ᠱᠦᠵᠢ᠄ ᠸᠠᠩ ᠵᠢᠶᠠᠨ
ᠨᠡᠶᠢᠲᠡᠯᠡᠭᠰᠡᠨ ᠴᠠᠭ᠄
2024/2/4
王健.png     
           ᠲᠤᠰᠢᠶᠠᠯ᠄       ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠱᠦᠵᠢ      ᠠᠵᠢᠯ ᠤᠨ ᠬᠤᠪᠢᠶᠠᠷᠢᠯᠠᠯ᠄       ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃      ᠲᠤᠪᠴᠢ ᠨᠠᠮᠲᠠᠷ᠄      ᠸᠠᠩ ᠵᠢᠶᠠᠨ᠂ ᠡᠷᠡᠭᠲᠡᠶ᠂ ᠬᠢᠲᠠᠳ ᠦᠨᠳᠦᠰᠦᠲᠡᠨ᠂ 1972 ᠣᠨ ᠤ 11 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1998 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1992 ᠣᠨ ᠤ 7 ᠰᠠᠷ᠎ᠠ ᠳᠤ ᠡᠬᠢᠯᠡᠨ ᠠᠵᠢᠯᠯᠠᠵᠠᠢ᠃ ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠤ ᠪᠤᠢ᠃      1992.07 — 1996.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠪᠠᠭᠰᠢ ᠶᠢᠨ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠶᠢᠨ ᠪᠠᠭᠰᠢ︔      1996.08 — 2001.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠲᠥᠯᠥᠪᠯᠡᠭᠡᠲᠦ ᠬᠦᠩᠭᠡᠵᠢᠯ ᠤᠨ ᠲᠤᠪᠴᠢᠶᠠᠨ ᠳᠤ ᠠᠵᠢᠯᠯᠠᠵᠤ᠂ 1998.07 ᠠᠴᠠ ᠠᠵᠢᠯᠳᠠᠨ ᠤ ᠶᠠᠪᠤᠳᠠᠯ ᠤᠨ ᠨᠠᠷᠢᠨ ᠪᠢᠴᠢᠭ ᠤᠨ ᠰᠠᠯᠠᠭᠠᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ᠂ 2000.06 ᠠᠴᠠ ᠰᠠᠯᠠᠭᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ ︔      2001.03 — 2005.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠲᠦᠯᠦᠪᠯᠡᠭᠡ ᠶᠢᠨ ᠵᠥᠪᠯᠡᠯ ᠤᠨ ᠭᠠᠳᠠᠭᠠᠳᠤ ᠳᠠᠬᠢ ᠪᠡᠯᠡ ᠮᠥᠩᠭᠦ ᠶᠢᠨ ᠠᠰᠢᠭᠯᠠᠯᠲᠠ ᠶᠢᠨ ᠰᠠᠯᠠᠭᠠᠨ ᠤ ᠳᠠᠷᠤᠭ᠎ᠠ ︔      2005.02 — 2009.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠦᠯᠢᠶᠡᠨ ᠵᠤᠴᠢᠯᠠᠬᠤ ᠠᠯᠪᠠᠨ ᠭᠡᠷ ᠤᠨ ᠳᠡᠳ᠋ ᠡᠷᠬᠢᠯᠡᠭᠴᠢ ︵ᠡᠨᠡ ᠬᠤᠭᠤᠴᠠᠭᠠᠨ ᠳᠤ᠄ 2006.09 — 2009.09 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠤᠯᠤᠰ ᠠᠷᠠᠳ ᠤᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶ ︔      2009.12 — 2012.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ︵ᠡᠨᠡ ᠬᠤᠭᠤᠴᠠᠭᠠᠨ ᠳᠤ᠄ 2010 ᠣᠨ ᠤ 9 ᠰᠠᠷ᠎ᠠ ᠳᠤ ᠤᠷᠳᠤᠰ ᠬᠤᠳᠠ ᠶᠢᠨ ᠠ ᠺᠠᠩ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︔ 2012.03 ᠣᠨ ᠳᠤ ᠠᠭᠠᠷ ᠠᠶᠠᠯᠠᠯ ᠤᠨ ᠭᠠᠷᠠᠮ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ︵ᠵᠢᠩᠬᠢᠨᠢ ᠭᠠᠵᠠᠷ ᠤᠨ ᠳᠡᠰ︶  ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ ︔      2012.10 — 2016.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠠᠭᠠᠷ ᠠᠶᠠᠯᠠᠯ ᠤᠨ ᠭᠠᠷᠠᠮ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ︔      2016.04 — 2016.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ︔      2016.07 — 2018.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ︔       2018.02 — 2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠤᠰᠤᠨ ᠤ ᠶᠠᠪᠤᠳᠠᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔      2019.01 — 2021.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠤᠰᠤᠨ ᠠᠰᠢᠭᠯᠠᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔      2021.01 — 2021.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ 2021.02 ᠬᠤᠳᠠ ᠶᠢᠨ ᠰᠤᠷᠭᠠᠨ ᠬᠥᠮᠦᠵᠢᠯ ᠪᠡᠶ᠎ᠡ ᠲᠠᠮᠢᠷ ᠤᠨ ᠰᠢᠰᠲ᠋ᠧᠮ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︔      2021.06 — ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ᠱᠦᠵᠢ᠃
ᠢᠷᠡᠯᠲᠡ᠄ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ