᠠᠯᠲᠠ ᠡᠭᠦᠷᠭᠡ ᠶᠢ ᠪᠡᠶᠡᠯᠡᠭᠦᠯᠵᠦ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃      ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ ᠪᠥᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 501.49 ᠳ᠋ᠦᠩᠰᠢᠭᠤᠷ ᠲᠥᠭᠦᠷᠢᠭ ᠲᠤ ᠭᠦᠷᠴᠤ᠂ ᠬᠠᠷᠢᠴᠠᠭᠤᠯᠵᠦ ᠪᠤᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 25.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 379.60 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.7% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 96.31 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 5.1᠄ 75.7᠄ 19.2 ᠪᠣᠯᠣᠨ᠎ᠠ᠃      ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠡᠭᠡᠪᠡᠷ ᠨᠡᠮᠡᠭᠳᠡᠪᠡ      2023 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 133.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 64.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠲᠡᠷᠢᠬᠦᠯᠡᠵᠦ᠂ ᠪᠥᠬᠦ ᠤᠯᠤᠰ ᠤᠨ  ᠬᠢ ᠠᠴᠠ ᠵᠠᠭᠤᠨ ᠤ ᠬᠠᠷᠢᠴᠠᠯ ᠢᠶᠠᠷ 61.5 ᠬᠤᠪᠢ ᠥᠨᠳᠥᠷ᠂ ᠪᠥᠬᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 44.7 ᠬᠤᠪᠢ ᠥᠨᠳᠥᠷ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 37.1 ᠬᠤᠪᠢ ᠥᠨᠳᠥᠷ ᠪᠣᠯᠵᠠᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 88.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 127.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 50% ᠪᠠᠷ ᠪᠠᠭᠤᠷᠠᠪᠠ᠃ ᠬᠦᠷᠢᠶ᠎ᠡ ᠬᠡᠪᠴᠢᠶ᠎ᠡ ᠪᠠᠷ ᠨᠢ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 50.5% ᠢᠶᠠᠷ ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 2149.9% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ25.9% ᠪᠠᠷ ᠪᠠᠭᠤᠷᠠᠪᠠ᠃ ᠪᠤᠰᠤᠳ ᠭᠦᠢᠴᠡᠳᠬᠡᠯ ᠲᠤᠭ᠎ᠠ  ᠪᠠᠷ ᠬᠤᠪᠢᠶᠠᠵᠤ ᠦᠵᠡᠪᠡᠯ᠂ ᠠᠷᠠᠳ ᠤᠨ ᠪᠡᠯᠡ ᠣᠷᠣᠭᠤᠯᠤᠯᠲᠠ 624.5% ᠪᠠᠷ ᠨᠡᠮᠡᠭᠳᠡᠪᠡ︔ ᠨᠡᠶᠢᠭᠡᠮ ᠤᠨ ᠬᠦᠷᠢᠶ᠎ᠡ ᠴᠠᠷᠠᠭᠠᠨ ᠳᠠᠬᠢ ᠪᠡᠯᠡ ᠣᠷᠣᠭᠤᠯᠤᠯᠲᠠ 44.2% ᠢᠶᠠᠷ ᠪᠠᠭᠤᠷᠠᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 127.1% ᠪᠠᠷ ᠨᠡᠮᠡᠭᠳᠡᠪᠡ᠂ ᠡᠭᠦᠨ ᠤ ᠳᠣᠲᠣᠷ᠎ᠠ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ 89.8% ᠪᠠᠷ ᠪᠠᠭᠤᠷᠠᠪᠠ᠃      12 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 138 ᠲᠦᠷᠦᠯ ︵ᠡᠨᠡ ᠵᠢᠯ ᠤᠨ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ 54 ᠲᠥᠷᠥᠯ ᠵᠦᠢᠯ ᠪᠠᠭᠲᠠᠨ᠎ᠠ︶ ᠪᠠᠶᠢᠵᠦ᠂ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 49 ᠲᠦᠷᠦᠯ᠂ 500 ᠲᠦᠮᠡ ᠠᠴᠠ 5000 ᠲᠦᠮᠡ ᠶᠢᠨ ᠬᠤᠭᠤᠷᠤᠨᠳᠤᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 54 ᠲᠦᠷᠦᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 35 ᠲᠦᠷᠦᠯ ᠪᠣᠶ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 19 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 32.1% ᠪᠠᠷ ᠪᠠᠭᠤᠷᠠᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 99.8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 90.4% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 4 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 33.3% ᠪᠠᠷ ᠨᠡᠮᠡᠭᠳᠡᠨ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ  ᠬᠢ ᠠᠴᠠ 198.3% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ 87.42% ᠢ ᠡᠵᠡᠯᠡᠪᠡ᠃ ᠬᠤᠲᠠ ᠶᠢᠨ ᠱᠠᠲᠤᠨ ᠤ ᠲᠣᠬᠢᠷᠠᠭᠤᠯᠤᠭᠰᠠᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 21 ᠲᠦᠷᠦᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ᠂ 120 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      1—12 ᠰᠠᠷ᠎ᠠ ᠳᠤ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 137763 ᠲᠡᠭᠰᠢ ᠳᠥᠷᠪᠡᠯᠵᠢᠨ ᠮᠧᠲᠷ ᠲᠤ ᠬᠦᠷᠴᠦ᠂ 16.1% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 49775 ᠲᠦᠮᠡᠨ ᠲᠥᠭᠦᠷᠢᠭ ᠲᠤ ᠬᠦᠷᠴᠦ᠂ 4.8% ᠪᠠᠷ ᠨᠡᠮᠡᠭᠳᠡᠪᠡ᠃      ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠳᠠᠷᠤᠯᠲᠠ ᠶᠢ ᠳᠠᠭᠠᠭᠠᠬᠤ ᠪᠠᠶᠢᠳᠠᠯ ᠲᠣᠭᠲᠠᠪᠤᠷᠢᠵᠢᠪᠠ       1—12 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 0.4% ᠪᠠᠷ ᠨᠡᠮᠡᠭᠳᠡᠪᠡ︔ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 12.86% ᠪᠠᠷ ᠪᠠᠭᠤᠷᠠᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠢ ᠠᠵᠢᠯ ᠲᠥᠷᠥᠯ ᠤᠨ ᠲᠥᠷᠥᠯ ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 21.4% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠪᠠ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ  ᠬᠢ ᠠᠴᠠ 3.2% ᠢᠶᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ26.5% ᠪᠠᠷ ᠪᠠᠭᠤᠷᠠᠪᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 34.0% ᠢᠶᠠᠷ ᠪᠠᠭᠤᠷᠠᠪᠠ᠃ ᠬᠦᠨᠳᠦ ᠬᠥᠩᠭᠡᠨ ᠠᠵᠤ ᠦᠢᠯᠡᠳᠪᠦᠷᠢ ᠪᠠᠷ ᠬᠤᠪᠢᠶᠠᠪᠠᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 18.59% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 11.09% ᠪᠠᠷ ᠪᠠᠭᠤᠷᠠᠪᠠ᠃ ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ᠄ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ  ᠬᠢ ᠠᠴᠠ 7.92% ᠢᠶᠠᠷ ᠪᠠᠭᠤᠷᠠᠪᠠ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ  ᠬᠢ ᠠᠴᠠ 32.62% ᠢᠶᠠᠷ ᠪᠠᠭᠤᠷᠠᠪᠠ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ  ᠬᠢ ᠠᠴᠠ 11.46% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.27% ᠪᠠᠷ ᠪᠠᠭᠤᠷᠠᠪᠠ︔      1—12 ᠰᠠᠷ᠎ᠠ ᠶᠢᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ᠄ ᠲᠦᠭᠦᠬᠡᠢ ᠨᠡᠭᠦᠷᠡᠰᠦ 3889.28 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.47% ᠪᠠᠷ ᠪᠠᠭᠤᠷᠠᠪᠠ︔ ᠨᠠᠷᠢᠯᠢᠭ ᠮᠧᠲ᠋ᠢᠯ ᠠᠯᠺᠣᠣᠯ 631.92 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.03% ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 87.66 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.53% ᠪᠠᠷ ᠪᠠᠭᠤᠷᠠᠪᠠ︔ ᠰᠢᠭᠡᠰᠦᠯᠢᠭ ᠡᠳ᠋ 312.41 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.24% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 104.49 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.25% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 106.97 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.38% ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 26.91 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.46% ᠪᠠᠷ ᠪᠠᠭᠤᠷᠠᠪᠠ᠃      ᠭᠤᠷᠪᠠ᠂ ᠦᠢᠯᠡᠴᠢᠯᠡᠭᠡᠨ ᠤ ᠬᠥᠭᠵᠢᠯᠲᠡ ᠶᠢ ᠦᠷᠭᠦᠯᠵᠢᠯᠡᠨ ᠰᠡᠷᠭᠦᠭᠡᠪᠡ      1—11 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 6.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.38% ᠪᠠᠭᠤᠷᠠᠪᠠ᠃ ᠠᠵᠢᠯ ᠲᠦᠷᠦᠯ ᠤᠨ ᠬᠡᠯᠪᠡᠷᠢ ᠪᠠᠷ ᠬᠤᠪᠢᠶᠠᠪᠠᠯ᠂ ᠬᠥᠮᠥᠷᠭᠡ ᠳᠤ ᠪᠠᠶᠢᠭ᠎ᠠ 4 ᠠᠵᠢᠯ ᠲᠥᠷᠥᠯ ᠨᠢ ︽ᠨᠢᠭᠡ ᠳᠡᠭᠡᠭᠰᠢᠯᠡᠵᠦ ᠭᠤᠷᠪᠠ ᠪᠠᠭᠤᠷᠠᠬᠤ︾ ᠪᠠᠶᠢᠳᠠᠯ ᠢᠯᠡᠷᠡᠪᠡ᠂ ︽ᠨᠢᠭᠡ ᠳᠡᠭᠡᠭᠰᠢᠯᠡᠬᠦ︾ ᠭᠡᠳᠡᠭ ᠨᠢ᠄ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.48 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 108.7% ᠪᠠᠷ ᠨᠡᠮᠡᠭᠳᠡᠪᠡ︔ ︽ᠭᠤᠷᠪᠠ ᠪᠠᠭᠤᠷᠠᠬᠤ︾ ᠭᠡᠳᠡᠭ ᠨᠢ᠄ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 2.59 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.92% ᠢᠶᠠᠷ ᠪᠠᠭᠤᠷᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 3.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 7.38% ᠪᠠᠷ ᠪᠠᠭᠤᠷᠠᠪᠠ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.46% ᠪᠠᠷ ᠪᠠᠭᠤᠷᠠᠪᠠ᠃      1—11 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 13 ᠡᠷᠦᠬᠡ ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠥᠬᠦ ᠡᠷᠦᠬᠡ ᠶᠢᠨ ᠲᠣᠭᠠᠨ ᠤ 72.22% ᠢ ᠡᠵᠡᠯᠡᠵᠦ᠂ ᠡᠵᠡᠩᠨᠡᠯᠲᠡ ᠶᠢᠨ ᠣᠷᠣᠯᠭ᠎ᠠ ᠶᠢ 3.36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.92% ᠢᠶᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 51.38% ᠶᠢ ᠡᠵᠡᠯᠡᠪᠡ᠃      ᠳᠥᠷᠪᠡ᠂ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠪᠡ      2023 ᠤᠨ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 38.3 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠤᠩᠬᠡᠢ ᠲᠤᠭ᠎ᠠ ᠨᠢ ᠪᠥᠬᠦ ᠬᠤᠲᠠ ᠶᠢᠨ ᠵᠢᠷᠭᠤᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠶᠢᠰᠦᠳᠦᠭᠡᠷ ᠲᠤ ᠵᠢᠭᠰᠠᠭᠠᠭᠳᠠᠵᠤ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 1 ᠬᠤᠪᠢ ᠥᠨᠳᠥᠷ᠂ ᠪᠥᠬᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.9 ᠬᠤᠪᠢ ᠲᠤᠤᠷ᠎ᠠ ᠪᠣᠯᠵᠠᠢ᠃      ᠪᠤᠷᠤᠯᠠᠭᠤᠯᠭ᠎ᠠ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 27.7 ᠳ᠋ᠦᠩᠰᠢᠭᠤᠷ ᠲᠥᠭᠦᠷᠢᠭ ᠬᠦᠷᠴᠦ᠂ 7.8% ᠪᠠᠷ ᠨᠡᠮᠡᠭᠳᠡᠪᠡ︔ ᠬᠥᠳᠡᠭᠡ ᠲᠣᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 10.6 ᠳ᠋ᠦᠩᠰᠢᠭᠤᠷ ᠲᠥᠭᠦᠷᠢᠭ ᠲᠤ ᠬᠦᠷᠴᠦ᠂ 9.4% ᠪᠠᠷ ᠨᠡᠮᠡᠭᠳᠡᠪᠡ᠃ ᠬᠡᠷᠡᠭᠯᠡᠭᠡᠨ ᠤ ᠲᠦᠷᠦᠯ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 32.7 ᠳ᠋ᠦᠩᠰᠢᠭᠤᠷ ᠲᠥᠭᠦᠷᠢᠭ ᠲᠤ ᠬᠦᠷᠴᠦ᠂ 6.5% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 5.6 ᠳ᠋ᠦᠩᠰᠢᠭᠤᠷ ᠲᠥᠭᠦᠷᠢᠭ ᠲᠤ ᠬᠦᠷᠴᠦ᠂ 19.2% ᠢᠶᠠᠷ ᠨᠡᠮᠡᠭᠳᠡᠪᠡ᠃      ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠦᠷᠦᠯ 96.8% ᠪᠠᠷ ᠨᠡᠮᠡᠭᠳᠡᠵᠦ᠂ 34.2% ᠢ ᠡᠵᠡᠯᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ 30.4% ᠪᠠᠷ ᠨᠡᠮᠡᠭᠳᠡᠵᠦ᠂ 8.7% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ ᠵᠦᠢᠯ 3.0% ᠪᠠᠷ ᠨᠡᠮᠡᠭᠳᠡᠵᠦ᠂ 5.6% ᠶᠢ ᠡᠵᠡᠯᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 12.2% ᠢᠶᠠᠷ ᠨᠡᠮᠡᠭᠳᠡᠵᠦ᠂ 1.8% ᠶᠢ ᠡᠵᠡᠯᠡᠪᠡ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 27.3% ᠪᠠᠷ ᠨᠡᠮᠡᠭᠳᠡᠵᠦ᠂ 2.2% ᠢ ᠡᠵᠡᠯᠡᠪᠡ︔ ᠮᠠᠰᠢᠨ ᠲᠡᠷᠭᠡᠨ ᠤ ᠲᠥᠷᠥᠯ 2.8% ᠪᠠᠷ ᠪᠠᠭᠤᠷᠠᠵᠤ᠂ 44.8% ᠶᠢ ᠡᠵᠡᠯᠡᠪᠡ︔ ᠪᠤᠰᠤᠳ ᠲᠥᠷᠥᠯ ᠨᠢ 18.3% ᠪᠠᠷ ᠨᠡᠮᠡᠭᠳᠡᠵᠦ᠂ 2.7% ᠶᠢ ᠡᠵᠡᠯᠡᠪᠡ᠃      ᠲᠠᠪᠤ᠂ ᠡᠳ᠋ ᠤᠨ ᠵᠠᠰᠠᠭ ᠤᠨ ᠡᠷᠬᠢᠯᠳᠡ ᠶᠡᠷᠦᠩᠬᠡᠢ ᠳᠡᠭᠡᠨ ᠲᠣᠭᠲᠠᠭᠤᠨ ᠪᠤᠯᠪᠠ      2023 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠨᠡᠶᠢᠲᠡ 50.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠪᠡ᠃ ᠡᠭᠦᠨ ᠤ ᠳᠣᠲᠣᠷ᠎ᠠ᠂ ᠭᠠᠶᠢᠯᠢ ᠲᠠᠲᠠᠪᠤᠷᠢ ᠶᠢᠨ ᠣᠷᠣᠯᠭ᠎ᠠ ᠶᠢ 34.2 ᠳ᠋ᠦᠩᠰᠢᠭᠤᠷ ᠲᠥᠭᠦᠷᠢᠭ ᠪᠡᠶᠡᠯᠡᠭᠦᠯᠵᠦ᠂  ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢᠨ 67.2% ᠢ ᠡᠵᠡᠯᠡᠪᠡ᠃      2023 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ 77.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ᠃ ᠠᠷᠠᠳ ᠤᠨ ᠠᠮᠢᠳᠤᠷᠠᠯ ᠤᠨ ᠠᠰᠢᠭ ᠲᠤᠰᠠ ᠳᠤ ᠬᠤᠯᠪᠣᠭᠳᠠᠭᠰᠠᠨ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 5.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 10.9% ᠪᠠᠷ ᠨᠡᠮᠡᠭᠳᠡᠪᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 4.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.5% ᠪᠠᠷ ᠨᠡᠮᠡᠭᠳᠡᠪᠡ︔ ᠲᠠᠷᠢᠶᠠᠯᠠᠩ ᠣᠶ ᠰᠢᠭᠤᠢ ᠤᠰᠤᠨ ᠤ ᠶᠠᠪᠤᠳᠠᠯ ᠤᠨ ᠵᠠᠷᠤᠯᠭ᠎ᠠ 15.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.5% ᠪᠠᠷ ᠨᠡᠮᠡᠭᠳᠡᠪᠡ᠃      ᠵᠢᠷᠭᠤᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠪᠠᠶᠢᠳᠠᠯ ᠲᠠᠢ      2023 ᠤᠨ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43794 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2205 ᠲᠥᠭᠦᠷᠢᠭ ᠨᠡᠮᠡᠭᠳᠡᠨ᠂ 5.3% ᠨᠡᠮᠡᠭᠳᠡᠵᠡᠢ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 55917 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2612 ᠲᠥᠭᠦᠷᠢᠭ ᠨᠡᠮᠡᠭᠳᠡᠨ᠂ 4.9% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27419 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1818 ᠲᠥᠭᠦᠷᠢᠭ ᠨᠡᠮᠡᠭᠳᠡᠨ᠂ 7.1% ᠨᠡᠮᠡᠭᠳᠡᠪᠡ᠃       ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 28971ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5664 ᠲᠥᠭᠦᠷᠢᠭ ᠨᠡᠮᠡᠭᠳᠡᠨ᠂ 24.3% ᠨᠡᠮᠡᠭᠳᠡᠵᠡᠢ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 32026 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5624 ᠲᠥᠭᠦᠷᠢᠭ ᠨᠡᠮᠡᠭᠳᠡᠨ᠂ 21.3% ᠨᠡᠮᠡᠭᠳᠡᠵᠡᠢ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 24065 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4844 ᠲᠥᠭᠦᠷᠢᠭ ᠨᠡᠮᠡᠭᠳᠡᠨ᠂ 25.2% ᠨᠡᠮᠡᠭᠳᠡᠪᠡ᠃      ᠶᠡᠷᠦᠩᠬᠡᠢ ᠳᠤᠨᠢ ᠠᠪᠴᠤ ᠦᠵᠡᠪᠡᠯ᠂ ᠪᠦᠬᠦ ᠬᠤᠰᠢᠭᠤᠨ ᠤ ᠠᠵᠤ ᠠᠬᠤᠢ ᠶᠢᠨ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠲᠡᠭᠦᠯᠳᠡᠷ᠂ ᠰᠡᠷᠭᠦᠨ ᠰᠠᠶᠢᠵᠢᠷᠠᠬᠤ ᠪᠠᠶᠢᠳᠠᠯ ᠲᠠᠰᠤᠷᠠᠯᠲᠠ ᠦᠭᠡᠢ ᠪᠠᠬᠢᠵᠢᠵᠡᠢ᠂ ᠭᠡᠪᠡᠴᠦ ᠬᠡᠰᠡᠭ ᠠᠵᠤ ᠦᠢᠯᠡᠰ ᠤᠨ ᠬᠢᠨ ᠮᠥᠨ ᠯᠡ ᠬᠤᠶᠢᠷᠭᠤᠰᠢᠵᠦ ᠪᠤᠢ᠂ ᠳᠠᠷᠠᠭᠠᠴᠢ ᠶᠢᠨ ᠠᠯᠬᠤᠮ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠤ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠦᠷᠭᠦᠯᠵᠢᠯᠡᠨ ᠨᠡᠭᠡᠭᠡᠵᠦ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠣᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠶ᠎ᠡ︕
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ